ᠴᠠᠩᠫᠢᠩ ᠲᠣᠭᠤᠷᠢᠭ ᠤᠨ ᠵᠠᠰᠠᠭ ᠤᠨ ᠣᠷᠳᠣᠨ᠂ ᠴᠠᠩᠫᠢᠩ ᠲᠣᠭᠤᠷᠢᠭ ᠤᠨ ᠨᠢᠭᠦᠯᠡᠰᠦᠩᠭᠦᠶ ᠶᠢᠨ ᠨᠡᠶᠢᠭᠡᠮᠯᠢᠭ ᠮᠠᠨ ᠤ ᠬᠤᠰᠢᠭᠤᠨ ᠳᠤ ᠬᠠᠪᠰᠤᠷᠤᠨ ᠲᠡᠳᠬᠦᠬᠦ ᠠᠵᠢᠯᠯᠠᠭ᠎ᠠ ᠶᠠᠪᠤᠭᠤᠯᠪᠠ
ᠨᠡᠶᠢᠲᠡᠯᠡᠭᠰᠡᠨ ᠴᠠᠭ᠄
2021/12/8
       12 ᠰᠠᠷ᠎ᠠ ᠶᠢᠨ 6 ᠤ ᠡᠳᠦᠷ᠂ ᠮᠠᠨ ᠤ ᠬᠤᠰᠢᠭᠤ ᠴᠢᠪᠠᠭ᠎ᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ  ᠳᠤ ᠪᠡᠭᠡᠵᠢᠩ ᠬᠤᠲᠠ ᠶᠢᠨ ᠴᠠᠩᠫᠢᠩ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠴᠠᠩᠫᠢᠩ ᠲᠣᠭᠤᠷᠢᠭ  ᠤᠨ ᠨᠢᠭᠦᠯᠡᠰᠦᠩᠭᠦᠶ ᠶᠢᠨ ᠨᠡᠶᠢᠭᠡᠮᠯᠢᠭ ᠤᠨ ᠬᠠᠪᠰᠤᠷᠤᠨ ᠲᠡᠳᠬᠦᠵᠦ ᠲᠤᠰᠠᠯᠠᠨ ᠳᠡᠮᠵᠢᠬᠦ ᠶᠣᠰᠣᠯᠠᠯ ᠶᠠᠪᠤᠭᠤᠯᠪᠠ᠃ ᠬᠤᠰᠢᠭᠤᠨ ᠤᠳᠤᠷᠢᠳᠤᠯᠭ᠎ᠠ ᠰᠦᠨ ᠵᠢᠶᠠᠨ ᠾᠧ᠂ ᠯᠢᠦ ᡁᠢ  ᠾᠦᠢ᠂ ᠬᠤᠰᠢᠭᠤᠨ  ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠤᠰᠠᠯᠠᠮᠵᠢ ᠬᠦᠷᠳᠡᠭᠰᠡᠨ ᠰᠤᠷᠤᠬᠴᠢ᠂ ᠤᠯᠠᠨ ᠲᠦᠮᠡᠨ ᠤ ᠲᠥᠯᠥᠭᠡᠯᠡᠭᠴᠢ ᠶᠣᠰᠣᠯᠠᠯ ᠳᠤ ᠣᠷᠣᠯᠴᠠᠵᠠᠢ᠃
       ᠶᠣᠰᠣᠯᠠᠯ ᠳᠤ᠂ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠴᠠᠩᠫᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠴᠠᠩᠫᠢᠩ ᠲᠣᠭᠤᠷᠢᠭ ᠤᠨ ᠨᠢᠭᠦᠯᠡᠰᠦᠩᠭᠦᠶ ᠶᠢᠨ ᠨᠡᠶᠢᠭᠡᠮᠯᠢᠭ ᠤᠨ ᠬᠠᠪᠰᠤᠷᠤᠨ ᠲᠡᠳᠬᠦᠬᠦ ᠲᠥᠷᠥᠯ ᠵᠦᠶᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠪᠠ᠃ ᠬᠤᠰᠢᠭᠤᠨ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠪᠠ ᠲᠤᠰᠠᠯᠠᠮᠵᠢ ᠬᠦᠷᠲᠡᠭᠰᠡᠨ ᠰᠤᠷᠤᠭᠴᠢ᠂ ᠣᠯᠠᠨ ᠲᠦᠮᠡᠨ ᠤ ᠲᠥᠯᠥᠭᠡᠯᠡᠭᠴᠢ ᠲᠠᠯᠠᠷᠬᠠᠯ ᠢᠶᠠᠨ ᠳᠡᠪᠰᠢᠭᠦᠯᠪᠡ᠃
       ᠯᠢᠦ ᡁᠢ ᠾᠦᠢ ᠬᠤᠰᠢᠭᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠴᠠᠩᠫᠢᠩ ᠲᠣᠭᠤᠷᠢᠭ  ᠤᠨ ᠠᠷᠠᠳ ᠤᠨ ᠵᠠᠰᠠᠭ ᠤᠨ ᠣᠷᠳᠣᠨ ᠪᠣᠯᠤᠨ ᠨᠢᠭᠦᠯᠡᠰᠦᠩᠭᠦᠶ ᠶᠢᠨ ᠨᠡᠶᠢᠭᠡᠮᠯᠢᠭ ᠤᠨ  ᠬᠠᠯᠠᠭᠤᠨ ᠰᠡᠳᠬᠢᠯ ᠪᠣᠯᠤᠨ ᠭᠦᠨ ᠵᠤᠵᠠᠭᠠᠨ ᠨᠥᠬᠦᠷᠯᠡᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ  ᠃ ᠯᠢᠦ ᡁᠢ ᠾᠦᠢ᠂ ᠬᠡᠳᠦᠨ ᠵᠢᠯ ᠤᠨ ᠲᠤᠷᠰᠢ ᠴᠠᠩᠫᠢᠩ ᠲᠣᠭᠤᠷᠢᠭ ᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠠᠷᠤ ᠬᠤᠷᠴᠢᠨ ᠬᠤᠰᠢᠭᠤ ᠶᠢ ᠦᠨᠡᠨ ᠰᠡᠳᠬᠢᠯ ᠠᠴᠠ ᠪᠠᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠵᠦ᠂ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠵᠡᠷᠭᠡ ᠲᠠᠯ᠎ᠠ ᠪᠠᠷ ᠯᠤᠲᠤ ᠶᠡᠭᠡ ᠬᠠᠪᠰᠤᠷᠤᠯᠭ᠎ᠠ ᠪᠠ ᠳᠡᠮᠵᠢᠯᠭᠡ ᠦᠵᠡᠭᠦᠯᠵᠡᠢ᠂ ᠢᠯᠠᠩᠭᠤᠶ᠎ᠠ ᠠᠷᠤ ᠬᠤᠷᠴᠢᠨ ᠬᠤᠰᠢᠭᠤᠨ ᠳᠤ ᠲᠦᠷ ᠴᠠᠭ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷᠴᠤᠳ ᠠᠷᠤ ᠬᠤᠷᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠦᠢᠯᠡᠰ ᠤᠨ ᠲᠦᠷᠭᠡᠨ ᠬᠥᠭᠵᠢᠯᠲᠡ ᠳᠤ ᠲᠤᠪᠤᠶᠢᠮ᠎ᠠ ᠬᠤᠪᠢ ᠨᠡᠮᠡᠷᠢ ᠦᠵᠡᠭᠦᠯᠪᠡ᠂ ᠮᠦᠨᠴᠦ ᠴᠠᠩᠫᠢᠩ ᠲᠤᠭᠤᠷᠢᠭ ᠨᠢ ᠠᠷᠤ ᠬᠤᠷᠴᠢᠨ ᠬᠤᠰᠢᠭᠤᠨ ᠤ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠬᠦ ᠶᠢ ᠬᠦᠰᠡᠵᠦ ᠪᠠᠶᠢᠨ᠎ᠠ᠂ ᠠᠷᠤ ᠬᠤᠷᠴᠢᠨ ᠬᠤᠰᠢᠭᠤ ᠴᠠᠩᠫᠢᠩ ᠠᠷᠤ ᠬᠤᠷᠴᠢᠨ ᠬᠤᠶᠠᠷ ᠭᠠᠵᠠᠷ ᠤᠨ ᠠᠷᠠᠳ ᠤᠯᠠᠨ ᠤ ᠬᠦᠰᠡᠯ ᠨᠠᠶᠢᠳᠠᠯᠭ᠎ᠠ  ᠶᠢ ᠬᠥᠰᠡᠷᠳᠡᠭᠦᠯᠬᠦ ᠦᠭᠡᠢ ᠪᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠳᠠ ᠦᠭᠡᠢ ᠠᠬᠢᠭᠤᠯᠬᠤ ᠪᠣᠯᠤᠨ᠎ᠠ ᠭᠡᠵᠦ ᠢᠯᠡᠳᠬᠡᠪᠡ᠃
       ᠰᠦᠨ ᠵᠢᠶᠠᠨ ᠾᠧ ᠵᠢᠭᠠᠬᠤ ᠳᠠᠭᠠᠨ᠂ ᠴᠠᠩᠫᠢᠩ ᠪᠣᠯᠤᠨ ᠠᠷᠤ ᠬᠤᠷᠴᠢᠨ ᠬᠤᠰᠢᠭᠤ 2017 ᠣᠨ ᠳᠤ ᠬᠠᠪᠰᠤᠷᠤᠨ ᠲᠡᠳᠬᠦᠬᠦ ᠬᠠᠷᠢᠴᠠᠭ᠎ᠠ ᠪᠠᠶᠢᠭᠤᠯᠤᠭᠰᠠᠨ ᠠᠴᠠ ᠨᠠᠭᠠᠰᠢ᠂ ᠬᠤᠶᠠᠷ ᠭᠠᠵᠠᠷ ᠤᠨ ᠬᠠᠷᠢᠯᠴᠠᠭ᠎ᠠ ᠶᠠᠪᠤᠯᠴᠠᠭ᠎ᠠ ᠣᠯᠠᠰᠢᠷᠠᠵᠤ᠂ ᠬᠠᠪᠰᠤᠷᠤᠨ ᠲᠡᠳᠬᠦᠬᠦ ᠬᠦᠷᠢᠶ᠎ᠡ ᠲᠠᠰᠤᠷᠠᠯᠲᠠ ᠥᠬᠡᠶ ᠥᠷᠭᠡᠵᠢᠵᠦ᠂ ᠴᠠᠩᠫᠢᠩ ᠲᠣᠭᠤᠷᠢᠭ ᠤᠨ ᠵᠠᠰᠠᠭ ᠤᠨ ᠣᠷᠳᠣᠨ ᠵᠢᠴᠢ ᠴᠠᠩᠫᠢᠩ ᠲᠣᠭᠤᠷᠢᠭ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠥᠮᠦᠰ ᠣᠯᠠᠨ ᠤᠳᠠᠭ᠎ᠠ ᠲᠤᠰᠠᠯᠠᠮᠵᠢ ᠶᠢᠨ ᠭᠠᠷ ᠢᠶᠠᠨ ᠰᠤᠩᠭᠠᠵᠤ᠂ ᠶᠠᠳᠠᠭᠤ ᠬᠦᠴᠢᠷᠳᠡᠯᠲᠡᠶ ᠰᠤᠷᠤᠭᠴᠢᠳ ᠢ ᠬᠠᠯᠠᠮᠵᠢᠯᠠᠨ ᠬᠠᠶᠢᠷᠠᠯᠠᠵᠤ᠂ ᠠᠷᠤ ᠬᠤᠷᠴᠢᠨ ᠬᠤᠰᠢᠭᠤᠨ ᠤ ᠰᠤᠷᠭᠠᠨ ᠬᠥᠮᠦᠵᠢᠯ ᠤᠨ ᠦᠶᠯᠡᠰ ᠵᠢᠴᠢ ᠠᠷᠠᠳ ᠤᠨ ᠰᠡᠳᠬᠢᠯ ᠤᠨ ᠢᠨᠵᠧᠨᠧᠷᠢᠩ ᠢ ᠬᠦᠴᠦᠯᠡᠨ ᠳᠡᠮᠵᠢᠵᠦ᠂ ᠨᠠᠮ ᠪᠣᠯᠤᠨ ᠵᠠᠰᠠᠭ ᠤᠨ ᠣᠷᠳᠣᠨ ᠤ ᠬᠦᠴᠢᠷ ᠵᠣᠪᠠᠭᠤᠷᠢ  ᠶᠢ ᠬᠤᠪᠢᠶᠠᠯᠴᠠᠨ ᠠᠷᠠᠳ ᠣᠯᠠᠨ ᠤ ᠬᠦᠴᠢᠷᠳᠡᠯ ᠢ ᠰᠢᠶᠳᠪᠦᠷᠢᠯᠡᠵᠦ ᠥᠭᠴᠡᠶ᠃ ᠨᠠᠩ ᠣᠯᠠᠨ ᠬᠥᠮᠦᠰ ᠶᠠᠳᠠᠭᠤ ᠬᠦᠴᠢᠷᠳᠡᠯᠲᠡᠶ ᠬᠥᠮᠦᠰ ᠢ ᠬᠠᠪᠰᠤᠷᠤᠨ ᠲᠡᠳᠬᠦᠬᠦ᠂ ᠨᠡᠶᠢᠭᠡᠮ ᠤᠨ ᠪᠠᠭᠤᠷᠠᠶᠢᠴᠤᠤᠯ ᠢ ᠬᠠᠯᠠᠮᠵᠢᠯᠠᠬᠤ ᠡᠩᠨᠡᠭᠡᠨ ᠳᠤ ᠣᠷᠣᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠬᠠᠶᠢᠷ᠎ᠠ ᠬᠠᠯᠠᠮᠵᠢ ᠪᠠᠨ ᠡᠷᠭᠦᠵᠦ᠂ ᠠᠷᠤ ᠬᠤᠷᠴᠢᠨ ᠬᠤᠰᠢᠭᠤᠨ ᠤ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠡᠶ᠎ᠡ ᠵᠣᠬᠢᠴᠠᠯ ᠳᠤ ᠨᠠᠩ ᠣᠯᠠᠨ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃
       ᠲᠤᠰ ᠤᠳᠠᠭᠠᠨ ᠤ ᠠᠵᠢᠯᠯᠠᠭ᠎ᠠ ᠳᠤ ᠴᠠᠩᠫᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠴᠠᠩᠫᠢᠩ ᠲᠣᠭᠤᠷᠢᠭ ᠤᠨ ᠨᠢᠭᠦᠯᠡᠰᠦᠩᠭᠦᠶ ᠶᠢᠨ ᠨᠡᠶᠢᠭᠡᠮᠯᠢᠭ ᠠᠴᠠ ᠮᠠᠨ ᠤ ᠬᠤᠰᠢᠭᠤᠨ ᠤ ᠶᠠᠳᠠᠭᠤ ᠬᠦᠴᠢᠷᠳᠡᠯᠲᠡᠶ ᠬᠡᠷ ᠪᠦᠯᠢ ᠶᠢᠨ ᠰᠣᠷᠣᠭᠴᠢ᠂ ᠬᠦᠴᠢᠷᠳᠡᠯᠲᠡᠶ ᠣᠯᠠᠨ ᠲᠦᠮᠡᠨ ᠳᠤ 35 ᠲᠦᠮᠡᠨ ᠲᠥᠭᠦᠷᠢᠭ ᠬᠠᠨᠳᠢᠪᠯᠠᠵᠠᠶ᠃ ︵ᠬᠦᠰᠡᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号