ᠬᠦᠯᠢᠶᠡᠨ ᠰᠢᠢᠳᠪᠦᠷᠢᠯᠡᠬᠦ ᠨᠥᠬᠦᠴᠡᠯ | ᠡᠷᠡᠭᠲᠡᠶ ᠡᠮᠡᠭᠲᠡᠶ ᠬᠤᠶᠠᠷ ᠡᠲᠡᠭᠡᠳ ᠢᠶᠠᠷ ᠢᠶᠠᠨ ᠰᠡᠶᠢᠠ ᠳᠤᠷ᠎ᠠ ᠠᠴᠠ ᠪᠠᠨ ᠤᠷᠤᠬ ᠰᠠᠯᠬᠤ ᠳᠤ ᠬᠦᠷᠪᠡᠯ᠂ | ᠤᠷᠤᠬ ᠰᠠᠯᠬᠤ ᠭᠤᠶᠤᠴᠢᠯᠠᠯ ᠢᠶᠠᠨ ᠳᠡᠪᠰᠢᠭᠦᠯᠵᠦ᠂ ᠭᠤᠶᠤᠴᠢᠯᠠᠯ ᠢᠶᠠᠨ ᠳᠡᠪᠰᠢᠭᠦᠯᠦᠭᠰᠡᠨ ᠤ ᠲᠡᠷᠠᠭ᠎ᠠ ᠡᠳᠦᠷ ᠨᠢ | ᠲᠠᠶᠢᠪᠤᠰᠢᠷᠠᠯ ᠤᠨ ᠬᠤᠭᠤᠴᠠᠭᠠᠨ ᠳᠤ ᠣᠷᠣᠨ᠎ᠠ᠂ ᠲᠠᠶᠢᠪᠤᠰᠢᠷᠠᠯ ᠤᠨ ᠬᠤᠭᠤᠴᠠᠭ᠎ᠠ ᠨᠢ ᠨᠢᠭᠡ ᠰᠠᠷ᠎ᠠ ᠪᠣᠯᠤᠨ᠎ᠠ᠃ | ᠲᠠᠶᠢᠪᠤᠰᠢᠷᠠᠯ ᠤᠨ ᠬᠤᠭᠤᠴᠠᠭ᠎ᠠ ᠨᠢ ᠥᠩᠭᠡᠷᠡᠭᠰᠡᠨ ᠤ ᠳᠠᠷᠠᠭ᠎ᠠ᠂ ᠬᠤᠶᠠᠷ ᠡᠲᠡᠭᠡᠳ ᠢᠶᠠᠷ ᠢᠶᠠᠨ ᠮᠥᠨ ᠯᠡ ᠰᠠᠶᠢᠨ | ᠳᠤᠷ᠎ᠠ ᠠᠴᠠ ᠪᠠᠨ ᠤᠷᠤᠭ ᠰᠠᠯᠬᠤ ᠶᠢ ᠪᠠᠷᠢᠮᠲᠠᠯᠠᠪᠠᠯ᠂ ᠡᠷᠬᠡᠪᠰᠢ 30 ᠡᠳᠦᠷ ᠤᠨ ᠳᠣᠲᠣᠷ᠎ᠠ ᠤᠷᠤᠭ | ᠳᠠᠩᠰᠠᠯᠠᠭᠤᠯᠬᠤ ᠪᠠᠶᠢᠭᠤᠯᠭ᠎ᠠ ᠳᠤ ᠣᠴᠢᠵᠤ ᠤᠷᠤᠭ ᠰᠠᠯᠬᠤ ᠭᠠᠷ ᠭᠦᠢᠴᠡᠳᠬᠡᠯ ᠬᠢᠬᠦ ᠬᠡᠷᠡᠭᠲᠡᠶ᠃ ᠤᠷᠤᠭ | ᠳᠠᠩᠰᠠᠯᠠᠭᠤᠯᠬᠤ ᠪᠠᠶᠢᠭᠤᠯᠭ᠎ᠠ ᠨᠢ ᠬᠤᠶᠠᠷ ᠡᠲᠡᠭᠡᠳ ᠢᠶᠠᠷ ᠢᠶᠠᠨ ᠦᠨᠡᠬᠡᠷ ᠰᠡᠶᠢᠠ ᠳᠤᠷ᠎ᠠ ᠠᠴᠠ ᠪᠠᠨ ᠪᠠᠶᠢᠬᠤ ᠪᠥᠭᠡᠳ | ᠦᠷ᠎ᠡ ᠬᠡᠦᠬᠡᠳ ᠪᠠ ᠡᠳ᠋ ᠬᠦᠷᠦᠩᠭᠡ ᠶᠢᠨ ᠠᠰᠠᠭᠤᠳᠠᠯ ᠢᠶᠠᠨ ᠨᠢᠭᠡᠨᠲᠡ ᠵᠣᠬᠢᠰᠲᠠᠶ ᠰᠢᠢᠳᠪᠦᠷᠢᠯᠡᠭᠰᠡᠨ ᠢ ᠪᠠᠶᠢᠴᠠᠭᠠᠨ | ᠲᠤᠳᠦᠯᠡᠬᠰᠡᠠ ᠤ ᠲᠡᠷᠠᠭ᠎ᠠ ᠤᠷᠤᠬ ᠰᠠᠯᠤᠭᠰᠠᠨ ᠦᠨᠡᠮᠯᠡᠯ ᠣᠯᠭᠤᠨ᠎ᠠ᠃ | | ᠲᠣᠭᠲᠠᠭᠠᠭᠰᠠᠨ ᠦᠨᠳᠦᠰᠦᠯᠡᠯ | 【 ᠵᠠᠰᠠᠭ ᠵᠠᠬᠢᠷᠭᠠᠨ ᠤ ᠬᠠᠤᠯᠢ ᠲᠣᠭᠲᠠᠭᠠᠯ 】 ︽ᠤᠷᠤᠭ ᠳᠠᠩᠰᠠᠯᠠᠭᠤᠯᠬᠤ ᠳᠦᠷᠢᠮ︾ ︵ | ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 387 