ᠮᠠᠨ ᠤ ᠲᠠᠪᠴᠠᠩ 10 ᠰᠠᠷ᠎ᠠ ᠶᠢᠨ 28 ᠤ ᠡᠳᠤᠷ ᠤᠨ ᠨᠡᠶᠢᠳᠡᠯᠡᠯ ᠢᠶᠠᠷ ︽ᠡᠵᠡᠨ᠎ᠠ ᠶᠢ ᠵᠤᠷᠢᠭᠰᠠᠨ | ᠲᠠᠪᠤᠨ ︿ᠪᠠᠶᠢᠯᠳᠤᠭᠴᠢ﹀︾ ᠭᠡᠬᠦ ᠮᠡᠳᠡᠭᠡ ᠨᠠᠶᠢᠳᠠᠯᠡᠭᠰᠡᠨ ᠢ ᠲᠠᠪᠴᠠᠩ ᠢ ᠮᠠᠨᠢ ᠠᠩᠬᠠᠷᠤᠨ ᠦᠵᠡᠵᠦ ᠪᠠᠶᠢᠭ᠎ᠠ | ᠰᠦᠯᠵᠢᠶᠠᠴᠢᠳ ᠮᠠᠨᠢ ᠶᠠᠭᠤᠨ ᠠᠨᠳᠠᠬᠤ ᠠᠵᠢ᠃ ᠬᠢᠵᠢᠭ ᠲᠠᠢ ᠲᠡᠮᠡᠴᠡᠬᠦ ᠬᠠᠳᠠᠭᠤ ᠤᠷᠴᠢᠨ ᠳᠤ ᠴᠠᠭ ᠮᠦᠴᠡ | ᠦᠩᠭᠡᠷᠡᠬᠦ ᠭᠡᠭᠴᠢ ᠶᠠᠮᠠᠷᠬᠠᠨ ᠬᠡᠴᠡᠬᠦᠤ ᠪᠠᠶᠢᠳᠠᠭ ᠢ ᠪᠠᠶ᠎ᠠ ᠪᠠᠷ ᠢᠶᠠᠨ ᠦᠩᠭᠡᠷᠡᠬᠦᠯᠦᠭᠰᠡᠳ ᠯᠠ ᠤᠶᠢᠯᠠᠭᠠᠨ᠎ᠠ᠂ | ᠭᠡᠳᠠᠯ᠎ᠠ ᠠᠮᠤᠷ ᠲᠠᠶᠢᠪᠤᠩ ᠤᠷᠴᠢᠨ ᠳᠤ ᠠᠵᠢᠯᠯᠠᠵᠤ ᠠᠮᠢᠳᠤᠷᠠᠭ᠎ᠠ ᠮᠠᠨᠤᠰ ᠲᠤ ᠠᠪᠴᠤ ᠭᠡᠯᠡᠪᠠᠯ ᠡᠳᠤᠷ ᠬᠤᠨᠤᠭ | ᠦᠩᠭᠡᠷᠡᠬᠦ ᠭᠡᠭᠴᠢ ᠦᠳᠦᠳᠤ ᠰᠤᠮᠤ ᠬᠠᠷᠪᠤᠭᠰᠠᠨ ᠮᠠᠳᠤ᠃ ᠨᠢᠭᠡ ᠮᠡᠳᠡᠬᠦ ᠳᠤ ᠯᠠ ᠰᠠᠷ᠎ᠠ ᠭᠠᠷᠤᠢ ᠶᠢᠨ | ᠬᠤᠭᠤᠴᠠᠭ᠎ᠠ ᠦᠩᠭᠡᠷᠡᠨ᠂ ᠲᠠᠪᠤᠨ ︽ᠪᠠᠶᠢᠯᠳᠤᠭᠴᠢ︾ ᠮᠠᠨᠢ ᠨᠢᠭᠡᠨᠳᠠ ᠢᠯᠠᠯᠳᠠ ᠲᠡᠬᠦᠯᠳᠠᠷ ᠪᠤᠴᠠᠵᠤ ᠢᠷᠡᠭᠰᠡᠨ | ᠬᠠᠯᠠᠭᠤᠨ ᠴᠢᠮᠡᠭᠡ ᠲᠤᠭᠤᠯᠳᠠᠯ᠎ᠠ᠃ | | | | 12 ᠰᠠᠷ᠎ᠠ ᠶᠢᠨ 6 ᠤ ᠡᠳᠦᠷ᠂ ᠮᠠᠨ ᠤ ᠬᠤᠰᠢᠭᠤ ᠡᠵᠡᠨ᠎ᠡ ᠬᠤᠰᠢᠭᠤᠨ ᠤ ᠬᠢᠵᠢᠭ ᠲᠠᠢ ᠲᠡᠮᠡᠴᠡᠬᠦ | ᠠᠵᠢᠯ ᠳᠤ ᠲᠤᠰᠠᠯᠠᠬᠤ ᠪᠠᠷ ᠤᠴᠢᠭᠰᠠᠨ ᠠᠵᠢᠯᠯᠠᠬᠤ ᠠᠩᠭᠢ ᠶᠢᠨ ᠭᠡᠰᠢᠭᠦᠳ ᠤᠨ ᠪᠤᠴᠠᠵᠤ ᠢᠷᠡᠭᠰᠡᠨ ᠢ ᠤᠭᠲᠤᠬᠤ | ᠶᠣᠰᠣᠯᠠᠯ ᠶᠠᠪᠤᠭᠤᠯᠵᠤ᠂ ᠪᠦᠬᠡᠪᠠᠲᠤ ᠂ ᠵᠢᠶᠧ ᠭᠤᠸᠠᠩ ᠡᠤ᠂ ᠴᠧᠨ ᠵᠢᠦ ᠾᠦᠢ᠂ ᠯᠢ ᠴᠦᠨ ᠪᠥᠸᠧ᠂ ᠰᠦᠩ | ᡁᠢ ᠰᠢᠨ ᠵᠡᠷᠭᠡ 5 ᠠᠵᠢᠯᠯᠠᠬᠤ ᠠᠩᠭᠢ ᠶᠢᠨ ᠭᠡᠰᠢᠭᠦᠳ ᠵᠢᠴᠢ ᠬᠤᠰᠢᠭᠤᠨ ᠳᠡᠳ᠋ ᠳᠠᠷᠤᠭ᠎ᠠ ᠯᠢᠦ ᡁᠢ ᠾᠦᠢ | ᠶᠣᠰᠣᠯᠠᠯ ᠳᠤ ᠣᠷᠣᠯᠴᠠᠪᠠ᠃ | | | | ᠶᠣᠰᠣᠯᠠᠯ ᠳᠤ᠂ ᠡᠵᠡᠨ᠎ᠡ ᠬᠤᠰᠢᠭᠤ ᠶᠢ ᠲᠤᠰᠠᠯᠠᠬᠤ ᠠᠵᠢᠯᠯᠠᠬᠤ ᠠᠩᠭᠢ ᠶᠢᠨ ᠠᠵᠢᠯᠲᠠᠨ ᠳᠤ ᠰᠤᠷᠭᠤᠭ | ᠴᠡᠴᠡᠭ ᠬᠦᠷᠭᠡᠬᠦ ᠶᠢᠨ ᠬᠠᠮᠲᠤ ᠲᠤᠬᠤᠨᠢᠭᠤᠯᠭ᠎ᠠ ᠶᠢᠨ ᠮᠥᠩᠭᠦ ᠬᠦᠷᠭᠡᠵᠦ᠂ ᠡᠵᠡᠨ᠎ᠡ ᠬᠤᠰᠢᠭᠤ ᠶᠢ ᠲᠤᠰᠠᠯᠠᠬᠤ | ᠠᠵᠢᠯᠯᠠᠬᠤ ᠠᠩᠭᠢ ᠶᠢᠨ 5 ᠠᠵᠢᠯᠲᠠᠨ ᠠᠴᠠ ᠡᠵᠡᠨ᠎ᠡ ᠬᠤᠰᠢᠭᠤᠨ ᠳᠠᠬᠢ ᠠᠵᠢᠯ ᠤᠨ ᠪᠠᠶᠢᠳᠠᠯ ᠪᠠ ᠲᠥᠷᠥᠭᠳᠡᠯ ᠢᠶᠠᠨ | ᠬᠤᠪᠢᠶᠠᠯᠴᠠᠪᠠ᠃ | ᠯᠢᠦ ᡁᠢ ᠾᠦᠢ ᠬᠤᠰᠢᠭᠤᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠢ ᠲᠥᠯᠥᠭᠡᠯᠡᠨ᠂ ᠡᠵᠡᠨ᠎ᠡ ᠬᠤᠰᠢᠭᠤ ᠶᠢ ᠲᠤᠰᠠᠯᠠᠬᠤ | ᠠᠵᠢᠯᠯᠠᠬᠤ ᠠᠩᠭᠢ ᠶᠢᠨ ᠠᠵᠢᠯᠲᠠᠨ ᠵᠢᠴᠢ ᠲᠡᠳᠡᠨ ᠤ ᠭᠡᠷ ᠤᠨ ᠬᠥᠮᠦᠰ ᠲᠤ ᠬᠠᠮᠤᠭ ᠤᠨ ᠡᠷᠬᠢᠮ ᠳᠡᠭᠡᠳᠦ | ᠬᠦᠨᠳᠦᠳᠬᠡᠯ ᠪᠠ ᠬᠠᠮᠤᠭ ᠤᠨ ᠴᠢᠩ ᠰᠡᠳᠬᠢᠯ ᠤᠨ ᠮᠡᠨᠳᠦᠴᠢᠯᠡᠯ ᠲᠡᠪᠰᠢᠭᠦᠯᠵᠦ ᠪᠠᠶᠢᠬᠤ ᠪᠠᠨ ᠢᠯᠡᠳᠬᠡᠪᠡ᠃ | | | | ᠲᠡᠷᠡ ᠵᠢᠭᠠᠬᠤ ᠳᠠᠭᠠᠨ᠂ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠬᠠᠮᠤᠭ ᠤᠨ ᠬᠦᠨᠳᠦ ᠬᠡᠴᠡᠭᠦᠦ | ᠪᠠᠶᠢᠭᠰᠠᠨ ᠦᠶ᠎ᠡ ᠳᠤ᠂ ᠲᠤᠰ 5 ᠨᠥᠬᠦᠷ ᠰᠠᠨᠠᠭᠠᠴᠢᠯᠠᠭ᠎ᠠ ᠠᠴᠠ ᠪᠠᠨ ᠡᠷᠭᠦᠳᠡᠯ ᠭᠠᠷᠭᠠᠵᠤ᠂ ᠠᠶᠤᠯ | ᠲᠦᠭᠰᠢᠭᠦᠷᠢ ᠶᠢᠨ ᠡᠮᠦᠨ᠎ᠡ ᠵᠠᠷᠯᠢᠭ ᠬᠦᠯᠢᠶᠡᠵᠦ᠂ ᠡᠵᠡᠨ᠎ᠡ ᠬᠤᠰᠢᠭᠤᠨ ᠳᠤ ᠬᠦᠷᠴᠦ ᠬᠢᠵᠢᠭ ᠲᠠᠢ ᠲᠡᠮᠡᠴᠡᠬᠦ ᠡᠮᠦᠨ᠎ᠡ | ᠹᠷᠣᠨᠲ ᠲᠤ ᠠᠵᠢᠯᠯᠠᠨ᠂ ᠨᠠᠷᠢᠨ ᠨᠢᠭᠲᠠ ᠲᠤᠰᠬᠠᠢ ᠮᠡᠷᠭᠡᠵᠢᠯ ᠢᠶᠠᠷ ᠸᠢᠷᠦ᠋ᠰ ᠲᠠᠢ ᠳᠠᠶᠢᠯᠠᠯᠳᠤᠭᠠᠨ ᠬᠢᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠴᠢᠳᠠᠯ ᠢᠶᠠᠨ | ᠡᠷᠭᠦᠪᠡ᠂ ᠲᠡᠳᠡᠨ ᠤ ᠢᠲᠡᠭᠡᠯ ᠵᠣᠷᠢᠭ ᠢᠶᠠᠨ ᠤᠯᠠᠮ ᠴᠢᠨᠠᠭᠰᠢᠳᠠ ᠬᠥᠪᠴᠢᠯᠡᠵᠦ᠂ ᠨᠡᠩ ᠣᠷᠭᠢᠯᠤᠮ᠎ᠠ ᠬᠠᠯᠠᠭᠤᠨ | ᠰᠡᠳᠬᠢᠯᠭᠡ ᠪᠠ ᠰᠠᠶᠢᠨ ᠰᠠᠶᠢᠬᠠᠨ ᠪᠠᠶᠢᠳᠠᠯ ᠢᠶᠠᠷ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠳᠤ ᠦᠷᠭᠦᠯᠵᠢᠯᠡᠨ ᠨᠡᠩ | ᠶᠡᠭᠡ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ ᠭᠡᠪᠠ᠃ ᠡᠯ᠎ᠡ ᠰᠠᠯᠠᠭ᠎ᠠ ᠮᠥᠴᠢᠷ ᠢᠯᠠᠩᠭᠤᠶ᠎ᠠ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠡᠵᠡᠨ᠎ᠡ ᠬᠤᠰᠢᠭᠤ ᠶᠢ ᠲᠤᠰᠠᠯᠠᠬᠤ ᠠᠵᠢᠯᠯᠠᠬᠤ ᠠᠩᠭᠢ ᠶᠢᠨ | ᠠᠵᠢᠯᠲᠠᠨ ᠢ ᠬᠠᠯᠠᠮᠵᠢᠯᠠᠨ ᠬᠠᠶᠢᠷᠠᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠢᠵᠢᠭ ᠲᠠᠢ ᠲᠡᠮᠡᠴᠡᠭᠰᠡᠨ ᠪᠠᠭᠠᠲᠤᠷᠴᠤᠳ ᠤᠨ ᠲᠡᠷᠢᠭᠦᠨ ᠤ ᠦᠢᠯᠡ ᠠᠵᠢᠯᠯᠠᠭ᠎ᠠ ᠪᠣᠯᠤᠨ | ᠡᠷᠡᠯᠬᠡᠭ ᠪᠠᠭᠠᠲᠤᠷᠯᠢᠭ ᠦᠢᠯᠡ ᠠᠵᠢᠯᠯᠠᠭ᠎ᠠ ᠶᠢ ᠭᠦᠨᠵᠡᠭᠡᠶ ᠠᠭᠤᠳᠠᠯᠤᠨ᠂ ᠤᠬᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠩ ᠥᠨᠳᠥᠷ | ᠪᠦᠲᠦᠮᠵᠢᠲᠡᠶ ᠪᠠᠷ ᠰᠠᠶᠢᠲᠤᠷ ᠬᠢᠬᠦ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ ︵ᠭᠤᠤ ᠶᠤᠸᠠᠨ | ᠶᠤᠸᠠᠨ︶ | |