— 2021 ᠤᠨ ᠤ 3 ᠰᠠᠷ᠎ᠠ ᠶᠢᠨ 10 ᠤ ᠡᠳᠦᠷ ᠠᠷᠦ ᠬᠤᠷᠴᠢᠨ ᠬᠤᠰᠢᠭᠤᠨ ᠤ ᠠᠷᠪᠠᠨ ᠳᠤᠯᠤᠳᠤᠭᠠᠷ | ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ ᠬᠤᠷᠠᠯᠳᠤᠭᠠᠨ ᠳᠡᠬᠡᠷ᠎ᠡ | ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ | | | ᠬᠤᠷᠠᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠣᠲᠣ 2020 ᠣᠨ ᠤ ᠡᠳ᠋ ᠤᠨ ᠵᠠᠰᠠᠭ ᠤᠨ | ᠲᠥᠰᠦᠪ ᠢ ᠭᠦᠶᠴᠡᠳᠬᠡᠭᠰᠡᠨ ᠪᠠᠶᠢᠳᠠᠯ ᠪᠠ 2021 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠢ | ᠮᠡᠳᠡᠭᠦᠯᠦᠶ᠎ᠡ᠃ | ᠨᠢᠭᠡ᠂ 2020 ᠣᠨ ᠤ ᠡᠳ᠋ ᠤᠨ ᠵᠠᠰᠠᠭ ᠤᠨ ᠲᠥᠰᠦᠪ ᠢ ᠭᠦᠶᠴᠡᠳᠬᠡᠭᠰᠡᠨ ᠪᠠᠶᠢᠳᠠᠯ | ︵ᠨᠢᠭᠡ︶ ᠡᠩ ᠤᠨ ᠣᠯᠠᠨ ᠨᠡᠶᠢᠲᠡ ᠶᠢᠨ ᠲᠥᠰᠦᠪ ᠢ ᠭᠦᠶᠴᠡᠳᠬᠡᠭᠰᠡᠨ ᠪᠠᠶᠢᠳᠠᠯ | 2020 ᠣᠨ ᠤ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 34745 | ᠲᠦᠮᠡᠨ ᠲᠥᠭᠦᠷᠢᠭ ᠪᠡᠶᠡᠯᠡᠭᠦᠯᠵᠦ᠂ ᠣᠨ ᠤ ᠲᠣᠬᠢᠷᠠᠭᠤᠯᠤᠯᠲᠠ ᠶᠢᠨ ᠲᠥᠰᠦᠪ ᠢ 100 % ᠪᠠᠷ ᠪᠡᠶᠡᠯᠡᠭᠦᠯᠦᠨ᠂ | ᠠᠳᠠᠯᠢ ᠬᠤᠭᠤᠴᠠᠭᠠᠨ ᠤ ᠬᠢ ᠠᠴᠠ 5335 ᠲᠦᠮᠡᠨ ᠲᠥᠭᠦᠷᠢᠭ ᠬᠠᠰᠤᠭᠳᠠᠵᠤ᠂ 13% ᠪᠠᠷ ᠪᠠᠭᠤᠷᠠᠪᠠ᠃ | ᠡᠭᠦᠨ ᠳᠤ᠄ ᠭᠠᠶᠢᠯᠢ ᠶᠢᠨ ᠣᠷᠣᠯᠭ᠎ᠠ 23154 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ | ᠬᠢ ᠠᠴᠠ 5180 ᠲᠦᠮᠡᠨ ᠲᠥᠭᠦᠷᠢᠭ ᠬᠠᠰᠤᠭᠳᠠᠵᠤ᠂ 18% ᠪᠠᠷ ᠪᠠᠭᠤᠷᠠᠵᠤ᠂ ᠡᠩ ᠤᠨ ᠣᠯᠠᠨ ᠨᠡᠶᠢᠳᠡ ᠶᠢᠨ | ᠲᠥᠰᠦᠪ ᠤᠨ ᠣᠷᠣᠯᠭ᠎ᠠ ᠶᠢᠨ 67% ᠶᠢ ᠡᠵᠡᠯᠡᠪᠡ᠃ ᠭᠠᠶᠢᠯᠢ ᠶᠢᠨ ᠪᠤᠰᠤ ᠣᠷᠣᠯᠭ᠎ᠠ 11591 ᠲᠦᠮᠡᠨ | ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 155 ᠲᠦᠮᠡᠨ ᠲᠥᠭᠦᠷᠢᠭ ᠬᠠᠰᠤᠭᠳᠠᠵᠤ᠂ | 1% ᠪᠠᠷ ᠪᠠᠭᠤᠷᠠᠵᠤ᠂ ᠡᠩ ᠤᠨ ᠣᠯᠠᠨ ᠨᠡᠶᠢᠳᠡ ᠶᠢᠨ ᠲᠥᠰᠦᠪ ᠤᠨ ᠣᠷᠣᠯᠭ᠎ᠠ ᠶᠢᠨ 33% ᠶᠢ ᠡᠵᠡᠯᠡᠵᠦ᠂ | ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠨᠢᠭᠡ ᠬᠡᠮᠵᠢᠶᠡᠨ ᠳᠤ ᠪᠠᠭᠤᠷᠠᠭᠰᠠᠨ ᠪᠠᠶᠢᠨ᠎ᠠ᠃ | ᠪᠦᠬᠦ ᠬᠤᠰᠢᠭᠤᠨ ᠤ ᠡᠩ ᠤᠨ ᠣᠯᠠᠨ ᠨᠡᠶᠢᠳᠡ ᠶᠢᠨ ᠲᠥᠰᠦᠪ ᠤᠨ ᠵᠠᠷᠤᠯᠭ᠎ᠠ 347649 ᠲᠦᠮᠡᠨ | ᠲᠥᠭᠦᠷᠢᠭ ᠢ ᠪᠡᠶᠡᠯᠡᠭᠦᠯᠵᠦ᠂ ᠵᠢᠯ ᠤᠨ ᠲᠣᠬᠢᠷᠠᠭᠤᠯᠤᠯᠲᠠ ᠶᠢᠨ ᠲᠥᠰᠦᠪ ᠢᠶᠠᠨ 100 % ᠪᠠᠷ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 15441 ᠲᠦᠮᠡᠨ ᠲᠥᠭᠦᠷᠢᠭ ᠬᠠᠰᠤᠭᠳᠠᠵᠤ᠂ 4% ᠪᠠᠷ ᠪᠠᠭᠤᠷᠠᠪᠠ᠃ | ︵ᠬᠤᠶᠠᠷ︶ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠢ ᠭᠦᠶᠴᠡᠳᠬᠡᠭᠰᠡᠨ | ᠪᠠᠶᠢᠳᠠᠯ | ᠪᠥᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ ᠨᠡᠶᠢᠲᠡ | 54004 ᠲᠦᠮᠡᠨ ᠲᠥᠭᠦᠷᠢᠭ᠂ ᠡᠭᠦᠨ ᠳᠤ᠄ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠦᠰᠦᠪ | ᠤᠨ ᠲᠣᠰ ᠱᠠᠲᠣᠨ ᠤ ᠣᠷᠣᠯᠭ᠎ᠠ 17402 ᠲᠦᠮᠡᠨ ᠲᠥᠭᠦᠷᠢᠭ᠂ ᠳᠡᠭᠡᠳᠦ ᠱᠠᠲᠤᠨ ᠠᠴᠠ ᠨᠥᠬᠦᠪᠥᠷᠢᠯᠡᠭᠰᠡᠨ | ᠣᠷᠣᠯᠭ᠎ᠠ 13334 ᠲᠦᠮᠡᠨ ᠲᠥᠭᠦᠷᠢᠭ᠂ ᠥᠷᠢ ᠥᠭᠴᠡᠭᠡ ᠶᠢ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ | 18565 ᠲᠦᠮᠡᠨ ᠲᠥᠭᠦᠷᠢᠭ᠂ ᠳᠡᠭᠡᠷ᠎ᠡ ᠣᠨ ᠤ ᠦᠯᠡᠳᠡᠪᠦᠷᠢ ᠣᠷᠣᠯᠭ᠎ᠠ 4703 ᠲᠦᠮᠡᠨ ᠲᠥᠭᠦᠷᠢᠭ᠃ | ᠪᠦᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠦᠰᠦᠪ ᠤᠨ ᠵᠠᠷᠤᠯᠭ᠎ᠠ | 54004 ᠲᠦᠮᠡᠨ ᠲᠥᠭᠦᠷᠢᠭ᠂ ᠡᠭᠦᠨ ᠳᠤ᠄ ᠲᠣᠰ ᠵᠢᠯ ᠤᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ | ᠶᠢᠨ ᠲᠦᠰᠦᠪ ᠤᠨ ᠲᠣᠰ ᠱᠠᠲᠣᠨ ᠤ ᠵᠠᠷᠤᠯᠭ᠎ᠠ 39130 ᠲᠦᠮᠡᠨ ᠲᠥᠭᠦᠷᠢᠭ᠂ ᠣᠷᠣᠨ ᠨᠣᠲᠤᠭ ᠤᠨ ᠵᠠᠰᠠᠭ | ᠤᠨ ᠣᠷᠳᠣᠨ ᠤ ᠲᠤᠰᠬᠠᠢ ᠵᠦᠢᠯ ᠤᠨ ᠦᠷᠢ ᠦᠭᠴᠡᠭᠡ ᠶᠢᠨ ᠡᠬᠡ ᠮᠥᠩᠭᠦ ᠶᠢ ᠪᠣᠴᠠᠭᠠᠭᠰᠠᠨ ᠵᠠᠷᠤᠯᠭ᠎ᠠ 1565 | ᠲᠦᠮᠡᠨ ᠲᠥᠭᠦᠷᠢᠭ᠂ ᠰᠢᠯᠵᠢᠭᠦᠯᠦᠨ ᠭᠠᠷᠭᠠᠭᠰᠠᠨ ᠪᠡᠯᠡ ᠮᠥᠩᠭᠦ 1500 ᠲᠦᠮᠡᠨ ᠲᠥᠭᠦᠷᠢᠭ᠂ ᠣᠨ ᠤ ᠡᠴᠦᠰ | ᠤᠨ ᠦᠯᠡᠳᠡᠪᠦᠷᠢ 11809 ᠲᠦᠮᠡᠨ ᠲᠥᠭᠦᠷᠢᠭ᠃ | ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠢ ᠭᠦᠶᠴᠡᠳᠬᠡᠭᠰᠡᠨ ᠪᠠᠶᠢᠳᠠᠯ | ᠪᠦᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠨᠡᠶᠢᠳᠡ 69919 | ᠲᠦᠮᠡᠨ ᠲᠥᠭᠦᠷᠢᠭ᠂ ᠡᠭᠦᠨ ᠳᠤ᠄ ᠨᠡᠶᠢᠭᠡᠮ ᠤᠨ ᠳᠠᠭᠠᠳᠭᠠᠯ ᠤᠨ ᠰᠠᠭᠤᠷᠢ ᠮᠥᠩᠭᠦ ᠶᠢᠨ ᠲᠣᠰ ᠱᠠᠲᠣᠨ ᠤ | ᠣᠷᠣᠯᠭ᠎ᠠ 39441 ᠲᠦᠮᠡᠨ ᠲᠥᠭᠦᠷᠢᠭ᠂ ᠳᠡᠭᠡᠷ᠎ᠡ ᠣᠨ ᠤ ᠦᠯᠡᠳᠡᠪᠦᠷᠢ 30427 ᠲᠦᠮᠡᠨ ᠲᠥᠭᠦᠷᠢᠭ᠃ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠰᠢᠯᠵᠢᠭᠦᠯᠦᠭᠰᠡᠨ ᠣᠷᠣᠯᠭ᠎ᠠ 51 ᠲᠦᠮᠡᠨ ᠲᠦᠭᠦᠷᠢᠭ᠃ | ᠪᠦᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠨᠡᠶᠢᠲᠡ 69919 | ᠲᠦᠮᠡᠨ ᠲᠥᠭᠦᠷᠢᠭ᠂ ᠡᠭᠦᠨ ᠳᠤ᠄ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠣᠰ ᠱᠠᠲᠤᠨ ᠤ | ᠵᠠᠷᠤᠯᠭ᠎ᠠ 39063 ᠲᠦᠮᠡᠨ ᠲᠥᠭᠦᠷᠢᠭ᠂ ᠣᠨ ᠤ ᠡᠴᠦᠰ ᠤᠨ ᠦᠯᠡᠳᠡᠪᠦᠷᠢ 21340 ᠲᠦᠮᠡᠨ ᠲᠥᠭᠦᠷᠢᠭ᠂ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠰᠢᠯᠵᠢᠭᠦᠯᠦᠭᠰᠡᠨ ᠵᠠᠷᠤᠯᠭ᠎ᠠ 1 ᠲᠦᠮᠡᠨ ᠲᠥᠭᠦᠷᠢᠭ᠂ ᠳᠡᠭᠡᠭᠰᠢ | ᠲᠣᠰᠢᠶᠠᠭᠰᠠᠨ ᠵᠠᠷᠤᠯᠭ᠎ᠠ 9515 ᠲᠦᠮᠡᠨ ᠲᠥᠭᠦᠷᠢᠭ᠃ | ︵ᠳᠥᠷᠪᠡ︶ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠭᠦᠶᠴᠡᠳᠬᠡᠭᠰᠡᠨ | ᠪᠠᠶᠢᠳᠠᠯ | ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ | ᠣᠷᠣᠯᠭ᠎ᠠ 810 ᠲᠦᠮᠡᠨ ᠲᠥᠭᠦᠷᠢᠭ᠂ ᠡᠭᠦᠨ ᠳᠤ᠄ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠦᠪ ᠤᠨ ᠲᠣᠰ ᠱᠠᠲᠣᠨ ᠤ ᠣᠷᠣᠯᠭ᠎ᠠ 680 ᠲᠦᠮᠡᠨ ᠲᠥᠭᠦᠷᠢᠭ᠂ ᠳᠡᠭᠡᠳᠦ ᠱᠠᠲᠤᠨ ᠤ ᠨᠥᠬᠦᠪᠥᠷᠢ ᠶᠢᠨ | ᠣᠷᠣᠯᠭ᠎ᠠ 2 ᠲᠦᠮᠡᠨ ᠲᠥᠭᠦᠷᠢᠭ᠂ ᠳᠡᠭᠡᠷ᠎ᠡ ᠣᠨ ᠤ ᠦᠯᠡᠳᠡᠪᠦᠷᠢ ᠣᠷᠣᠯᠭ᠎ᠠ 128 ᠲᠦᠮᠡᠨ ᠲᠥᠭᠦᠷᠢᠭ᠃ | ᠪᠦᠬᠦ ᠬᠤᠰᠢᠭᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ | ᠨᠡᠶᠢᠲᠡ 680 ᠲᠦᠮᠡᠨ ᠲᠥᠭᠦᠷᠢᠭ᠂ ᠡᠭᠦᠨ ᠳᠤ᠄ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠦᠪ ᠤᠨ ᠲᠣᠰ ᠱᠠᠲᠤᠨ ᠤ ᠵᠠᠷᠤᠯᠭ᠎ᠠ 180 ᠲᠦᠮᠡᠨ ᠲᠥᠭᠦᠷᠢᠭ᠂ ᠰᠢᠯᠵᠢᠭᠦᠯᠦᠨ ᠭᠠᠷᠭᠠᠭᠰᠠᠨ ᠪᠡᠯᠡ ᠮᠥᠩᠭᠦ | 500 ᠲᠦᠮᠡᠨ ᠲᠥᠭᠦᠷᠢᠭ᠃ ᠣᠷᠣᠯᠭ᠎ᠠ ᠵᠠᠷᠤᠯᠭ᠎ᠠ ᠶᠢ ᠲᠤᠯᠭᠠᠭᠰᠠᠨ ᠤ ᠳᠠᠷᠠᠭ᠎ᠠ᠂ ᠤᠯᠤᠰ ᠤᠨ ᠥᠮᠴᠢᠯᠡᠯ ᠤᠨ | ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠨ ᠤ ᠡᠴᠦᠰ ᠤᠨ ᠦᠯᠡᠳᠡᠪᠦᠷᠢ 130 ᠲᠦᠮᠡᠨ | ᠲᠥᠭᠦᠷᠢᠭ᠃ | ︵ᠲᠠᠪᠤ︶ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠰᠢᠯᠵᠢᠭᠦᠯᠦᠨ ᠵᠢᠭᠡᠯᠡᠭᠦᠯᠦᠭᠰᠡᠨ ᠪᠠᠶᠢᠳᠠᠯ | 2020 ᠣᠨ ᠳᠤ᠂ ᠳᠡᠭᠡᠳᠦ ᠱᠠᠲᠤᠨ ᠠᠴᠠ ᠮᠠᠨ ᠤ ᠬᠤᠰᠢᠭᠤᠨ ᠳᠤ ᠰᠢᠯᠵᠢᠭᠦᠯᠦᠨ ᠵᠢᠭᠡᠯᠡᠭᠦᠯᠦᠭᠰᠡᠨ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ 67680 ᠲᠦᠮᠡᠨ ᠲᠥᠭᠦᠷᠢᠭ᠂ ᠡᠭᠦᠨ | ᠳᠤ᠄ ᠰᠢᠨ᠎ᠡ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ 21000 ᠲᠦᠮᠡᠨ ᠲᠥᠭᠦᠷᠢᠭ᠂ ᠰᠢᠨ᠎ᠡ ᠪᠠᠷ | ᠨᠡᠮᠡᠭᠳᠡᠭᠰᠡᠨ ᠲᠤᠰᠬᠠᠢ ᠲᠥᠷᠥᠯ ᠤᠨ ᠵᠢᠭᠡᠯᠡᠯᠭᠡ ᠶᠢᠨ ᠲᠡᠮᠳᠡᠭᠲᠦ 17000 ᠲᠦᠮᠡᠨ ᠲᠥᠭᠦᠷᠢᠭ᠂ ᠰᠢᠨ᠎ᠡ ᠪᠠᠷ | ᠨᠡᠮᠡᠭᠳᠡᠭᠰᠡᠨ ᠡᠩ ᠤᠨ ᠵᠢᠭᠡᠯᠡᠯᠭᠡ ᠶᠢᠨ ᠬᠢᠵᠠᠭᠠᠷᠯᠠᠭᠰᠠᠨ ᠲᠤᠭ᠎ᠠ ︵ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ | ᠠᠯᠳᠠᠭᠳᠠᠯ ᠲᠤᠭ᠎ᠠ︶ 700 ᠲᠦᠮᠡᠨ ᠲᠥᠭᠦᠷᠢᠭ᠂ ᠳᠠᠬᠢᠨ ᠪᠡᠯᠡ ᠬᠤᠷᠠᠮᠳᠤᠭᠤᠯᠬᠤ ᠵᠢᠭᠡᠯᠡᠯᠭᠡ ᠶᠢᠨ ᠲᠡᠮᠳᠡᠭᠲᠦ | 28980 ᠲᠦᠮᠡᠨ ᠲᠥᠭᠦᠷᠢᠭ᠃ ᠴᠤᠬᠤᠯᠠᠪᠤᠷᠢᠯᠠᠭᠰᠠᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ | ᠶᠢᠨ ᠲᠡᠮᠳᠡᠭᠲᠦ ᠶᠢ ᠬᠡᠷᠡᠭᠯᠡᠬᠦ ᠲᠥᠯᠥᠪᠯᠡᠭᠡ ᠶᠣᠰᠣᠭᠠᠷ᠂ ᠰᠢᠨ᠎ᠡ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ | ᠲᠡᠮᠳᠡᠭᠲᠦ ᠶᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠠᠶᠢᠵᠢᠷᠠᠭᠤᠯᠣᠨ ᠳᠡᠭᠡᠭᠰᠢᠯᠡᠭᠦᠯᠬᠦ | ᠢᠨᠵᠧᠨᠧᠷᠢᠩ ᠳᠤ 2000 ᠲᠦᠮᠡᠨ ᠲᠥᠭᠦᠷᠢᠭ᠂ ᠭᠠᠴᠠᠭ᠎ᠠ ᠲᠣᠰᠬᠤᠨ ᠤ ᠵᠡᠭᠡᠯᠢ ᠭᠤᠳᠤᠮᠵᠢ ᠶᠢ | ᠬᠠᠲᠠᠭᠤᠷᠠᠭᠤᠯᠬᠤ ᠪᠦᠲᠦᠭᠡᠨ ᠪᠠᠶᠢᠭᠤᠯᠤᠯᠲᠠ ᠳᠤ 14000 ᠲᠦᠮᠡᠨ ᠲᠥᠭᠦᠷᠢᠭ᠂ ᠡᠵᠡᠭᠦᠢ ᠠᠭᠤᠷᠬᠠᠢ ᠶᠢᠨ | ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠳᠤ 3000 ᠲᠦᠮᠡᠨ ᠲᠥᠭᠦᠷᠢᠭ᠂ ᠴᠢᠪᠠᠭ᠎ᠠ | ᠶᠢᠨ ᠬᠤᠲᠠ ᠲᠣᠭᠤᠷᠢᠭ ᠤᠨ ᠦᠯᠵᠡᠶᠢᠮᠦ᠋ᠷᠡᠨ ᠵᠡᠭᠡᠯᠢ ᠵᠠᠮ ᠵᠢᠴᠢ ᠲᠥᠬᠦᠷᠵᠢᠭᠦᠯᠬᠦ ᠢᠨᠵᠧᠨᠧᠷᠢᠩ ᠳᠤ 2000 | ᠲᠦᠮᠡᠨ ᠲᠥᠭᠦᠷᠢᠭ ᠬᠡᠷᠡᠭᠯᠡᠵᠡᠢ᠃ ᠰᠢᠨ᠎ᠡ ᠪᠠᠷ ᠨᠡᠮᠡᠭᠳᠡᠭᠰᠡᠨ ᠲᠤᠰᠬᠠᠢ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢ | ᠴᠢᠪᠠᠭ᠎ᠠ ᠶᠢᠨ ᠰᠢᠨ᠎ᠡ ᠬᠤᠲᠠ ᠲᠣᠭᠤᠷᠢᠭ ᠤᠨ ᠤᠰᠤ ᠬᠠᠩᠭᠠᠬᠤ ᠬᠤᠭᠤᠯᠠᠢ ᠶᠢᠨ ᠲᠣᠣᠷᠵᠢᠯ ᠢ ᠵᠠᠯᠭᠠᠬᠤ ᠵᠢᠴᠢ | ᠳᠡᠭᠡᠭᠰᠢᠯᠡᠭᠦᠯᠬᠦ ᠢᠨᠵᠧᠨᠧᠷᠢᠩ ᠳᠤ 4000 ᠲᠦᠮᠡᠨ ᠲᠥᠭᠦᠷᠢᠭ᠂ ᠠᠷᠠᠳ ᠤᠨ ᠶᠠᠪᠤᠳᠠᠯ ᠤᠨ ᠨᠡᠶᠢᠭᠡᠮ ᠤᠨ | ᠶᠡᠷᠦᠩᠬᠡᠢᠯᠡᠭᠰᠡᠨ ᠠᠰᠠᠷᠠᠮᠵᠢ ᠶᠢᠨ ᠲᠣᠭᠤᠷᠢᠭ ᠪᠠᠶᠢᠭᠤᠯᠬᠤ ᠳᠤ 5000 ᠲᠦᠮᠡᠨ ᠲᠥᠭᠦᠷᠢᠭ᠂ ᠪᠠᠶᠠᠨᠬᠤᠸᠠ | ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ 3000 ᠲᠦᠮᠡᠨ ᠲᠥᠭᠦᠷᠢᠭ᠂ | ᠴᠢᠪᠠᠭ᠎ᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠬᠦ ᠵᠢᠴᠢ ᠥᠷᠭᠡᠳᠬᠡᠨ | ᠪᠠᠶᠢᠭᠤᠯᠬᠤ ᠢᠨᠵᠧᠨᠧᠷᠢᠩ ᠳᠤ 5000 ᠲᠦᠮᠡᠨ ᠲᠥᠭᠦᠷᠢᠭ ᠬᠡᠷᠡᠭᠯᠡᠵᠡᠢ᠃ ᠰᠢᠨ᠎ᠡ ᠪᠠᠷ ᠨᠡᠮᠡᠭᠳᠡᠭᠰᠡᠨ ᠣᠷᠣᠨ | ᠨᠤᠲᠤᠭ ᠤᠨ ᠡᠩ ᠤᠨ ᠥᠷᠢ ᠥᠭᠴᠡᠭᠡ ᠶᠢᠨ ᠬᠢᠵᠠᠭᠠᠷ ᠲᠠᠢ ᠵᠣᠭᠤᠰ ᠢ ᠬᠤᠰᠢᠭᠤᠨ ᠡᠮᠨᠡᠯᠭᠡ ᠶᠢᠨ ᠬᠤᠷᠢᠶᠠᠨ ᠤ | PCR ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ 150 ᠲᠦᠮᠡᠨ | ᠲᠥᠭᠦᠷᠢᠭ᠂ ᠠᠷᠤ ᠬᠤᠷᠴᠢᠨ ᠬᠤᠰᠢᠭᠤᠨ ᠤ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠲᠥᠪ ᠤᠨ | ᠲᠥᠬᠦᠭᠡᠷᠦᠮᠵᠢ ᠬᠤᠳᠠᠯᠳᠤᠨ ᠠᠪᠬᠤ ᠲᠥᠷᠥᠯ ᠵᠦᠶᠯ ᠳᠤ 550 ᠲᠦᠮᠡᠨ ᠲᠥᠭᠦᠷᠢᠭ ᠬᠡᠷᠡᠭᠯᠡᠪᠡ᠃ ᠳᠠᠬᠢᠨ | ᠬᠤᠷᠠᠮᠳᠤᠭᠤᠯᠬᠤ ᠵᠢᠭᠡᠯᠡᠯᠭᠡ ᠶᠢᠨ ᠲᠡᠮᠳᠡᠭᠲᠦ ᠶᠢ ᠪᠦᠬᠦᠨ ᠢ ᠣᠷᠣᠨ ᠨᠤᠲᠤᠭ ᠤᠨ ᠵᠠᠰᠠᠭ ᠤᠨ ᠣᠷᠳᠣᠨ ᠤ | ᠥᠭᠴᠡᠭᠡᠨ ᠤ ᠰᠢᠰᠲ᠋ᠧᠮ ᠳᠠᠬᠢ 2020 ᠣᠨ ᠳᠤ ᠬᠤᠭᠤᠴᠠᠭ᠎ᠠ ᠨᠢ ᠲᠤᠯᠤᠭᠰᠠᠨ ᠡᠩ ᠤᠨ ᠵᠢᠭᠡᠯᠡᠯᠭᠡ ᠶᠢᠨ | ᠲᠡᠮᠳᠡᠭᠲᠦ ᠪᠠ ᠲᠤᠰᠬᠠᠶ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ ᠳᠥᠯᠥᠬᠦ ᠳᠤ | ᠬᠡᠷᠡᠭᠯᠡᠪᠡ᠃ | ︵ᠵᠢᠷᠭᠤᠭ᠎ᠠ︶ 2020 ᠣᠨ ᠤ ᠡᠳ᠋ ᠤᠨ ᠵᠠᠰᠠᠭ ᠤᠨ ᠠᠵᠢᠯ ᠢ ᠥᠷᠨᠢᠭᠦᠯᠦᠭᠰᠡᠨ ᠪᠠᠶᠢᠳᠠᠯ | 1. ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ ᠶᠢ ᠪᠠᠷᠢᠮᠲᠠᠯᠠᠵᠤ᠂ ᠣᠷᠣᠯᠭ᠎ᠠ ᠶᠢᠨ ᠶᠠᠰᠤ ᠴᠢᠨᠠᠷ ᠪᠠ | ᠵᠠᠷᠤᠯᠭ᠎ᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ | ᠨᠢᠭᠡ ᠳᠤ ᠲᠠᠲᠠᠪᠤᠷᠢᠯᠠᠨ ᠬᠠᠮᠢᠶᠠᠷᠬᠤ ᠶᠢ ᠴᠢᠩᠭᠠᠳᠬᠠᠵᠤ᠂ ᠤᠯᠤᠰ ᠤᠨ ᠡᠯ᠎ᠡ ᠵᠦᠶᠯ ᠤᠨ ᠭᠠᠶᠢᠯᠢ | ᠬᠥᠩᠭᠡᠯᠡᠵᠦ ᠰᠦᠶᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠰᠠᠭᠤᠷᠢᠨ | ᠳᠡᠭᠡᠷ᠎ᠡ᠂ ᠭᠠᠶᠢᠯᠢ ᠲᠠᠲᠠᠪᠤᠷᠢᠯᠠᠵᠤ ᠰᠦᠢᠳᠬᠡᠯ ᠬᠤᠷᠢᠶᠠᠬᠤ ᠶᠢ ᠬᠡᠷᠡᠭᠵᠢᠭᠦᠯᠬᠦ ᠰᠠᠯᠠᠭ᠎ᠠ ᠮᠥᠴᠢᠷ ᠯᠦᠭᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠲᠤᠭ᠎ᠠ ᠶᠣᠰᠣᠭᠠᠷ | ᠬᠥᠮᠥᠷᠭᠡ ᠳᠤ ᠣᠷᠣᠭᠤᠯᠬᠤ ᠶᠢ ᠦᠨᠡᠨ ᠬᠦ ᠪᠠᠳᠣᠯᠠᠪᠠ᠃ ᠬᠤᠶᠠᠷ ᠲᠤ ᠵᠠᠰᠠᠭ ᠤᠨ ᠣᠷᠳᠣᠨ ᠤ ᠣᠷᠣᠯᠭ᠎ᠠ ᠶᠢ | ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠮᠠᠶ᠋ᠢᠭ ᠤᠨ | ᠲᠠᠯ᠎ᠠ ᠪᠠᠷ ᠰᠢᠨ᠎ᠡ ᠶᠢ ᠡᠭᠦᠳᠪᠡ᠃ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ | ᠴᠢᠩᠭᠠᠳᠬᠠᠬᠤ᠂ ᠵᠠᠰᠠᠭ ᠤᠨ ᠣᠷᠳᠣᠨ ᠤ ᠡᠳ᠋ ᠬᠥᠷᠥᠩᠭᠡ ᠶᠢᠨ ᠡᠷᠬᠡ ᠠᠰᠢᠭ ᠢ ᠡᠷᠭᠢᠯᠲᠡ ᠳᠤ ᠣᠷᠣᠭᠤᠯᠬᠤ ᠲᠠᠯ᠎ᠠ | ᠪᠠᠷ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠲᠠ ᠥᠬᠡᠶ ᠨᠡᠭᠡᠭᠡᠵᠦ᠂ ᠲᠠᠷᠢᠶᠠᠨ ᠭᠠᠵᠠᠷ ᠢ ᠡᠵᠡᠯᠡᠬᠦ | ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠡᠮᠡᠭᠳᠡᠭᠦᠯᠬᠦ | ᠬᠠᠰᠤᠭᠳᠠᠭᠤᠯᠬᠤ ᠳᠤ ᠬᠤᠯᠪᠣᠭᠳᠠᠭᠤᠯᠤᠨ ᠬᠤᠶᠠᠷ ᠭᠦᠶᠴᠡᠳᠬᠡᠯ ᠲᠤᠭ᠎ᠠ ᠶᠢ ᠡᠮᠬᠢᠯᠡᠬᠦ᠂ ᠨᠥᠭᠡᠴᠡᠯᠡᠬᠦ᠂ | ᠠᠷᠠᠯᠵᠢᠶᠠᠯᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠶᠢᠨ ᠬᠠᠮᠲᠤ᠂ ᠣᠢ ᠰᠢᠭᠤᠶ ᠨᠤᠲᠤᠭ ᠪᠡᠯᠴᠢᠭᠡᠷ ᠤᠨ | ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠷᠠᠯᠵᠢᠶᠠᠨ ᠤ ᠲᠠᠯ᠎ᠠ ᠪᠠᠷ ᠰᠢᠪᠲᠤᠯᠤᠯᠲᠠ ᠭᠠᠷᠭᠠᠬᠤ ᠶᠢ ᠢᠳᠡᠪᠬᠢᠲᠡᠶ | ᠪᠠᠷ ᠰᠦᠪᠡᠭᠴᠢᠯᠡᠪᠡ᠃ ᠭᠤᠷᠪᠠ ᠳᠤ ᠡᠳ᠋ ᠤᠨ ᠵᠠᠰᠠᠭ ᠤᠨ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ | ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠦᠷ᠎ᠡ ᠪᠦᠲᠦᠮᠵᠢ ᠶᠢᠨ | ᠬᠠᠮᠢᠶᠠᠷᠤᠯᠲᠠ ᠶᠢᠨ ᠲᠤᠷᠰᠢᠯᠲᠠ ᠶᠢ ᠦᠷᠭᠦᠯᠵᠢᠯᠡᠨ ᠠᠬᠢᠭᠤᠯᠵᠤ ᠲᠡᠭᠦᠯᠳᠡᠷᠵᠢᠭᠦᠯᠦᠨ᠂ ᠡᠳ᠋ ᠤᠨ ᠵᠠᠰᠠᠭ ᠤᠨ | ᠲᠥᠰᠦᠪ ᠤᠨ ᠦᠷ᠎ᠡ ᠪᠦᠲᠦᠮᠵᠢ ᠶᠢᠨ ᠦᠨᠡᠯᠡᠯᠲᠡ ᠪᠠ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠡᠳ᠋ ᠤᠨ ᠵᠠᠰᠠᠭ | ᠤᠨ ᠬᠢᠨᠠᠨ ᠲᠣᠭᠲᠠᠭᠠᠭᠰᠠᠨ ᠦᠷ᠎ᠡ ᠳ᠋ᠦᠩ᠂ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠡᠷᠡᠭ ᠰᠢᠢᠳᠪᠦᠷᠢᠯᠡᠬᠦ᠂ ᠲᠣᠭᠤᠷᠢᠨ | ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠵᠢᠴᠢ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ | ᠠᠰᠠᠭᠤᠳᠠᠯ ᠲᠠᠢ ᠬᠤᠯᠪᠣᠭᠳᠠᠭᠤᠯᠬᠤ ᠠᠵᠢᠯ ᠤᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠦᠨᠳᠦᠰᠦᠨ | ᠱᠠᠲᠤᠨ ᠤ ᠡᠳ᠋ ᠤᠨ ᠵᠠᠰᠠᠭ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠭᠠᠷᠳᠠᠬᠤ ᠴᠡᠭ ᠪᠠ ᠰᠢᠪᠲᠤᠯᠬᠤ | ᠴᠡᠭ ᠢ ᠣᠨᠣᠪᠴᠢᠲᠠᠢ ᠪᠣᠲᠠᠲᠠᠶᠢᠵᠢᠭᠤᠯᠪᠠ᠃ ᠲᠦᠷᠪᠡ ᠳᠤ ᠡᠳ᠋ ᠤᠨ ᠵᠠᠰᠠᠭ ᠤᠨ ᠬᠠᠮᠢᠶᠠᠷᠤᠯᠲᠠ ᠶᠢᠨ ᠮᠡᠳᠡᠭᠡ | ᠵᠠᠩᠭᠢᠵᠢᠯᠲᠠ ᠶᠢᠨ ᠬᠢᠷᠢ ᠲᠥᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠲᠤᠮᠤ | ᠳ᠋ᠠᠶᠢᠲ᠋ᠠ ᠶᠢᠨ ᠬᠡᠷᠡᠭᠯᠡᠯᠲᠡ ᠪᠠ ᠡᠳ᠋ ᠤᠨ ᠵᠠᠰᠠᠭ ᠤᠨ ᠮᠡᠳᠡᠭᠡ ᠵᠠᠩᠭᠢᠵᠢᠯᠲᠠ ᠶᠢᠨ ᠬᠢᠷᠢ ᠲᠥᠪᠰᠢᠨ ᠢ ᠲᠠᠰᠤᠷᠠᠯᠳᠠ | ᠦᠭᠡᠢ ᠳᠡᠭᠡᠭᠰᠢᠯᠡᠭᠦᠯᠬᠦ ᠪᠠᠷ ᠳᠠᠮᠵᠢᠭᠤᠯᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠠᠵᠢᠯᠯᠠᠭᠠᠨ ᠤ ᠢᠯᠡ ᠲᠣᠳᠣ | ᠶᠢᠨ ᠬᠡᠮᠵᠢᠶ᠎ᠡ ᠪᠠ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠪᠡ᠃ | 2. ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠰᠦᠪ ᠤᠨ ᠬᠡᠷᠡᠭᠵᠢᠭᠦᠯᠦᠯᠲᠡ ᠪᠠ ᠬᠢᠨᠠᠯᠲᠠ ᠶᠢᠨ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ | ᠨᠢᠭᠡ ᠳᠤ ᠲᠥᠰᠦᠪ ᠤᠨ ᠬᠡᠷᠡᠭᠵᠢᠭᠦᠯᠦᠯᠲᠡ ᠶᠢᠨ ᠬᠢᠵᠠᠭᠠᠷᠯᠠᠯ ᠢ ᠴᠢᠩᠳᠠᠯᠠᠪᠠ᠃ ᠡᠳ᠋ ᠤᠨ ᠵᠠᠰᠠᠭ ᠤᠨ | ᠶᠠᠮᠤᠨ ᠤ ︽ᠣᠷᠣᠨ ᠨᠤᠲᠤᠭ ᠤᠨ ᠲᠥᠰᠦᠪ ᠤᠨ ᠬᠡᠷᠡᠭᠵᠢᠭᠦᠯᠦᠯᠲᠡ ᠪᠠ ᠡᠳ᠋ ᠤᠨ ᠵᠠᠰᠠᠭ ᠤᠨ ᠪᠡᠯᠡ ᠮᠥᠩᠭᠦ ᠶᠢᠨ | ᠠᠮᠤᠷ ᠲᠦᠪᠰᠢᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠬᠤ ᠬᠤᠯᠪᠣᠭᠳᠠᠯ ᠪᠦᠬᠦᠢ ᠶᠠᠪᠤᠳᠠᠯ ᠤᠨ ᠲᠤᠬᠠᠢ | ᠮᠡᠳᠡᠭᠳᠡᠯ︾ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠣᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠴᠣᠬᠤᠯᠠᠪᠦᠷᠢᠯᠠᠭᠰᠠᠨ ᠲᠥᠰᠦᠪ ᠤᠨ ᠬᠡᠷᠡᠭᠵᠢᠭᠦᠯᠦᠯᠲᠡ ᠶᠢ ᠴᠢᠩᠳᠠᠯᠠᠨ᠂ ᠲᠥᠰᠦᠪ ᠤᠨ ᠲᠣᠬᠢᠷᠠᠭᠤᠯᠤᠯᠲᠠ ᠶᠢᠨ | ᠵᠦᠢᠯᠡᠰ ᠢ ᠴᠢᠩᠭ᠎ᠠ ᠬᠢᠵᠠᠭᠠᠷᠯᠠᠵᠤ᠂ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠨ᠂ ᠲᠥᠰᠦᠪ ᠤᠨ ᠬᠤᠷᠢᠭ᠎ᠠ | ᠱᠤᠭᠤᠮ ᠢ ᠪᠠᠲᠤ ᠰᠡᠬᠢᠪᠡ᠃ ᠬᠤᠶᠠᠷ ᠲᠤ ᠡᠳ᠋ ᠤᠨ ᠵᠠᠰᠠᠭ ᠤᠨ ᠬᠠᠳᠠᠭᠠᠯᠠᠯᠲᠠ ᠶᠢᠨ ᠪᠠᠯᠠ ᠮᠥᠩᠭᠦ ᠶᠢ ᠬᠦᠴᠦᠲᠡᠢ | ᠡᠷᠭᠢᠯᠲᠡ ᠳᠤ ᠣᠷᠣᠭᠤᠯᠤᠨ᠂ ᠤᠷᠲᠤ ᠬᠤᠭᠤᠴᠠᠭᠠᠨ ᠤ ᠳᠠᠷᠤᠭᠳᠠᠭᠰᠠᠨ ᠪᠠᠯᠠ ᠮᠥᠩᠭᠦ ᠶᠢ ᠴᠠᠭ ᠲᠤᠬᠠᠶ ᠳᠤᠨᠢ | ᠬᠤᠷᠢᠶᠠᠨ ᠠᠪᠴᠢᠷᠠᠪᠠ᠃ ︽ᠬᠡᠷᠡᠭᠴᠡᠭᠡ ᠠᠴᠠ ᠪᠣᠯᠵᠤ ᠴᠡᠭᠴᠡᠯᠡᠬᠦ᠂ ᠴᠡᠭᠴᠡᠯᠡᠪᠡᠯ ᠵᠣᠬᠢᠬᠤ ᠶᠢ ᠨᠢ ᠪᠦᠬᠦᠨ ᠢ | ᠴᠡᠭᠴᠡᠯᠡᠬᠦ︾ ᠶᠢ ᠪᠠᠷᠢᠮᠲᠠᠯᠠᠵᠤ᠂ ᠬᠦᠳᠡᠭᠡ ᠠᠵᠦ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ | ᠨᠡᠶᠢᠯᠡᠭᠦᠯᠵᠦ ᠨᠢᠭᠡᠳᠦᠯᠲᠡᠶ ᠲᠥᠯᠥᠪᠯᠡᠬᠦ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠪᠡᠯᠡ ᠮᠥᠩᠭᠦ | ᠲᠣᠬᠢᠷᠠᠭᠤᠯᠬᠤ ᠦᠷ᠎ᠡ ᠪᠦᠲᠦᠮᠵᠢ ᠪᠣᠯᠤᠨ ᠲᠥᠷᠥᠯ ᠵᠦᠢᠯ ᠤᠨ ᠦᠷ᠎ᠡ ᠠᠰᠢᠭ ᠢ ᠲᠡᠭᠡᠭᠰᠢᠯᠡᠭᠦᠯᠪᠡ᠃ ᠭᠤᠷᠪᠠ ᠳᠤ | ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠪᠠ᠃ ᠨᠢᠭᠲᠠᠯᠠᠨ ᠪᠣᠳᠣᠬᠤ ᠲᠤᠰᠬᠠᠢ | ᠮᠡᠷᠭᠡᠵᠢᠯ ᠤᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠵᠤ᠂ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠠᠵᠢᠯᠳᠠᠨ ᠪᠠ ᠰᠢᠶᠠᠩ ᠪᠠᠯᠭᠠᠰᠤᠨ ᠤ ᠡᠳ᠋ ᠤᠨ ᠶᠠᠪᠤᠳᠠᠯ ᠤᠨ ᠠᠵᠢᠯᠳᠠᠨ ᠤ ᠲᠤᠬᠠᠶᠢᠯᠠᠭᠰᠠᠨ | ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠡᠯ᠎ᠡ ᠨᠢᠭᠡᠴᠡ ᠶᠢᠨ ᠡᠳ᠋ ᠤᠨ ᠶᠠᠪᠤᠳᠠᠯ ᠤᠨ ᠠᠵᠢᠯᠳᠠᠨ | ᠳᠤ ᠰᠢᠨ᠎ᠡ ᠮᠡᠳᠡᠯᠭᠡ ᠮᠡᠷᠭᠡᠵᠢᠯ ᠬᠦᠷᠲᠡᠭᠡᠨ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠵᠢᠷᠣᠮᠵᠢᠭᠤᠯᠪᠠ᠃ ᠳᠥᠷᠪᠡ ᠳᠤ ᠡᠳ᠋ ᠤᠨ ᠵᠠᠰᠠᠭ ᠤᠨ ᠬᠢᠨᠠᠨ ᠲᠣᠭᠲᠠᠭᠠᠬᠤ ᠪᠠ ᠡᠳ᠋ ᠤᠨ ᠵᠠᠰᠠᠭ ᠤᠨ ᠬᠢᠨᠠᠯᠲᠠ | ᠲᠠᠯᠪᠢᠬᠤ ᠡᠭᠦᠷᠭᠡ ᠴᠢᠳᠠᠪᠤᠷᠢ ᠶᠢ ᠭᠦᠶᠴᠡᠳ ᠪᠠᠳᠠᠷᠠᠭᠤᠯᠪᠠ᠃ ᠪᠠᠯᠠ ᠮᠥᠩᠭᠦ ᠪᠠ ᠲᠥᠷᠥᠯ ᠵᠦᠶᠯ ᠤᠨ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠬᠢᠨᠠᠨ ᠦᠨᠡᠯᠡᠬᠦ ᠶᠢᠨ ᠨᠡᠪᠲᠡᠯᠬᠦ | ᠬᠦᠴᠦᠨ ᠢ ᠳᠡᠭᠡᠭᠰᠢᠯᠡᠭᠦᠯᠦᠨ᠂ ᠠᠩᠬ᠎ᠠ ᠬᠢᠨᠠᠬᠤ᠂ ᠳᠠᠬᠢᠨ ᠬᠢᠨᠠᠬᠤ᠂ ᠮᠥᠷᠳᠡᠨ ᠬᠢᠨᠠᠬᠤ ᠴᠤᠪᠤᠷᠠᠯ ᠢ ᠪᠠᠶᠢᠭᠤᠯᠵᠤ᠂ | ᠲᠥᠷᠥᠯ ᠵᠦᠶᠯ ᠤᠨ ᠠᠵᠢᠯ ᠤᠨ ᠡᠮᠦᠨᠡᠬᠢ᠂ ᠠᠵᠢᠯ ᠤᠨ ᠳᠤᠮᠳᠠ᠂ ᠠᠵᠢᠯ ᠤᠨ ᠲᠡᠭᠦᠰᠬᠡᠯ ᠤᠨ ᠬᠢᠨᠠᠯᠲᠠ | ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠪᠡ᠃ ᠪᠦᠬᠦ ᠵᠢᠯ ᠳᠤ ᠨᠡᠶᠢᠲᠡ 687 ᠵᠦᠢᠯ ᠤᠨ ᠤᠷᠢᠳᠴᠢᠯᠠᠨ | ᠳ᠋ᠦᠩᠨᠡᠨ ᠪᠣᠳᠣᠭᠰᠠᠨ ᠲᠥᠷᠦᠯ ᠵᠦᠢᠯ ᠢ ᠬᠢᠨᠠᠨ ᠲᠣᠭᠲᠠᠭᠠᠵᠤ᠂ ᠮᠡᠳᠡᠭᠦᠯᠦᠨ ᠬᠢᠨᠠᠭᠰᠠᠨ ᠵᠣᠭᠤᠰ ᠤᠨ ᠲᠤᠭ᠎ᠠ | 214058.21 ᠲᠦᠮᠡᠨ ᠲᠥᠭᠦᠷᠢᠭ᠂ ᠬᠢᠨᠠᠨ ᠲᠣᠭᠲᠠᠭᠠᠭᠰᠠᠨ ᠵᠣᠭᠤᠰ ᠤᠨ ᠲᠤᠭ᠎ᠠ 187890.11 ᠲᠦᠮᠡᠨ | ᠲᠥᠭᠦᠷᠢᠭ᠂ ᠬᠢᠨᠠᠨ ᠬᠠᠰᠤᠭᠰᠠᠨ ᠵᠣᠭᠤᠰ ᠤᠨ ᠲᠤᠭ᠎ᠠ 26168.1 ᠲᠦᠮᠡᠨ ᠲᠥᠭᠦᠷᠢᠭ᠂ ᠬᠢᠨᠠᠨ ᠬᠠᠰᠤᠭᠰᠠᠨ | ᠨᠣᠷᠮ᠎ᠠ 12.22%᠃ ᠡᠳ᠋ ᠤᠨ ᠵᠠᠰᠠᠭ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢ ᠪᠦᠬᠦ ᠲᠠᠯ᠎ᠠ ᠪᠠᠷ | ᠭᠦᠢᠴᠡᠳᠬᠡᠵᠦ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ᠂ ᠴᠢᠬᠤᠯᠠ ᠶᠡᠭᠡ ᠲᠥᠷᠦᠯ ᠵᠦᠢᠯ ᠤᠨ ᠡᠳ᠋ ᠤᠨ | ᠵᠠᠰᠠᠭ ᠤᠨ ᠬᠢᠨᠠᠯᠲᠠ ᠶᠢ ᠴᠢᠩᠭᠠᠳᠬᠠᠵᠤ᠂ ᠡᠳ᠋ ᠤᠨ ᠵᠠᠰᠠᠭ ᠲᠤ ᠬᠤᠯᠪᠣᠭᠳᠠᠬᠤ ᠬᠠᠯᠠᠮᠰᠢᠯ ᠠᠰᠠᠭᠤᠳᠠᠯ᠂ ᠬᠦᠴᠢᠷ | ᠠᠰᠠᠭᠤᠳᠠᠯ ᠵᠡᠷᠭᠡ ᠰᠡᠷᠭᠡᠭ ᠠᠰᠠᠭᠤᠳᠠᠯ ᠳᠤ ᠦᠷᠭᠦᠯᠵᠢᠯᠡᠨ ᠬᠢᠨᠠᠯᠲᠠ ᠲᠠᠯᠪᠢᠬᠤ ᠶᠢ ᠥᠷᠨᠢᠭᠦᠯᠵᠦ᠂ ᠪᠦᠬᠦ ᠲᠠᠯ᠎ᠠ | ᠶᠢᠨ᠂ ᠭᠦᠨ ᠭᠦᠨᠵᠡᠭᠡᠢ ᠡᠳ᠋ ᠤᠨ ᠵᠠᠰᠠᠭ ᠤᠨ ᠬᠢᠨᠠᠯᠲᠠ ᠲᠠᠯᠪᠢᠬᠤ ᠰᠢᠨ᠎ᠡ ᠪᠠᠶᠢᠳᠠᠯ ᠢ ᠡᠭᠦᠳᠪᠡ᠃ | 3. ᠪᠣᠳᠠᠲᠠᠢ ᠶᠢ ᠡᠷᠬᠢᠮᠯᠡᠨ ᠣᠨᠣᠪᠴᠢᠲᠠᠢ ᠪᠠᠶᠢᠬᠤ ᠶᠢ ᠪᠠᠷᠢᠮᠲᠠᠯᠠᠵᠤ᠂ ︽ᠭᠤᠷᠪᠠᠨ ᠶᠡᠭᠡ ᠪᠡᠷᠬᠡ ᠶᠢ | ᠲᠣᠭᠤᠯᠬᠤ ᠳᠠᠶᠢᠯᠠᠯᠳᠤᠭᠠᠨ︾ ᠤ ᠢᠯᠠᠯᠲᠠ ᠶᠢ ᠤᠯᠬᠤ ᠶᠢ ᠪᠦᠬᠦ ᠬᠦᠴᠦᠨ ᠢᠶᠠᠷ ᠢᠶᠠᠨ ᠪᠠᠳᠣᠯᠠᠪᠠ | ᠨᠢᠭᠡ ᠳᠤ ᠶᠠᠳᠠᠭᠤ ᠠᠴᠠ ᠠᠩᠭᠢᠵᠢᠷᠠᠭᠤᠯᠣᠨ ᠪᠡᠷᠬᠡ ᠶᠢ ᠲᠣᠭᠤᠯᠬᠤ ᠪᠠᠲᠣᠯᠠᠭ᠎ᠠ ᠬᠠᠩᠭᠠᠪᠠ᠃ 2020 ᠣᠨ | ᠳᠤ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ 43617.92 ᠲᠦᠮᠡᠨ ᠲᠥᠭᠦᠷᠢᠭ ᠣᠷᠣᠭᠤᠯᠵᠤ᠂ | ᠡᠭᠦᠨ ᠳᠤ᠄ ᠳᠡᠭᠡᠳᠦ ᠱᠠᠲᠤᠨ ᠤ ᠲᠤᠰᠬᠠᠶ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ 23037 ᠲᠦᠮᠡᠨ | ᠲᠥᠭᠦᠷᠢᠭ᠂ ᠬᠤᠰᠢᠭᠤᠨ ᠱᠠᠲᠤᠨ ᠤ ᠢᠵᠢ ᠪᠥᠷᠢᠳᠦᠭᠦᠯᠬᠦ ᠪᠠᠯᠠ ᠮᠥᠩᠭᠦ 6200 ᠲᠦᠮᠡᠨ ᠲᠥᠭᠦᠷᠢᠭ᠂ ᠪᠣᠳᠠᠲᠠᠶ | ᠨᠡᠶᠢᠯᠡᠭᠦᠯᠦᠭᠰᠡᠨ ᠪᠠᠯᠠ ᠮᠥᠩᠭᠦ 14380.92 ᠲᠦᠮᠡᠨ ᠲᠥᠭᠦᠷᠢᠭ᠃ ᠨᠢᠭᠡᠨᠲᠡ 40672.96 ᠲᠦᠮᠡᠨ | ᠲᠥᠭᠦᠷᠢᠭ ᠪᠠᠭᠤᠯᠭᠠᠵᠤ᠂ ᠪᠠᠯᠠ ᠮᠥᠩᠭᠦ ᠰᠠᠯᠭᠠᠨ ᠥᠭᠭᠦᠭᠰᠡᠨ ᠨᠣᠷᠮ᠎ᠠ 93.25% ᠳᠤ ᠬᠦᠷᠴᠦ᠂ ᠶᠠᠳᠠᠭᠤ ᠠᠴᠠ | ᠠᠩᠭᠢᠵᠢᠷᠠᠭᠤᠯᠬᠤ ᠪᠡᠷᠬᠡ ᠶᠢ ᠲᠤᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠳᠤ ᠡᠳ᠋ ᠤᠨ ᠬᠦᠴᠦᠨ ᠤ | ᠪᠠᠲᠤᠯᠠᠭ᠎ᠠ ᠬᠠᠩᠭᠠᠪᠠ᠃ ᠬᠤᠶᠠᠷ ᠲᠤ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡ ᠣᠷᠣᠭᠤᠯᠤᠯᠲᠠ ᠶᠢᠨ ᠡᠷᠴᠢᠮ | ᠴᠢᠩᠭᠠᠷᠠᠪᠠ᠃ ᠤᠰᠤ᠂ ᠰᠢᠷᠣᠶ᠂ ᠠᠭᠠᠷ ᠮᠠᠨᠳᠠᠯ ᠤᠨ ᠵᠠᠰᠠᠯᠲᠠ ᠵᠡᠷᠭᠡ ᠳᠡᠭᠡᠳᠦ ᠱᠠᠲᠤᠨ ᠤ ᠲᠤᠰᠬᠠᠶ ᠲᠥᠷᠥᠯ ᠢᠶᠠᠷ | ᠬᠤᠰᠢᠭᠤ ᠲᠣᠰ ᠱᠠᠲᠤᠨ ᠤ ᠢᠵᠢ ᠪᠥᠷᠢᠳᠦᠭᠦᠯᠬᠦ ᠴᠢᠬᠤᠯᠠᠲᠠᠶ ᠬᠡᠰᠡᠭ ᠲᠤ᠂ ᠴᠠᠭ ᠲᠤᠬᠠᠶ ᠳᠤᠨᠢ ᠲᠤᠭ᠎ᠠ ᠶᠣᠰᠣᠭᠠᠷ | ᠭᠦᠶᠴᠡᠳ ᠢᠵᠢ ᠪᠥᠷᠢᠳᠦᠭᠦᠯᠵᠦ᠂ ᠬᠢᠨᠠᠮᠠᠭᠠᠶ ᠨᠠᠶᠢᠳᠠᠪᠤᠷᠢᠵᠢᠭᠤᠯᠤᠨ᠂ ᠣᠷᠴᠢᠨ ᠲᠣᠭᠤᠷᠢᠨ ᠤ ᠪᠣᠬᠢᠷᠲᠤᠯ ᠢ | ᠵᠠᠰᠠᠬᠤ ᠪᠠ ᠠᠮᠢ ᠠᠬᠤᠶ ᠶᠢ ᠬᠠᠮᠠᠭᠠᠯᠠᠬᠤ ᠪᠠᠯᠠ ᠮᠥᠩᠭᠦ ᠶᠢ ᠨᠡᠶᠢᠲᠡ 10518 ᠲᠦᠮᠡᠨ ᠲᠥᠭᠦᠷᠢᠭ ᠰᠠᠯᠭᠠᠨ | ᠥᠭᠪᠡ᠃ ᠭᠤᠷᠪᠠ ᠳᠤ ᠵᠠᠰᠠᠭ ᠤᠨ ᠣᠷᠳᠣᠨ ᠤ ᠦᠷᠢ ᠥᠭᠴᠡᠭᠡᠨ ᠤ ᠲᠦᠭᠰᠢᠭᠦᠷᠢ ᠶᠢ ᠪᠠᠭᠤᠷᠠᠭᠤᠯᠪᠠ᠃ ᠰᠢᠨ᠎ᠡ | ᠪᠠᠷ ᠨᠡᠮᠡᠭᠳᠡᠬᠦ ᠥᠷᠢ ᠥᠭᠴᠡᠭᠡ ᠶᠢ ᠴᠢᠩᠭ᠎ᠠ ᠬᠢᠵᠠᠭᠠᠷᠯᠠᠵᠤ᠂ ᠦᠯᠡᠳᠡᠭᠡᠯ ᠥᠷᠢ ᠥᠭᠴᠡᠭᠡ ᠶᠢ ᠯᠠᠪᠳᠠᠭᠤᠨ ᠢᠶᠠᠷ | ᠠᠷᠢᠯᠭᠠᠨ᠂ ᠥᠷᠢ ᠥᠭᠴᠡᠭᠡ ᠶᠢ ᠠᠷᠢᠯᠭᠠᠬᠤ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠥᠷᠢ ᠥᠭᠴᠡᠭᠡ ᠶᠢ | ᠠᠷᠢᠯᠭᠠᠬᠤ ᠠᠷᠭ᠎ᠠ ᠵᠠᠮ ᠢ ᠥᠷᠭᠡᠳᠬᠡᠨ᠂ 2020 ᠣᠨ ᠳᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠡᠬᠡ | ᠬᠦᠦ ᠶᠢ 95251 ᠲᠦᠮᠡᠨ ᠲᠥᠭᠦᠷᠢᠭ ᠲᠦᠯᠦᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠣᠷᠮ᠎ᠠ ᠶᠢ | 204 .6% ᠪᠣᠯᠲᠠᠯ᠎ᠠ ᠪᠠᠭᠤᠷᠠᠭᠤᠯᠪᠠ᠃ | 4. ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ | ᠲᠣᠭᠲᠠᠪᠤᠷᠢᠵᠢᠭᠤᠯᠬᠤ᠂ ᠵᠢᠷᠭᠤᠭ᠎ᠠ ᠶᠢ ᠪᠠᠲᠤᠯᠠᠬᠤ︾ ᠠᠵᠢᠯ | ᠨᠢᠭᠡ ᠳᠤ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠡᠯ᠎ᠡ ᠵᠦᠶᠯ ᠤᠨ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠠᠵᠤ ᠠᠬᠤᠶᠢᠯᠠᠯ ᠤᠨ | ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠬᠦᠴᠦᠨ ᠨᠡᠮᠡᠷᠢᠯᠡᠪᠡ᠃ | ᠪᠥᠬᠦ ᠵᠢᠯ ᠳᠤ ᠨᠡᠶᠢᠲᠡ 17367 ᠲᠦᠮᠡᠨ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠶᠳᠬᠡᠯ ᠢ | ᠪᠠᠭᠤᠷᠠᠭᠤᠯᠵᠤ᠂ ᠡᠭᠦᠨ ᠳᠤ᠄ 12908 ᠲᠦᠮᠡᠨ ᠲᠥᠭᠦᠷᠢᠭ ᠤᠨ ᠭᠠᠶᠢᠯᠢ ᠶᠢ ᠬᠠᠰᠤᠨ ᠬᠡᠯᠲᠦᠷᠢᠭᠦᠯᠵᠦ᠂ | 4459 ᠲᠦᠮᠡᠨ ᠲᠥᠭᠦᠷᠢᠭ ᠤᠨ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠬᠠᠰᠤᠵᠤ ᠬᠡᠯᠲᠦᠷᠢᠭᠦᠯᠪᠡ᠃ | ᠬᠤᠶᠠᠷ ᠲᠤ ᠲᠥᠪ ᠤᠨ ᠰᠢᠭᠤᠳ ᠪᠡᠯᠡ ᠮᠥᠩᠭᠦ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠪᠡ᠃ 2020 ᠣᠨ | ᠳᠤ ᠬᠦᠴᠦᠨ ᠵᠦᠶᠯ ᠢ ᠵᠠᠳᠠᠯᠬᠤ ᠠᠷᠭ᠎ᠠ ᠶᠣᠰᠣᠭᠠᠷ ᠮᠠᠨ ᠤ ᠬᠤᠰᠢᠭᠤᠨ ᠳᠤ 44425.70 ᠲᠦᠮᠡᠨ ᠲᠥᠭᠦᠷᠢᠭ | ᠤᠨ ᠰᠢᠭᠤᠳ ᠪᠠᠯᠠ ᠮᠥᠩᠭᠦ ᠬᠤᠪᠢᠶᠠᠷᠢᠯᠠᠨ ᠥᠭᠴᠦ᠂ ᠰᠢᠭᠤᠳ ᠪᠠᠯᠠ ᠮᠥᠩᠭᠦ ᠶᠢᠨ ᠬᠦᠴᠦᠲᠡᠢ ᠲᠤᠰᠠᠯᠠᠮᠵᠢ ᠪᠠᠷ᠂ | ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ᠂ ᠬᠢᠵᠢᠭ ᠢ | ᠰᠡᠷᠭᠡᠶᠢᠯᠡᠨ ᠬᠤᠷᠢᠭᠯᠠᠬᠤ ᠶᠢ ᠳᠡᠮᠵᠢᠬᠦ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠭᠠᠶᠢᠯᠢ ᠬᠥᠩᠭᠡᠯᠡᠵᠦ | ᠰᠦᠶᠳᠬᠡᠯ ᠪᠠᠭᠤᠷᠠᠭᠤᠯᠬᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ | ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠴᠥᠮ ᠲᠤᠶᠢᠯ ᠤᠨ ᠴᠢᠬᠤᠯᠠ ᠦᠶᠯᠡᠳᠦᠯ | ᠦᠵᠡᠭᠦᠯᠪᠡ᠃ ᠭᠤᠷᠪᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠡᠳ᠋ ᠪᠣᠳᠠᠰ ᠨᠥᠭᠡᠴᠡᠯᠡᠬᠦ ᠪᠠᠯᠠ | ᠮᠥᠩᠭᠦ ᠶᠢᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃ 2020 ᠣᠨ ᠳᠤ ᠬᠢᠵᠢᠭ | ᠲᠠᠢ ᠲᠡᠮᠡᠴᠡᠬᠦ ᠵᠠᠷᠤᠳᠠᠯ ᠨᠡᠶᠢᠲᠡ 6307 ᠲᠦᠮᠡᠨ ᠲᠥᠭᠦᠷᠢᠭ ᠭᠠᠷᠭᠠᠨ ᠥᠭᠴᠦ᠂ ᠡᠭᠦᠨ ᠳᠤ᠄ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠯᠠ ᠮᠥᠩᠭᠦ 2144 ᠲᠦᠮᠡᠨ ᠲᠥᠭᠦᠷᠢᠭ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠪᠣᠯᠤᠨ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠵᠦ ᠠᠪᠤᠷᠠᠨ ᠡᠮᠴᠢᠯᠡᠬᠦ ᠰᠢᠰᠲ᠋ᠧᠮ ᠤᠨ ᠪᠠᠶᠢᠭᠤᠯᠤᠯᠲᠠ ᠶᠢᠨ ᠪᠠᠯᠠ ᠮᠥᠩᠭᠦ 3073 ᠲᠦᠮᠡᠨ ᠲᠥᠭᠦᠷᠢᠭ᠂ | ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠳᠤ 474 | ᠲᠦᠮᠡᠨ ᠲᠥᠭᠦᠷᠢᠭ᠂ ᠬᠢᠵᠢᠭ ᠲᠠᠢ ᠲᠡᠮᠡᠴᠡᠬᠦ ᠪᠤᠰᠤᠳ ᠵᠠᠷᠤᠯᠭ᠎ᠠ ᠳᠤ 616 ᠲᠦᠮᠡᠨ ᠲᠥᠭᠦᠷᠢᠭ᠃ ᠳᠥᠷᠪᠡ ᠳᠤ | ︽ᠠᠷᠪᠢᠴᠢ ᠭᠠᠮᠲᠠᠶ ᠠᠵᠦ ᠲᠦᠷᠦᠬᠦ︾ ᠦᠵᠡᠯ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯᠴᠢ ᠠᠷᠪᠢᠴᠢ | ᠪᠠᠷ ᠠᠮᠢᠳᠤᠷᠠᠬᠤ ᠶᠢ ᠴᠢᠩᠭ᠎ᠠ ᠬᠡᠷᠡᠭᠵᠢᠭᠦᠯᠪᠡ᠃ 2020 ᠣᠨ ᠤ ᠡᠬᠢ ᠪᠠᠷ ᠲᠥᠰᠦᠪ ᠢ ᠲᠣᠬᠢᠷᠠᠭᠤᠯᠬᠤ ᠦᠶ᠎ᠡ | ᠳᠤ ᠡᠩ ᠤᠨ ᠴᠢᠨᠠᠷᠲᠠᠶ ᠵᠠᠷᠤᠯᠭ᠎ᠠ ᠶᠢ 1002 ᠲᠦᠮᠡᠨ ᠲᠥᠭᠦᠷᠢᠭ ᠬᠠᠰᠤᠵᠤ᠂ 10% ᠪᠠᠷ ᠪᠠᠭᠠᠰᠬᠠᠨ᠂ ᠡᠭᠦᠨ | ᠳᠤ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ ᠢ 554 ᠲᠦᠮᠡᠨ ᠲᠥᠭᠦᠷᠢᠭ ᠬᠠᠰᠤᠪᠠ᠃ ᠲᠦᠷᠦᠯ ᠵᠦᠢᠯ ᠤᠨ | ᠵᠠᠷᠤᠯᠭ᠎ᠠ ᠳᠤ ᠲᠡᠭ ᠰᠠᠭᠤᠷᠢ ᠲᠤᠭ᠎ᠠ ᠶᠢᠨ ᠲᠥᠰᠦᠪ ᠢ ᠬᠡᠷᠡᠭᠯᠡᠵᠦ᠂ ᠴᠢᠬᠤᠯᠠ ᠪᠤᠰᠤ ᠪᠠ ᠦᠷ᠎ᠡ ᠪᠦᠲᠦᠮᠵᠢ ᠦᠭᠡᠢ | ᠲᠦᠷᠦᠯ ᠵᠦᠢᠯ ᠢ ᠴᠡᠪᠡᠷᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠯᠡᠵᠦ᠂ | ᠬᠢᠵᠠᠭᠠᠷ ᠲᠠᠢ ᠪᠡᠯᠡ ᠮᠥᠩᠭᠦ ᠶᠢ ᠬᠡᠷᠡᠭᠴᠡᠭᠡ ᠲᠠᠢ ᠭᠠᠵᠠᠷ ᠲᠤᠨᠢ ᠬᠡᠷᠡᠭᠯᠡᠪᠡ᠃ | 5. ᠡᠳ᠋ ᠤᠨ ᠵᠠᠰᠠᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ | ᠣᠳᠣᠬᠢᠴᠢᠯᠠᠭᠰᠠᠨ ᠵᠠᠰᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠦᠪᠰᠢᠨ ᠢ ᠲᠡᠭᠡᠭᠰᠢᠯᠡᠭᠦᠯᠪᠡ | ᠨᠢᠭᠡ ᠳᠤ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠬᠠᠮᠢᠶᠠᠷᠤᠯᠲᠠ ᠶᠢ ᠴᠢᠩᠭᠠᠳᠬᠠᠪᠠ᠃ ︽ᠠᠷᠤ ᠬᠤᠷᠴᠢᠨ ᠬᠤᠰᠢᠭᠤᠨ ᠤ ᠤᠯᠤᠰ ᠤᠨ ᠥᠮᠴᠢᠯᠡᠯᠲᠦ ᠭᠤᠤᠯᠳᠠᠯᠭ᠎ᠠ | ᠲᠠᠢ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠵᠤ᠂ ᠤᠯᠤᠰ ᠤᠨ ᠥᠮᠴᠢᠯᠡᠯᠲᠦ 8 ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢ | ᠵᠢᠩᠬᠢᠨᠢ ᠪᠠᠷ ᠲᠣᠮᠢᠯᠠᠵᠤ᠂ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ | ᠠᠴᠠ ᠤᠯᠤᠰ ᠤᠨ ᠥᠮᠴᠢᠯᠡᠯᠲᠦ ᠭᠤᠤᠯᠳᠠᠯᠭ᠎ᠠ ᠲᠠᠢ ᠠᠵᠤ ᠠᠬᠤᠶᠢᠯᠠᠯ ᠤᠨ ᠳᠡᠳ᠋ ᠲᠤᠰᠢᠶᠠᠯ ᠳᠤ ᠲᠣᠮᠢᠯᠠᠭᠰᠠᠨ | ᠪᠠᠶᠢᠳᠠᠯ ᠢ ᠬᠢᠨᠠᠨ ᠵᠥᠪᠯᠡᠵᠦ ᠪᠠᠲᠤᠯᠠᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠪᠥᠬᠦ ᠲᠠᠯ᠎ᠠ ᠪᠠᠷ ᠳᠥᠯᠭᠢᠨ ᠠᠬᠢᠭᠤᠯᠪᠠ᠃ ᠬᠤᠶᠠᠷ ᠲᠤ ᠳᠡᠭᠡᠳᠦ ᠱᠠᠲᠤᠨ ᠤ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠡᠩ ᠤᠨ ᠴᠢᠨᠠᠷᠲᠠᠶ ᠵᠠᠷᠤᠯᠭ᠎ᠠ ᠪᠠ ᠴᠢᠬᠤᠯᠠ | ᠪᠤᠰᠤ ᠲᠥᠷᠥᠯ ᠵᠦᠶᠯ ᠤᠨ ᠵᠠᠷᠤᠯᠭ᠎ᠠ ᠶᠢ ᠪᠠᠭᠠᠰᠬᠠᠵᠤ᠂ ᠡᠳ᠋ ᠤᠨ ᠬᠦᠴᠦᠨ ᠤ ᠣᠷᠣᠨ ᠵᠠᠶ ᠶᠢ ᠰᠤᠯᠠᠯᠠᠨ ᠭᠠᠷᠭᠠᠵᠤ | ᠪᠠᠶᠢᠭᠠᠳ ︽ᠭᠤᠷᠪᠠ ᠶᠢ ᠪᠠᠲᠤᠯᠠᠬᠤ︾᠂ ᠬᠤᠰᠢᠭᠤᠨ ᠤ ᠲᠣᠰ ᠱᠠᠲᠤᠨ ᠤ ᠢᠵᠢ ᠪᠥᠷᠢᠳᠦᠭᠦᠯᠬᠦ ᠶᠠᠳᠠᠭᠤ ᠶᠢ | ᠲᠡᠳᠬᠦᠬᠦ ᠪᠠᠯᠠ ᠮᠥᠩᠭᠦ ᠪᠠ ᠵᠠᠰᠠᠭ ᠤᠨ ᠣᠷᠳᠣᠨ ᠤ ᠥᠷᠢ ᠥᠭᠴᠡᠭᠡ ᠶᠢᠨ ᠡᠬᠡ ᠬᠦᠦ ᠮᠥᠩᠭᠦ ᠶᠢ ᠪᠤᠴᠠᠭᠠᠬᠤ | ᠲᠤᠭ᠎ᠠ ᠬᠡᠮᠵᠢᠶ᠎ᠡ ᠶᠢ ᠵᠢᠯ ᠤᠨ ᠡᠬᠢᠨ ᠤ ᠲᠥᠰᠦᠪ ᠲᠤ ᠣᠷᠣᠭᠤᠯᠪᠠ᠃ ᠭᠤᠷᠪᠠ ᠳᠤ ︽ᠢᠯᠡ ᠪᠣᠯᠭᠠᠬᠤ ᠪᠣᠯ ᠬᠡᠪ | ᠤᠨ ᠪᠠᠶᠢᠳᠠᠯ᠂ ᠢᠯᠡ ᠪᠣᠯᠭᠠᠬᠤ ᠦᠭᠡᠢ ᠪᠣᠯ ᠣᠨᠴᠠᠭᠠᠢ ᠵᠢᠱᠢᠶ᠎ᠡ︾ ᠭᠡᠬᠦ ᠵᠠᠷᠴᠢᠮ ᠢ ᠪᠠᠷᠢᠮᠲᠠᠯᠠᠵᠤ᠂ ᠲᠥᠰᠦᠪ ᠪᠠ | ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠪᠠᠷ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠬᠢᠨᠠᠯᠲᠠ | ᠲᠠᠯᠪᠢᠬᠤ ᠪᠠ ᠬᠢᠵᠠᠭᠠᠷᠯᠠᠬᠤ ᠦᠢᠯᠡᠳᠦᠯ ᠢ ᠪᠠᠳᠠᠷᠠᠭᠤᠯᠵᠤ᠂ ᠡᠯ᠎ᠡ ᠵᠦᠢᠯ ᠤᠨ ᠡᠳ᠋ ᠤᠨ ᠵᠠᠰᠠᠭ ᠤᠨ ᠲᠦᠷᠢᠮ᠂ ᠡᠳ᠋ | ᠤᠨ ᠵᠠᠰᠠᠭ ᠤᠨ ᠪᠡᠯᠡ ᠮᠥᠩᠭᠦ ᠶᠢ ᠢᠯᠡ ᠪᠠᠷ ᠬᠡᠷᠡᠭᠵᠢᠭᠦᠯᠪᠡ᠃ ᠳᠥᠷᠪᠡ ᠳᠤ᠂ ᠠᠯᠪᠠᠨ ᠶᠠᠪᠤᠳᠠᠯ ᠤᠨ ᠺᠠᠷᠲ ᠢᠶᠠᠷ | ᠳ᠋ᠦᠩᠨᠡᠨ ᠪᠤᠳᠤᠬᠤ ᠲᠦᠷᠢᠮ ᠢ ᠲᠦᠭᠡᠮᠡᠯᠵᠢᠭᠦᠯᠦᠨ ᠲᠡᠭᠦᠯᠳᠡᠷᠵᠢᠭᠦᠯᠵᠦ᠂ ᠪᠠᠯᠠ ᠮᠥᠩᠭᠦ ᠲᠣᠭᠠᠴᠠᠨ ᠥᠭᠬᠦ ᠦᠷ᠎ᠡ | ᠪᠦᠲᠦᠮᠵᠢ ᠪᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢ | ᠬᠡᠷᠡᠭᠯᠡᠬᠦ ᠵᠢᠷᠤᠮᠵᠢᠯᠳᠤ ᠴᠢᠨᠠᠷ ᠪᠠ ᠠᠶᠤᠯᠭᠦᠢ ᠴᠢᠨᠠᠷ ᠢ ᠳᠡᠭᠡᠭᠰᠢᠯᠡᠭᠦᠯᠪᠡ᠃ ᠡᠳ᠋ ᠤᠨ ᠵᠠᠰᠠᠭ ᠤᠨ ᠭᠤᠣᠯᠯᠠᠬᠤ | ᠲᠤᠬᠠᠶᠢᠯᠠᠭᠰᠠᠨ ᠠᠵᠢᠯ ᠢ ᠨᠢᠭᠡ ᠴᠣᠭᠴᠠᠵᠢᠭᠤᠯᠬᠤ ᠬᠠᠮᠢᠶᠠᠷᠤᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ | ᠲᠦᠷᠭᠡᠳᠬᠡᠨ ᠠᠬᠢᠭᠤᠯᠵᠤ᠂ ᠡᠳ᠋ ᠤᠨ ᠵᠠᠰᠠᠭ ᠤᠨ ᠡᠳ᠋ ᠤᠨ ᠶᠠᠪᠤᠳᠠᠯ ᠤᠨ ᠠᠵᠢᠯ ᠤᠨ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠪᠡ᠃ ᠲᠠᠪᠤ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ | ᠵᠥᠪᠰᠢᠶᠡᠷᠡᠬᠦ ᠳᠦᠷᠢᠮ ᠤᠨ ᠬᠠᠮᠢᠶᠠᠷᠤᠯᠲᠠ ᠠᠴᠠ ᠳᠠᠩᠰᠠᠯᠠᠭᠤᠯᠬᠤ ᠳᠦᠷᠢᠮ ᠤᠨ ᠵᠠᠭᠪᠤᠷ ᠲᠡᠶᠢᠰᠢ ᠬᠤᠪᠢᠷᠠᠭᠤᠯᠬᠤ | ᠶᠢ ᠲᠦᠷᠭᠡᠳᠬᠡᠨ ᠬᠡᠷᠡᠭᠵᠢᠭᠦᠯᠵᠦ᠂ ᠡᠯᠧᠺᠲᠷᠣᠨᠴᠢᠯᠡᠬᠦ ᠪᠠᠶᠢᠭᠤᠯᠤᠯᠲᠠ ᠪᠠᠷ ᠳᠠᠮᠵᠢᠭᠤᠯᠤᠨ᠂ ᠬᠤᠳᠠᠯᠳᠤᠨ ᠠᠪᠬᠤ | ᠠᠵᠢᠯ ᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠵᠠᠰᠠᠭ ᠤᠨ ᠣᠷᠳᠣᠨ ᠤ ᠬᠤᠳᠠᠯᠳᠤᠨ ᠠᠪᠬᠤ | ᠠᠵᠢᠯ ᠤᠨ ᠰᠦᠯᠵᠢᠶᠡᠨ ᠳᠡᠭᠡᠷᠡᠬᠢ ᠬᠤᠳᠠᠯᠳᠤᠭᠠᠨ ᠤ ᠭᠠᠵᠠᠷ ᠤᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠣᠯᠴᠢ ᠪᠠᠷ | ᠦᠷᠢᠰᠦᠯᠳᠦᠬᠦ ᠶᠢ ᠠᠬᠢᠭᠤᠯᠪᠠ᠃ ᠪᠦᠬᠦ ᠵᠢᠯ ᠳᠤ᠂ ᠵᠠᠰᠠᠭ ᠤᠨ ᠣᠷᠳᠣᠨ ᠠᠴᠠ ᠲᠥᠪᠯᠡᠷᠡᠭᠦᠯᠦᠨ ᠬᠤᠳᠠᠯᠳᠤᠨ | ᠠᠪᠣᠭᠰᠠᠨ 106 ᠲᠥᠷᠦᠯ ᠵᠦᠢᠯ ᠢ ᠪᠡᠶᠡᠯᠡᠭᠦᠯᠵᠦ᠂ ᠬᠤᠳᠠᠯᠳᠤᠨ ᠠᠪᠬᠤ ᠲᠥᠰᠦᠪ ᠤᠨ ᠪᠡᠯᠡ ᠮᠥᠩᠭᠦ ᠶᠢᠨ | ᠶᠡᠷᠦᠩᠬᠡᠢ ᠲᠤᠭ᠎ᠠ 64487.08 ᠲᠦᠮᠡᠨ ᠲᠥᠭᠦᠷᠢᠭ᠂ ᠪᠣᠳᠠᠲᠠᠢ ᠬᠤᠳᠠᠯᠳᠤᠨ ᠠᠪᠣᠭᠰᠠᠨ ᠪᠡᠯᠡ ᠮᠥᠩᠭᠦ ᠶᠢᠨ | ᠲᠤᠭ᠎ᠠ 63189.33 ᠲᠦᠮᠡᠨ ᠲᠥᠭᠦᠷᠢᠭ᠂ ᠠᠷᠪᠢᠯᠠᠭᠰᠠᠨ ᠪᠡᠯᠡ ᠮᠥᠩᠭᠦ ᠶᠢᠨ ᠲᠤᠭ᠎ᠠ 1297.75 ᠲᠦᠮᠡᠨ | ᠲᠥᠭᠦᠷᠢᠭ᠂ ᠠᠷᠪᠢᠯᠠᠭᠰᠠᠨ ᠨᠣᠷᠮ᠎ᠠ 9.79% ᠬᠦᠷᠴᠡᠢ᠃ | 2020 ᠣᠨ ᠳᠤ ᠮᠠᠨ ᠤ ᠬᠤᠰᠢᠭᠤᠨ ᠤ ᠡᠳ᠋ ᠤᠨ ᠵᠠᠰᠠᠭ ᠤᠨ ᠡᠷᠭᠢᠯᠲᠡ ᠦᠨᠳᠦᠰᠦᠨ ᠳᠡᠭᠡᠨ | ᠲᠣᠭᠲᠠᠭᠤᠨ ᠪᠠᠶᠢᠵᠤ᠂ ᠪᠦᠬᠦ ᠬᠤᠰᠢᠭᠤᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ | ᠶᠡᠷᠦᠩᠬᠡᠢ ᠳᠡᠭᠡᠨ ᠰᠠᠶᠢᠨ ᠪᠠᠶᠢᠨ᠎ᠠ᠂ ᠭᠡᠪᠡᠴᠦ ᠡᠳ᠋ ᠤᠨ ᠵᠠᠰᠠᠭ ᠤᠨ ᠡᠷᠭᠢᠯᠲᠡ ᠳᠤ ᠪᠠᠰᠠ ᠨᠢᠭᠡ ᠪᠦᠯᠦᠭ | ᠠᠰᠠᠭᠤᠳᠠᠯ ᠪᠠ ᠬᠦᠴᠢᠷᠳᠡᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠣᠯᠪᠠ᠃ ᠨᠢᠭᠡ ᠳᠤ ᠬᠤᠷᠸ᠎ᠠ | ᠠᠵᠤ ᠠᠬᠤᠶ ᠶᠢᠨ ᠪᠠᠭᠤᠷᠠᠯᠲᠠ ᠪᠠ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠶᠢᠨ ᠨᠥᠯᠥᠭᠡ ᠠᠴᠠ ᠪᠣᠯᠵᠣ᠂ | ᠵᠢᠯ ᠤᠨ ᠡᠬᠢᠨ ᠳᠤ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠲᠠᠭᠠᠷᠢᠯᠲᠠ ᠳᠤ | ᠤᠴᠠᠷᠠᠵᠤ᠂ ᠡᠳ᠋ ᠤᠨ ᠵᠠᠰᠠᠭ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠦᠴᠢᠷᠳᠡᠯ ᠨᠡᠯᠢᠶᠡᠳ ᠬᠦᠨᠳᠦ | ᠪᠣᠯᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠰᠢᠷᠦᠭᠦᠰᠴᠦ᠂ ᠡᠳ᠋ ᠤᠨ ᠵᠠᠰᠠᠭ ᠤᠨ | ᠠᠵᠢᠯᠯᠠᠭᠠᠨ ᠤ ᠳᠠᠷᠤᠯᠲᠠ ᠨᠡᠮᠡᠭᠳᠡᠪᠡ᠃ ᠬᠤᠶᠠᠷ ᠲᠤ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤᠳᠬᠠᠨ ᠰᠠᠶᠢᠵᠢᠷᠠᠭᠤᠯᠬᠤ ᠳᠤ᠂ | ᠡᠳ᠋ ᠤᠨ ᠵᠠᠰᠠᠭ ᠤᠨ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠳᠠᠷᠤᠯᠲᠠ ᠨᠡᠯᠢᠶᠡᠳ ᠬᠦᠨᠳᠦ ᠪᠠᠶᠢᠨ᠎ᠠ᠃ ᠭᠤᠷᠪᠠ | ᠳᠤ ᠳᠠᠯᠳᠠ ᠦᠷᠢ ᠥᠭᠴᠡᠭᠡ ᠶᠢ ᠠᠷᠢᠯᠭᠠᠬᠤ ᠳᠠᠷᠤᠯᠲᠠ ᠨᠡᠯᠢᠶᠡᠳ ᠬᠦᠨᠳᠦ ᠪᠠᠶᠢᠨ᠎ᠠ᠃ ᠳᠡᠭᠡᠷ᠎ᠡ ᠳᠤᠷᠠᠳᠤᠭᠰᠠᠨ | ᠠᠰᠠᠭᠤᠳᠠᠯ ᠳᠤ ᠴᠢᠭᠯᠡᠭᠦᠯᠦᠨ᠂ ᠪᠢᠳᠡ ᠨᠠᠷᠢᠨ ᠬᠢᠨᠠᠮᠠᠭᠠᠢ ᠪᠣᠳᠣᠯᠬᠢᠯᠠᠨ᠂ ᠢᠳᠡᠪᠬᠢᠲᠡᠢ ᠠᠷᠭᠠᠴᠠᠭᠠᠵᠤ᠂ ᠠᠷᠭ᠎ᠠ | ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠠᠵᠢᠯ ᠤᠨ ᠳᠤᠮᠳᠠ ᠲᠤᠯᠭᠠᠷᠠᠵᠤ ᠪᠠᠶᠢᠭ᠎ᠠ ᠠᠰᠠᠭᠤᠳᠠᠯ ᠢ | ᠲᠣᠬᠢᠲᠠᠢ ᠰᠢᠢᠳᠪᠦᠷᠢᠯᠡᠨ᠎ᠡ᠃ | |