ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠤᠷᠤᠭᠰᠢᠲᠠᠶ ᠡᠬᠢᠯᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠣᠢ
ᠨᠡᠶᠢᠲᠡᠯᠡᠭᠰᠡᠨ ᠴᠠᠭ᠄
2021/3/13
     ᠰᠣᠷᠪᠣᠯᠵᠢᠯᠠᠭᠴᠢ᠄ ᠲᠠ ᠪᠦᠬᠦᠨ ᠰᠠᠶᠢᠨ ᠪᠠᠶᠢᠵᠠᠭᠠᠨ᠎ᠠ ᠤᠤ᠂ ᠥᠨᠥᠳᠦᠷ ᠪᠢᠳᠡ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠬᠠᠨ ᠮᠢᠩ ᠵᠦ ᠶᠢ ᠤᠷᠢᠵᠤ᠂ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠤᠨ ᠲᠤᠬᠠᠶ ᠰᠤᠷᠪᠤᠯᠵᠢᠯᠠᠨ ᠶᠠᠷᠢᠯᠴᠠᠬᠤ ᠪᠤᠯᠤᠯ᠎ᠠ᠃ ᠲᠠ ᠰᠠᠶᠢᠨ ᠤᠤ︖      ᠬᠠᠨ ᠳᠡᠳ᠋ ᠲᠣᠪᠴᠢᠶᠠᠨ ᠳᠠᠷᠤᠭ᠎ᠠ᠄ ᠰᠣᠷᠪᠣᠯᠵᠢᠯᠠᠭᠴᠢ ᠰᠠᠶᠢᠨ ᠤᠤ︖      ᠰᠣᠷᠪᠣᠯᠵᠢᠯᠠᠭᠴᠢ᠄ ᠲᠠ ᠮᠠᠨ ᠤ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠤᠯᠭ᠎ᠠ ᠡᠬᠢᠯᠡᠭᠰᠡᠨ ᠪᠠᠶᠢᠳᠠᠯ ᠢ ᠶᠠᠷᠢᠭᠠᠳ ᠦᠷᠭᠦᠨ᠎ᠡ ᠤᠤ︖ ᠬᠠᠨ ᠳᠡᠳ᠋ ᠲᠣᠪᠴᠢᠶᠠᠨ ᠳᠠᠷᠤᠭ᠎ᠠ᠄ ᠣᠳᠣᠬᠠᠨ ᠳᠤ᠂ ᠪᠥᠬᠦ ᠬᠤᠰᠢᠭᠤᠨ ᠤ 54 ᠰᠤᠷᠭᠠᠭᠤᠯᠢ ᠪᠦᠬᠦᠨ ᠢᠶᠠᠷ ᠢᠶᠠᠨ ᠰᠤᠷᠭᠠᠭᠤᠯᠢ ᠡᠬᠢᠯᠡᠵᠦ᠂ 3 ᠲᠦᠮᠡ ᠭᠠᠷᠤᠶ ᠰᠣᠷᠣᠭᠴᠢ ᠰᠤᠷᠭᠠᠭᠤᠯᠢ ᠶᠢᠨ ᠬᠦᠷᠢᠶᠡᠨ ᠳᠡᠭᠡᠨ ᠪᠤᠴᠠᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠡᠮᠬᠢ ᠵᠠᠮᠪᠠᠷᠠᠭ᠎ᠠ ᠲᠠᠢ ᠶᠠᠪᠤᠭᠳᠠᠵᠤ ᠪᠠᠶᠢᠨ᠎ᠠ᠃     ᠰᠣᠷᠪᠣᠯᠵᠢᠯᠠᠭᠴᠢ᠄ ᠲᠡᠭᠡᠪᠡᠯ᠂ ᠰᠤᠷᠤᠭᠴᠢᠳ ᠤᠨ  ᠰᠣᠷᠣᠭᠴᠢ ᠡᠬᠢᠯᠡᠬᠦ ᠶᠢ ᠪᠠᠲᠤᠯᠠᠬᠤ ᠶᠢᠨ ᠲᠥᠯᠥᠭᠡ ᠶᠠᠮᠠᠷ ᠶᠠᠮᠠᠷ ᠠᠵᠢᠯ ᠬᠢᠭᠰᠡᠨ ᠪᠣᠶ︖      ᠨᠢᠭᠡ ᠳᠤ ᠬᠢᠵᠢᠭ ᠤᠨ ᠪᠠᠶᠢᠳᠠᠯ ᠢ ᠪᠠᠶᠢᠩᠭᠤ ᠶᠢᠨ ᠴᠢᠨᠠᠷᠲᠠᠶ ᠰᠡᠷᠭᠡᠶᠢᠯᠡᠨ ᠡᠵᠡᠮᠳᠡᠬᠦ ᠶᠡᠷᠦᠩᠬᠡᠶ ᠱᠠᠭᠠᠷᠳᠠᠯᠭ᠎ᠠ ᠶᠣᠰᠣᠭᠠᠷ᠂ ᠡᠯ᠎ᠡ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠰᠤᠷᠭᠠᠭᠤᠯᠢ ᠵᠢᠨ‌ᠡᠭᠦᠳᠡᠨ ᠤ ᠬᠠᠮᠢᠶᠠᠷᠤᠯᠲᠠ ᠶᠢ ᠴᠢᠩᠭᠠᠳᠬᠠᠪᠠ᠃ ᠰᠤᠷᠭᠠᠭᠤᠯᠢ ᠡᠬᠢᠯᠡᠭᠰᠡᠨ ᠲᠤᠬᠠᠶ ᠶᠢᠨ ᠡᠳᠦᠷ ᠲᠤ ᠰᠣᠷᠣᠭᠴᠢ ᠴᠤᠭᠯᠠᠬᠤ ᠣᠷᠭᠢᠯ ᠦᠶ᠎ᠡ ᠶᠢ ᠵᠥᠷᠢᠭᠦᠯᠦᠨ ᠰᠤᠷᠭᠠᠭᠤᠯᠢ ᠳᠠᠭᠠᠨ ᠪᠤᠴᠠᠬᠤ ᠲᠥᠰᠦᠯ ᠢ ᠲᠣᠭᠲᠠᠭᠠᠵᠤ᠂ ᠰᠤᠷᠭᠠᠭᠤᠯᠢ ᠳᠤ ᠣᠷᠣᠬᠤ ᠵᠠᠮ ᠱᠤᠭᠤᠮ ᠪᠠ ᠪᠡᠶ᠎ᠡ ᠶᠢᠨ ᠳᠤᠯᠠᠭᠠᠨ ᠢ ᠬᠡᠮᠵᠢᠬᠦ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠡᠯ᠎ᠡ ᠵᠦᠢᠯ ᠤᠨ ᠶᠠᠪᠤᠴᠠ ᠶᠢ ᠨᠠᠷᠢᠯᠢᠬᠵᠢᠭᠤᠯᠵᠤ᠂ ᠰᠣᠷᠣᠭᠴᠢ᠂ ᠬᠡᠷ ᠤᠨ ᠠᠬᠠᠮᠠᠳ ᠰᠤᠷᠭᠠᠭᠤᠯᠢ ᠶᠢᠨ ᠡᠭᠦᠳᠡᠨ ᠳᠤ ᠶᠡᠭᠡ ᠬᠡᠮᠵᠢᠶ᠎ᠡ ᠪᠠᠷ ᠴᠤᠭᠯᠠᠷᠠᠬᠤ ᠠᠴᠠ ᠵᠠᠶᠢᠯᠠᠰᠬᠢᠪᠠ︔ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠴᠢ ᠠᠮᠢᠳᠤᠷᠠᠯ ᠤᠨ ᠲᠠᠯᠠᠪᠤᠷ ᠤᠨ ᠪᠡᠯᠡᠳᠬᠡᠮᠵᠢ ᠲᠥᠬᠦᠭᠡᠷᠦᠮᠵᠢ ᠶᠢ ᠪᠥᠬᠦ ᠲᠠᠯ᠎ᠠ ᠪᠠᠷ ᠪᠠᠶᠢᠴᠠᠭᠠᠬᠤ ᠪᠠ ᠠᠷᠢᠭᠤᠳᠬᠠᠵᠤ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠥᠨᠴᠥᠭ ᠪᠤᠯᠤᠩ ᠦᠯᠡᠳᠡᠭᠡᠬᠦ ᠥᠬᠡᠶ ᠪᠠᠶᠢᠯᠭᠠᠬᠤ ᠶᠢ ᠦᠨᠡᠨᠬᠦ ᠪᠠᠲᠤᠯᠠᠵᠤ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠪᠠ᠃ ᠬᠤᠶᠠᠷ ᠲᠤ ᠡᠬᠡ ᠣᠷᠣᠨᠴᠢ ᠦᠵᠡᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ᠂ ᠬᠥᠳᠡᠯᠮᠦᠷᠢ ᠶᠢᠨ ᠬᠥᠮᠦᠵᠢᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠲᠤᠭ ᠮᠠᠨᠳᠤᠭᠤᠯᠬᠤ ᠶᠣᠰᠣᠯᠠᠯ᠂ ᠭᠤᠤᠯ ᠰᠡᠳᠦᠪᠲᠦ ᠠᠩᠭᠢ ︵ᠪᠦᠯᠬᠦᠮ︶ ᠶᠢᠨ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠤᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠦᠨᠡᠨ ᠬᠦ ᠪᠠᠲᠤᠳᠬᠠᠪᠠ᠃ ᠭᠤᠷᠪᠠ ᠳᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠨ ᠬᠦ‌‍ᠲ᠋ᠡᠭᠡᠭᠰᠢᠯᠡᠭᠦᠯᠪᠡ᠃ ᠬᠤᠰᠢᠭᠤᠨ ᠭᠠᠳᠠᠨ᠎ᠠ ᠠᠴᠠ ᠣᠷᠣᠭᠤᠯᠬᠤ᠂ ᠬᠤᠰᠢᠭᠤᠨ ᠳᠣᠲᠣᠷ᠎ᠠ ᠪᠠᠨ ᠳᠣᠭᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠪᠠᠭᠰᠢ ᠶᠢᠨ ᠬᠦᠴᠦᠨ ᠢ ᠰᠢᠯᠢᠳᠡᠭᠵᠢᠭᠦᠯᠦᠨ ᠲᠣᠬᠢᠷᠠᠭᠤᠯᠪᠠ︔ ᠰᠢᠯᠢᠳᠡᠭ ᠪᠠᠭᠰᠢ ᠶᠢ ᠰᠢᠯᠢᠨ ᠰᠣᠩᠭᠤᠵᠤ ᠵᠢᠭᠠᠨ ᠰᠤᠳᠤᠯᠤᠭᠴᠢ ᠶᠢᠨ ᠡᠩᠨᠡᠭᠡ ᠶᠢ ᠰᠠᠶᠢᠲᠤᠷ ᠲᠣᠬᠢᠷᠠᠭᠤᠯᠪᠠ︔ ᠥᠪᠥᠷ ᠮᠣᠩᠭᠤᠯ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠶᠢᠨ ︽ᠣᠭᠲᠠᠷᠭᠤᠢ ᠬᠢᠴᠢᠶᠡᠯ ᠤᠨ ᠲᠠᠩᠬᠢᠮ︾᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠡᠭᠦᠯᠡᠨ ᠲᠠᠪᠴᠠᠩ᠂ ᠠᠷᠠᠳ ᠤᠨ ᠰᠤᠷᠭᠠᠨ ᠬᠥᠮᠦᠵᠢᠯ ᠤᠨ ᠬᠡᠪᠯᠡᠯ ᠤᠨ ᠬᠤᠷᠢᠶ᠎ᠠ ᠶᠢᠨ ᠪᠢᠴᠢᠯ ᠵᠢᠭᠠᠨ ᠰᠤᠷᠭᠠᠯᠲᠠ ᠶᠢᠨ ᠲᠠᠪᠴᠠᠩ ᠢᠶᠠᠷ ᠳᠠᠮᠵᠢᠭᠤᠯᠤᠨ ᠪᠠᠭᠰᠢ ᠨᠠᠷ ᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠬᠢᠯᠭᠡᠵᠦ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠠᠭᠰᠢ ᠶᠢᠨ ᠦᠵᠡᠯ ᠰᠠᠨᠠᠭᠠᠨ ᠤ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠤᠯᠴᠠᠯᠭ᠎ᠠ ᠪᠣᠯᠪᠠᠰᠤᠷᠠᠯ ᠤᠨ ᠠᠵᠢᠯᠯᠠᠭ᠎ᠠ ᠪᠠ ᠲᠥᠪᠯᠡᠷᠡᠭᠦᠯᠦᠨ ᠰᠤᠷᠤᠯᠴᠠᠬᠤ ᠠᠵᠢᠯᠯᠠᠭ᠎ᠠ ᠶᠢ ᠭᠤᠷᠪᠠᠨ ᠬᠤᠭᠤᠴᠠᠭ᠎ᠠ ᠦᠷᠨᠢᠭᠦᠯᠵᠦ  ᠂ ᠰᠤᠷᠭᠠᠨ ᠬᠥᠮᠦᠵᠢᠯ ᠤᠨ ᠰᠢᠰᠲ᠋ᠧᠮ ᠤᠨ ᠪᠣᠯᠪᠠᠰᠤᠷᠠᠯ ᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠪᠡ᠃ ᠲᠦᠷᠪᠡ ᠳᠤ᠂ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ ᠰᠠᠭᠤᠷᠢ ᠣᠷᠴᠢᠨ ᠲᠣᠭᠤᠷᠢᠨ ᠢ ᠲᠡᠭᠦᠯᠳᠡᠷᠵᠢᠭᠦᠯᠪᠡ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ᠂ ᠠᠮᠤᠷ ᠢ ᠬᠠᠮᠠᠭᠠᠯᠠᠬᠤ ᠶᠡᠭᠡ ᠠᠩᠭᠢ᠂ ᠲᠣᠮᠢᠯᠠᠭᠰᠠᠨ ᠰᠠᠯᠪᠤᠷᠢ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ᠂ ᠪᠠᠯᠭᠠᠰᠤᠨ ᠤ ᠳᠣᠲᠣᠷᠠᠬᠢ 21 ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠪᠠᠶᠢᠳᠠᠯ ᠢ ᠣᠶᠢᠯᠠᠭᠠᠵᠤ᠂ ᠰᠤᠳᠤᠯᠤᠨ ᠮᠠᠭᠠᠳᠯᠠᠪᠠ︔ ᠠᠮᠤᠷ ᠲᠦᠪᠰᠢᠨ ᠤ ᠠᠵᠢᠯ ᠤᠨ ᠬᠤᠷᠠᠯᠳᠤᠭᠠᠨ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 2021 ᠣᠨ ᠤ ᠠᠮᠤᠷ ᠲᠦᠪᠰᠢᠨ ᠤ ᠠᠵᠢᠯ ᠳᠤ ᠪᠦᠬᠦ ᠲᠠᠯ᠎ᠠ ᠶᠢᠨ ᠠᠮᠤᠷ ᠲᠦᠪᠰᠢᠨ ᠤ ᠪᠠᠶᠢᠷᠢᠯᠠᠭᠤᠯᠤᠯᠲᠠ ᠬᠢᠵᠦ᠂ ᠡᠶ᠎ᠡ ᠵᠣᠬᠢᠴᠠᠯ ᠲᠠᠢ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠪᠠ᠃      ᠬᠠᠨ ᠳᠡᠳ᠋ ᠲᠣᠪᠴᠢᠶᠠᠨ ᠳᠠᠷᠤᠭ᠎ᠠ᠄ ᠣᠳᠣᠬᠠᠨ ᠳᠤ᠂ ᠪᠥᠬᠦ ᠬᠤᠰᠢᠭᠤᠨ ᠤ 54 ᠰᠤᠷᠭᠠᠭᠤᠯᠢ ᠪᠦᠬᠦᠨ ᠢᠶᠠᠷ ᠢᠶᠠᠨ ᠰᠤᠷᠭᠠᠭᠤᠯᠢ ᠡᠬᠢᠯᠡᠵᠦ᠂ 3 ᠲᠦᠮᠡ ᠭᠠᠷᠤᠶ ᠰᠣᠷᠣᠭᠴᠢ ᠰᠤᠷᠭᠠᠭᠤᠯᠢ ᠶᠢᠨ ᠬᠦᠷᠢᠶᠡᠨ ᠳᠡᠭᠡᠨ ᠪᠤᠴᠠᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠡᠮᠬᠢ ᠵᠠᠮᠪᠠᠷᠠᠭ᠎ᠠ ᠲᠠᠢ ᠶᠠᠪᠤᠭᠳᠠᠵᠤ ᠪᠠᠶᠢᠨ᠎ᠠ᠃      ᠰᠣᠷᠪᠣᠯᠵᠢᠯᠠᠭᠴᠢ᠄ ᠲᠡᠭᠡᠪᠡᠯ᠂ ᠰᠤᠷᠤᠭᠴᠢᠳ ᠤᠨ ᠰᠤᠷᠭᠠᠭᠤᠯᠢ ᠤᠷᠤᠭᠰᠢᠲᠠᠶ ᠡᠬᠢᠯᠡᠬᠦ ᠶᠢ ᠪᠠᠲᠤᠯᠠᠬᠤ ᠶᠢᠨ ᠲᠥᠯᠥᠭᠡ ᠶᠠᠮᠠᠷ ᠶᠠᠮᠠᠷ ᠠᠵᠢᠯ ᠬᠢᠭᠰᠡᠨ ᠪᠣᠶ︖      ᠨᠢᠭᠡ ᠳᠤ ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠶ ᠱᠠᠭᠠᠷᠳᠠᠯᠭ᠎ᠠ ᠶᠣᠰᠣᠭᠠᠷ᠂ ᠡᠯ᠎ᠡ ᠰᠤᠷᠭᠠᠭᠤᠯᠢ ᠨᠤᠭᠤᠳ ᠨᠠᠷᠢᠨ ᠨᠢᠮᠪᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠡᠭᠦᠳᠡᠨ ᠤ ᠡᠭᠦᠳᠡ ᠶᠢ ᠡᠷᠡᠰ ᠢᠶᠠᠷ ᠰᠠᠶᠢᠲᠤᠷ ᠡᠵᠡᠮᠳᠡᠬᠦ ᠬᠡᠷᠡᠭᠲᠡᠶ᠃ ᠰᠤᠷᠭᠠᠭᠤᠯᠢ ᠡᠬᠢᠯᠡᠭᠰᠡᠨ ᠲᠤᠬᠠᠶ ᠶᠢᠨ ᠡᠳᠦᠷ ᠲᠤ ᠰᠣᠷᠣᠭᠴᠢ ᠶᠢᠨ ᠣᠷᠭᠢᠯ ᠦᠶ᠎ᠡ ᠶᠢ ᠵᠥᠷᠢᠭᠦᠯᠦᠨ ᠰᠤᠷᠭᠠᠭᠤᠯᠢ ᠳᠠᠭᠠᠨ ᠪᠤᠴᠠᠬᠤ ᠲᠥᠰᠦᠯ ᠢ ᠲᠣᠭᠲᠠᠭᠠᠵᠤ᠂ ᠰᠤᠷᠭᠠᠭᠤᠯᠢ ᠳᠤ ᠣᠷᠣᠬᠤ ᠵᠠᠮ ᠱᠤᠭᠤᠮ ᠪᠠ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠡᠯ᠎ᠡ ᠵᠦᠶ᠋ᠯ ᠤᠨ ᠶᠠᠪᠤᠴᠠ ᠶᠢ ᠨᠠᠷᠢᠯᠢᠬᠵᠢᠭᠤᠯᠵᠤ᠂ ᠰᠣᠷᠣᠭᠴᠢ᠂ ᠬᠡᠷ ᠤᠨ ᠠᠬᠠᠮᠠᠳ ᠰᠤᠷᠭᠠᠭᠤᠯᠢ ᠶᠢᠨ ᠡᠭᠦᠳᠡᠨ ᠳᠤ ᠶᠡᠭᠡ ᠬᠡᠮᠵᠢᠶ᠎ᠡ ᠪᠠᠷ ᠴᠤᠭᠯᠠᠷᠠᠬᠤ ᠠᠴᠠ ᠵᠠᠶᠢᠯᠠᠰᠬᠢᠪᠠ︔ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠴᠢ ᠠᠮᠢᠳᠤᠷᠠᠯ ᠤᠨ ᠲᠠᠯᠠᠪᠤᠷ ᠭᠠᠵᠠᠷ ᠤᠨ ᠪᠡᠯᠡᠳᠬᠡᠮᠵᠢ ᠲᠥᠬᠦᠭᠡᠷᠦᠮᠵᠢ ᠶᠢ ᠪᠥᠬᠦ ᠲᠠᠯ᠎ᠠ ᠪᠠᠷ ᠪᠠᠶᠢᠴᠠᠭᠠᠬᠤ ᠪᠠ ᠤᠰᠠᠳᠬᠠᠵᠤ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠥᠨᠴᠥᠭ ᠪᠤᠯᠤᠩ ᠥᠬᠡᠶ ᠪᠠᠶᠢᠯᠭᠠᠬᠤ ᠶᠢ ᠦᠨᠡᠨᠬᠦ ᠪᠠᠲᠤᠯᠠᠵᠤ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠬᠤᠶᠠᠷ ᠲᠤ ᠡᠬᠡ ᠣᠷᠣᠨᠴᠢ ᠦᠵᠡᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ᠂ ᠬᠥᠳᠡᠯᠮᠦᠷᠢ ᠶᠢᠨ ᠬᠥᠮᠦᠵᠢᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠲᠤᠭ ᠮᠠᠨᠳᠤᠭᠤᠯᠬᠤ ᠶᠣᠰᠣᠯᠠᠯ᠂ ᠭᠤᠤᠯ ᠰᠡᠳᠦᠪᠲᠦ ᠠᠩᠭᠢ ︵ᠠᠩᠭᠢ︶ ᠶᠢᠨ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠤᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠦᠨᠡᠨ ᠬᠦ ᠪᠠᠲᠤᠳᠬᠠᠨ᠎ᠠ᠃ ᠭᠤᠷᠪᠠ ᠳᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ᠃ ᠬᠤᠰᠢᠭᠤᠨ ᠭᠠᠳᠠᠨ᠎ᠠ ᠠᠴᠠ ᠣᠷᠣᠭᠤᠯᠬᠤ᠂ ᠬᠤᠰᠢᠭᠤᠨ ᠳᠣᠲᠣᠷ᠎ᠠ ᠪᠠᠨ ᠳᠣᠭᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠪᠠᠭᠰᠢ ᠶᠢᠨ ᠬᠦᠴᠦᠨ ᠢ ᠰᠢᠯᠢᠳᠡᠭᠵᠢᠭᠦᠯᠦᠨ ᠳᠣᠭᠢᠷᠠᠭᠤᠯᠤᠨ᠎ᠠ︔ ᠰᠢᠯᠢᠳᠡᠭ ᠪᠠᠭᠰᠢ ᠶᠢ ᠰᠢᠯᠢᠨ ᠰᠣᠩᠭᠤᠵᠤ ᠵᠢᠭᠠᠨ ᠰᠤᠳᠤᠯᠤᠭᠴᠢ ᠶᠢᠨ ᠡᠩᠨᠡᠭᠡ ᠶᠢ ᠰᠠᠶᠢᠲᠤᠷ ᠲᠤᠬᠢᠷᠠᠭᠤᠯᠤᠨ᠎ᠠ︔ ᠥᠪᠥᠷ ᠮᠣᠩᠭᠤᠯ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠶᠢᠨ ︽ᠠᠭᠠᠷ ᠳᠡᠭᠡᠷᠡᠬᠢ ᠬᠢᠴᠢᠶᠡᠯ ᠤᠨ ᠲᠠᠩᠬᠢᠮ︾᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠡᠭᠦᠯᠡᠨ ᠲᠠᠪᠴᠠᠩ᠂ ᠠᠷᠠᠳ ᠤᠨ ᠰᠤᠷᠭᠠᠨ ᠬᠥᠮᠦᠵᠢᠯ ᠤᠨ ᠬᠡᠪᠯᠡᠯ ᠤᠨ ᠬᠤᠷᠢᠶ᠎ᠠ ᠶᠢᠨ ᠪᠢᠴᠢᠯ ᠵᠢᠭᠠᠨ ᠰᠤᠷᠭᠠᠯᠲᠠ ᠶᠢᠨ ᠲᠠᠪᠴᠠᠩ ᠢᠶᠠᠷ ᠳᠠᠮᠵᠢᠭᠤᠯᠤᠨ ᠪᠠᠭᠰᠢ ᠨᠠᠷ ᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠬᠢᠯᠭᠡᠵᠦ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠠᠭᠰᠢ ᠶᠢᠨ ᠦᠵᠡᠯ ᠰᠠᠨᠠᠭᠠᠨ ᠤ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠤᠷᠤᠯᠴᠠᠯᠭ᠎ᠠ ᠪᠣᠯᠪᠠᠰᠤᠷᠠᠯ ᠤᠨ ᠠᠵᠢᠯᠯᠠᠭ᠎ᠠ ᠪᠠ ᠲᠥᠪᠯᠡᠷᠡᠭᠦᠯᠦᠨ ᠰᠤᠷᠤᠯᠴᠠᠬᠤ ᠠᠵᠢᠯᠯᠠᠭ᠎ᠠ ᠶᠢ ᠭᠤᠷᠪᠠᠨ ᠬᠤᠭᠤᠴᠠᠭ᠎ᠠ ᠪᠠᠷ ᠪᠠᠲᠤ ᠪᠠᠬᠢ ᠪᠠᠶᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠪᠣᠯᠪᠠᠰᠤᠷᠠᠯ ᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠪᠡ᠃ ᠲᠦᠷᠪᠡ ᠳᠤ᠂ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ ᠰᠠᠭᠤᠷᠢ ᠣᠷᠴᠢᠨ ᠲᠣᠭᠤᠷᠢᠨ ᠢ ᠲᠡᠭᠦᠯᠳᠡᠷᠵᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ᠂ ᠠᠮᠤᠷ ᠢ ᠬᠠᠮᠠᠭᠠᠯᠠᠬᠤ ᠶᠡᠭᠡ ᠠᠩᠭᠢ᠂ ᠲᠣᠮᠢᠯᠠᠭᠰᠠᠨ ᠰᠠᠯᠪᠤᠷᠢ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ᠂ ᠪᠠᠯᠭᠠᠰᠤᠨ ᠤ ᠳᠣᠲᠣᠷᠠᠬᠢ 21 ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠪᠠᠶᠢᠳᠠᠯ ᠢ ᠣᠶᠢᠯᠠᠭᠠᠵᠤ᠂ ᠰᠤᠳᠤᠯᠤᠨ ᠮᠠᠭᠠᠳᠯᠠᠨ᠎ᠠ︔ ᠠᠮᠤᠷ ᠲᠦᠪᠰᠢᠨ ᠤ ᠠᠵᠢᠯ ᠤᠨ ᠬᠤᠷᠠᠯᠳᠤᠭᠠᠨ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 2021 ᠣᠨ ᠤ ᠠᠮᠤᠷ ᠲᠦᠪᠰᠢᠨ ᠤ ᠠᠵᠢᠯ ᠳᠤ ᠪᠦᠬᠦ ᠲᠠᠯ᠎ᠠ ᠶᠢᠨ ᠠᠮᠤᠷ ᠲᠦᠪᠰᠢᠨ ᠤ ᠪᠠᠶᠢᠷᠢᠯᠠᠭᠤᠯᠤᠯᠲᠠ ᠬᠢᠵᠦ᠂ ᠡᠶ᠎ᠡ ᠵᠣᠬᠢᠴᠠᠯ ᠲᠠᠢ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠪᠠ᠃      ᠰᠣᠷᠪᠣᠯᠵᠢᠯᠠᠭᠴᠢ᠄ 2021 ᠣᠨ ᠤ ᠰᠤᠷᠭᠠᠨ ᠬᠥᠮᠦᠵᠢᠯ ᠤᠨ ᠠᠵᠢᠯ ᠤᠨ ᠶᠡᠷᠦᠩᠬᠡᠶ ᠰᠡᠳᠬᠢᠮᠵᠢ ᠨᠢ ᠶᠠᠭᠤ ᠪᠣᠶ︖      ᠬᠠᠨ ᠳᠡᠳ᠋ ᠲᠣᠪᠴᠢᠶᠠᠨ ᠳᠠᠷᠤᠭ᠎ᠠ  ᠄ 2021 ᠣᠨ ᠤ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠶᠡᠷᠦᠩᠬᠡᠶ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂   ︽ᠲᠦᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠨᠢᠭᠡ ᠳᠤ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠬᠦᠴᠦᠯᠡᠨ ᠴᠢᠩᠭᠠᠳᠬᠠᠵᠤ᠂ ᠨᠡᠩ ᠬᠦᠴᠦᠷᠬᠡᠭ ᠨᠠᠮ ᠤᠨ ᠪᠠᠶᠢᠭᠤᠯᠤᠯᠲᠠ ᠪᠠᠷ ᠠᠵᠢᠯ ᠦᠢᠯᠡᠰ ᠤᠨ ᠬᠥᠭᠵᠢᠯᠲᠡ ᠶᠢ ᠬᠦᠳᠦᠯᠦᠨ ᠳᠠᠭᠠᠭᠤᠯᠤᠨ᠎ᠠ᠃ ᠬᠤᠶᠠᠷ ᠲᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠬᠥᠮᠦᠨ ᠢ ᠬᠥᠮᠦᠵᠢᠭᠦᠯᠬᠦ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠥᠮᠦᠨ ᠬᠥᠮᠦᠵᠢᠭᠦᠯᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠰᠢᠨ᠎ᠡ ᠮᠠᠶ᠋ᠢᠭ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠲᠠᠢ ᠵᠣᠬᠢᠴᠠᠯᠳᠤᠭᠰᠠᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠲᠦᠷᠢᠮ ᠢ ᠰᠦᠪᠡᠭᠴᠢᠯᠡᠨ ᠪᠠᠶᠢᠭᠤᠯᠤᠨ᠎ᠠ︔ ᠰᠤᠷᠭᠠᠭᠤᠯᠢ ᠶᠢᠨ ᠬᠦᠷᠢᠶᠡᠨ ᠤ ᠬᠦᠯ ᠪᠥᠮᠪᠦᠭᠡ ᠶᠢ ᠴᠢᠨᠠᠷ ᠰᠠᠶᠢᠲᠠᠢ ᠬᠦᠭᠵᠢᠭᠦᠯᠦᠨ᠎ᠡ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠠᠬᠢᠭᠤᠯᠬᠤ ᠠᠵᠢᠯ ᠢ ᠰᠠᠶᠢᠲᠤᠷ ᠠᠳᠬᠤᠨ᠎ᠠ︔ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠥᠪ ᠭᠤᠤᠯᠴᠢ ᠪᠥᠭᠡᠳ ᠴᠢᠨᠠᠷ ᠴᠢᠨᠰᠠᠭ᠎ᠠ ᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠨ᠎ᠡ᠃ ᠭᠤᠷᠪᠠ ᠳᠤ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ᠂ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠥᠭᠵᠢᠭᠦᠯᠬᠦ ᠰᠢᠨ᠎ᠡ ᠪᠠᠶᠢᠷᠢᠰᠢᠯ ᠢ ᠢᠳᠡᠪᠬᠢᠲᠡᠶ ᠪᠠᠷ ᠪᠤᠢ ᠪᠣᠯᠭᠠᠨ᠎ᠠ᠃ 2021 ᠣᠨ ᠤ ᠬᠤᠰᠢᠭᠤ ᠰᠢᠶᠠᠨ ᠤ ᠬᠡᠪᠴᠢᠶᠡᠨ ᠳᠠᠬᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠳᠤ ᠨᠡᠶᠢᠳᠡᠮ ᠬᠠᠷᠠᠭᠠᠯᠵᠠᠯ ᠦᠵᠡᠭᠦᠯᠬᠦ ᠶᠢ ᠬᠢᠨᠠᠨ ᠵᠢᠯᠣᠭᠤᠳᠴᠤ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠲᠦᠷᠪᠡ ᠳᠤ᠂ ᠶᠣᠰᠣ ᠰᠤᠷᠲᠠᠬᠤᠨ᠂ ᠴᠢᠳᠠᠪᠤᠷᠢ ᠶᠢ ᠬᠥᠮᠦᠵᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ ᠬᠢᠭᠡᠳ ᠪᠠᠭᠰᠢ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢ ᠬᠤᠶᠠᠷ ᠲᠠᠯ᠎ᠠ ᠪᠠᠷ ᠴᠢᠩᠭ᠎ᠠ ᠠᠳᠬᠤᠬᠤ ᠶᠢ ᠪᠠᠷᠢᠮᠲᠠᠯᠠᠨ᠎ᠠ᠃ ᠲᠠᠪᠤ ᠳᠤ᠂ ᠬᠠᠤᠯᠢ ᠶᠣᠰᠣᠭᠠᠷ ᠰᠤᠷᠭᠠᠨ ᠬᠥᠮᠦᠵᠢᠯ ᠢ ᠵᠠᠰᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠦᠨᠡᠨ ᠬᠦ ᠴᠢᠩᠭᠠᠷᠠᠭᠤᠯᠤᠨ᠎ᠠ᠃ ᠬᠠᠤᠯᠢ ᠪᠠᠷ ᠰᠤᠷᠭᠠᠨ ᠬᠥᠮᠦᠵᠢᠯ ᠢ ᠵᠠᠰᠠᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ︔ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠢᠷᠭᠤᠭ᠎ᠠ ᠳᠤ᠂ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠦᠷᠭᠦᠯᠵᠢᠯᠡᠨ ᠬᠠᠮᠠᠭᠠᠯᠠᠵᠤ᠂ ᠰᠤᠷᠭᠠᠭᠤᠯᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠰᠤᠷᠭᠠᠨ ᠬᠥᠮᠦᠵᠢᠯ ᠤᠨ ᠬᠦᠴᠦᠷᠬᠡᠭ ᠬᠤᠰᠢᠭᠤ ᠶᠢ ᠪᠦᠲᠦᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠪᠡᠯᠡᠭ ᠬᠦᠷᠭᠡᠨ᠎ᠡ᠃      ᠰᠣᠷᠪᠤᠯᠵᠢᠯᠠᠭᠴᠢ᠄ ᠲᠠᠨ ᠳᠤ ᠪᠠᠶᠠᠷᠯᠠᠯ᠎ᠠ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号