ᠳ᠋ᠤᠭᠠᠷ ᠲᠣᠭᠠᠲᠤ︶ ᠶᠢᠨ ᠬᠤᠶᠠᠳᠤᠭᠠᠷ ᠵᠤᠷᠪᠤᠰ ᠤᠨ | ᠨᠢᠭᠡᠳᠦᠭᠡᠷ ᠲᠤ᠂ ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠤᠷᠤᠭ ᠳᠠᠩᠰᠠᠯᠠᠭᠤᠯᠬᠤ ᠪᠠᠶᠢᠭᠤᠯᠭ᠎ᠠ ᠪᠣᠯ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠤᠶᠤ | ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ ᠪᠣᠯᠤᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠠᠷᠠᠳ ᠲᠤ ᠳᠦᠭᠦᠮ ᠦᠵᠡᠭᠦᠯᠬᠦ ᠵᠠᠷᠴᠢᠮ | ᠶᠣᠰᠣᠭᠠᠷ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠤᠷᠤᠭ ᠳᠠᠩᠰᠠᠯᠠᠭᠤᠯᠬᠤ ᠪᠣᠳᠠᠲᠠᠶ ᠪᠠᠶᠢᠭᠤᠯᠭ᠎ᠠ ᠶᠢ | ᠲᠣᠭᠲᠠᠭᠠᠵᠤ ᠪᠣᠯᠤᠨ᠎ᠠ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ | ᠨᠡᠶᠢᠭᠡᠮ ᠤᠨ ᠠᠰᠠᠷᠠᠮᠵᠢ ᠶᠢᠨ ᠲᠥᠪ ᠤᠨ ᠵᠡᠭᠦᠨ ᠲᠠᠯ᠎ᠠ ᠶᠢᠨ ᠬᠦᠷᠢᠶᠡᠨ ᠤ ᠭᠤᠷᠪᠠᠳᠤᠭᠠᠷ ᠳᠠᠪᠬᠤᠷᠯᠢᠭ ᠤᠨ 301 | ᠳ᠋ᠦ᠋ᠭᠡᠷ ᠨᠣᠮᠧᠷ᠂ 302 ᠳ᠋ᠤᠭᠠᠷ ᠨᠣᠮᠧᠷ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠤ | ᠲᠡᠷᠭᠡᠨ ᠤ ᠬᠠᠮᠢᠶᠠᠷᠤᠯᠲᠠ ᠶᠢᠨ ᠥᠷᠲᠡᠭᠡᠨ ᠳᠤ ᠪᠠᠭᠤᠵᠤ᠂ ᠡᠮᠦᠨᠡᠰᠢ 1.3 ᠺᠢᠯᠣᠮᠧᠲᠷ ᠣᠷᠴᠢᠮ ᠶᠠᠪᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=ff8080817849e84501788095398e4a93®ionCode=150421000000&highlight=personal&record=istrue |