ᠤᠷᠤᠭ ᠳᠠᠩᠰᠠᠯᠠᠭᠤᠯᠬᠤ
ᠨᠡᠶᠢᠲᠡᠯᠡᠭᠰᠡᠨ ᠴᠠᠭ᠄
2021/12/9
ᠬᠦᠯᠢᠶᠡᠨ ᠰᠢᠢᠳᠪᠦᠷᠢᠯᠡᠬᠦ ᠨᠥᠬᠦᠴᠡᠯ        ᠲᠤᠬᠠᠶ ᠶᠢᠨ ᠬᠥᠮᠦᠨ ᠬᠤᠶᠠᠷ ᠲᠠᠯ᠎ᠠ ᠪᠠᠷ ᠢᠶᠠᠨ ᠴᠥᠮ ᠳᠣᠲᠣᠷ᠎ᠠ ᠭᠠᠵᠠᠷ ᠤᠨ ᠰᠠᠭᠤᠭᠠᠯᠢ ᠠᠷᠠᠳ ᠪᠠᠶᠢᠵᠤ᠂ ᠨᠢᠭᠡ ᠲᠠᠯ᠎ᠠ ᠶᠢᠨ ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠪᠤᠶᠤ ᠴᠡᠷᠢᠭ ᠠᠩᠭᠢ ᠶᠢᠨ ᠰᠠᠭᠤᠭ᠎ᠠ ᠭᠠᠵᠠᠷ ᠨᠢ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠳᠤ ᠪᠠᠶᠢᠭ᠎ᠠ᠃ ᠬᠤᠶᠠᠷ ᠡᠲᠡᠭᠡᠳ ᠢᠶᠠᠷ ᠢᠶᠠᠨ ᠴᠥᠮ ᠬᠠᠤᠯᠢ ᠳᠤ ᠲᠣᠭᠲᠠᠭᠠᠭᠰᠠᠨ ᠤᠷᠤᠭᠯᠠᠬᠤ ᠨᠠᠰᠤᠨ ᠳᠤ ᠬᠦᠷᠦᠭᠰᠡᠨ ᠪᠥᠭᠡᠳ ᠰᠠᠶᠢᠨ ᠳᠤᠷ᠎ᠠ ᠠᠴᠠ ᠪᠠᠨ ᠤᠷᠤᠭᠯᠠᠬᠤ᠃ ᠬᠤᠶᠠᠷ ᠡᠲᠡᠭᠡᠳ ᠢᠶᠠᠷ ᠢᠶᠠᠨ ᠰᠢᠭᠤᠳ ᠴᠢᠰᠤᠨ ᠲᠥᠷᠥᠯ ᠪᠤᠶᠤ ᠭᠤᠷᠪᠠᠨ ᠦᠶ᠎ᠡ ᠶᠢᠨ ᠳᠣᠲᠣᠷᠠᠬᠢ ᠴᠢᠰᠤᠨ ᠲᠥᠷᠥᠯ ᠤᠨ ᠰᠠᠳᠤᠨ ᠲᠥᠷᠥᠯ ᠪᠢᠰᠢ ᠪᠠᠶᠢᠬᠤ ᠃ ᠤᠷᠤᠬ ᠤᠨ ᠶᠠᠪᠤᠳᠠᠯ ᠳᠤ ᠡᠷᠬᠡ ᠴᠢᠯᠥᠭᠡ ᠲᠠᠢ ᠪᠠᠶᠢᠬᠤ᠂ ᠨᠢᠭᠡ ᠡᠷ᠎ᠡ ᠨᠢᠭᠡ ᠡᠬᠡᠨᠡᠷ᠂ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠤᠷᠤᠬ ᠤᠨ ᠲᠦᠷᠢᠮ ᠳᠤ ᠨᠡᠶᠢᠴᠡᠭᠰᠡᠨ ᠪᠠᠶᠢᠬᠤ᠃ᠲᠣᠭᠲᠠᠭᠠᠭᠰᠠᠨ ᠦᠨᠳᠦᠰᠦᠯᠡᠯ       【 ᠵᠠᠰᠠᠭ ᠵᠠᠬᠢᠷᠭᠠᠨ ᠤ ᠬᠠᠤᠯᠢ ᠲᠣᠭᠲᠠᠭᠠᠯ 】 ︽ᠤᠷᠤᠭ ᠳᠠᠩᠰᠠᠯᠠᠭᠤᠯᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 387 ᠳ᠋ᠤᠭᠠᠷ ᠲᠣᠭᠠᠲᠤ︶ ᠶᠢᠨ ᠬᠤᠶᠠᠳᠤᠭᠠᠷ ᠵᠤᠷᠪᠤᠰ ᠤᠨ ᠨᠢᠭᠡᠳᠦᠭᠡᠷ ᠲᠤ᠂ ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠤᠷᠤᠭ ᠳᠠᠩᠰᠠᠯᠠᠭᠤᠯᠬᠤ ᠪᠠᠶᠢᠭᠤᠯᠭ᠎ᠠ ᠪᠣᠯ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠤᠶᠤ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ ᠪᠣᠯᠤᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠠᠷᠠᠳ ᠲᠤ ᠳᠦᠭᠦᠮ ᠦᠵᠡᠭᠦᠯᠬᠦ ᠵᠠᠷᠴᠢᠮ ᠶᠣᠰᠣᠭᠠᠷ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠤᠷᠤᠭ ᠳᠠᠩᠰᠠᠯᠠᠭᠤᠯᠬᠤ ᠪᠣᠳᠠᠲᠠᠶ ᠪᠠᠶᠢᠭᠤᠯᠭ᠎ᠠ ᠶᠢ ᠲᠣᠭᠲᠠᠭᠠᠵᠤ ᠪᠣᠯᠤᠨ᠎ᠠ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠨᠡᠶᠢᠭᠡᠮ ᠤᠨ ᠠᠰᠠᠷᠠᠮᠵᠢ ᠶᠢᠨ ᠲᠥᠪ ᠤᠨ ᠵᠡᠭᠦᠨ ᠲᠠᠯ᠎ᠠ ᠶᠢᠨ ᠬᠦᠷᠢᠶᠡᠨ ᠤ ᠭᠤᠷᠪᠠᠳᠤᠭᠠᠷ ᠳᠠᠪᠬᠤᠷᠯᠢᠭ ᠤᠨ 301 ᠳ᠋ᠦ᠋ᠭᠡᠷ ᠨᠣᠮᠧᠷ᠂ 302 ᠳ᠋ᠤᠭᠠᠷ ᠨᠣᠮᠧᠷ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠤ ᠲᠡᠷᠭᠡᠨ ᠤ ᠬᠠᠮᠢᠶᠠᠷᠤᠯᠲᠠ ᠶᠢᠨ ᠥᠷᠲᠡᠭᠡᠨ ᠳᠤ ᠪᠠᠭᠤᠵᠤ᠂ ᠡᠮᠦᠨᠡᠰᠢ 1.3 ᠺᠢᠯᠣᠮᠧᠲᠷ ᠣᠷᠴᠢᠮ ᠶᠠᠪᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff8080817849eb4801787d19388b2694®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号