ᠬᠤᠶᠠᠷ᠂ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢᠨ ᠬᠠᠷᠠᠯᠲᠠ ᠪᠠ ᠭᠤᠤᠯ ᠡᠭᠦᠷᠭᠡ | 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ | ᠵᠢᠯ ᠮᠥᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ | ᠠᠶᠠᠨ ᠢ ᠡᠬᠢᠯᠡᠭᠦᠯᠦᠭᠰᠡᠨ ᠠᠩᠬᠠᠨ ᠤ ᠵᠢᠯ ᠮᠥᠨ᠂ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ | ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠭᠤᠣᠯ | ᠠᠵᠢᠯ ᠤᠨ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠭᠤᠷᠪᠠᠳᠤᠭᠠᠷ ᠳᠥᠷᠪᠡᠳᠦᠭᠡᠷ | ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ | ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠷᠡᠰ ᠭᠤᠶᠢᠪᠢᠰᠢ ᠦᠭᠡᠢ ᠪᠠᠬᠢᠵᠢᠭᠦᠯᠵᠦ᠂ | ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠠᠮᠢ ᠠᠬᠤᠶ ᠶᠢ ᠲᠡᠷᠢᠭᠦᠨ ᠳᠤ | ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ | ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ︽ᠳᠥᠷᠪᠡᠨ ᠰᠠᠭᠤᠷᠢᠨ︾ ︽ᠨᠢᠭᠡ ᠲᠠᠪᠴᠠᠩ︾ | ︽ᠨᠢᠭᠡ ᠵᠤᠭᠠᠴᠠᠬᠤ ᠬᠠᠷᠠᠯᠲᠠᠲᠤ ᠭᠠᠵᠠᠷ︾ ᠢ ᠡᠷᠡᠰ ᠭᠤᠶᠢᠪᠢᠰᠢ ᠥᠬᠡᠶ ᠴᠣᠭᠴᠠᠯᠠᠨ ᠪᠠᠶᠢᠭᠤᠯᠵᠤ᠂ ᠬᠥᠭᠵᠢᠯᠲᠡ᠂ | ᠠᠷᠠᠳ ᠤᠨ ᠠᠮᠢᠳᠤᠷᠠᠯ᠂ ᠠᠮᠢ ᠠᠬᠤᠶ ᠶᠢᠨ ᠭᠤᠷᠪᠠᠨ ᠬᠤᠷᠢᠭ᠎ᠠ ᠱᠤᠭᠤᠮ ᠢ ᠡᠷᠡᠰ ᠭᠤᠶᠢᠪᠢᠰᠢ ᠦᠭᠡᠢ ᠰᠠᠬᠢᠵᠤ᠂ | ᠠᠵᠤ ᠠᠬᠤᠶ ᠬᠥᠭᠵᠢᠭᠰᠡᠨ᠂ ᠨᠡᠶᠢᠭᠡᠮ ᠡᠶ᠎ᠡ ᠵᠣᠬᠢᠴᠠᠩᠭᠤᠢ᠂ ᠠᠷᠠᠳ ᠲᠦᠮᠡᠨ ᠵᠣᠯ ᠵᠢᠷᠭᠠᠯ ᠲᠠᠢ ᠰᠢᠨ᠎ᠡ ᠠᠷᠤ | ᠬᠤᠰᠢᠭᠤ ᠪᠣᠯᠤᠨ ᠠᠷᠢᠭᠤᠨ ᠲᠠᠭᠰᠢᠨ᠂ ᠪᠤᠬᠢᠷᠳᠤᠯ ᠦᠭᠡᠢ᠂ ᠦᠵᠡᠰᠬᠦᠯᠡᠩᠲᠦ ᠰᠠᠢᠬᠠᠨ ᠠᠷᠤ ᠬᠤᠷᠴᠢᠨ | ᠬᠤᠰᠢᠭᠤ ᠶᠢ ᠪᠦᠲᠦᠭᠡᠨ ᠪᠠᠶᠢᠭᠤᠯᠬᠤ ᠪᠠᠷ ᠴᠢᠷᠮᠠᠶᠢᠨ ᠲᠡᠮᠡᠴᠡᠨ᠎ᠡ᠃ | 2021 ᠣᠨ ᠤ ᠭᠤᠣᠯ ᠵᠢᠱᠢᠭᠰᠡᠨ ᠬᠠᠷᠠᠯᠲᠠ ᠪᠣᠯ᠄ ᠪᠦᠬᠦ ᠬᠤᠰᠢᠭᠤᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠪᠠᠷ ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠥᠰᠦᠪ ᠤᠨ ᠣᠷᠣᠯᠭ᠎ᠠ ᠶᠢ 6% ᠣᠷᠴᠢᠮ ᠨᠡᠮᠡᠭᠳᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠨᠡᠮᠡᠭᠳᠡᠭᠦᠯᠵᠦ᠂ ᠪᠦᠬᠦ ᠨᠡᠶᠢᠭᠡᠮ ᠤᠨ ᠬᠡᠷᠡᠭᠯᠡᠭᠡᠨ ᠤ | ᠪᠣᠳᠠᠰ ᠤᠨ ᠵᠢᠵᠢᠭᠯᠡᠨ ᠪᠣᠷᠣᠯᠠᠭᠤᠯᠬᠤ ᠶᠡᠷᠦᠩᠬᠡᠢ ᠲᠤᠭ᠎ᠠ ᠶᠢ 8% ᠣᠷᠴᠢᠮ ᠨᠡᠮᠡᠭᠳᠡᠭᠦᠯᠦᠨ᠂ ᠬᠤᠲᠠ ᠪᠠᠯᠭᠠᠰᠤ ᠪᠠ | ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤᠶᠢᠴᠠ ᠣᠷᠣᠯᠭ᠎ᠠ ᠶᠢ ᠲᠣᠰᠪᠣᠷᠢ 7% ᠪᠠ 9% ᠣᠷᠴᠢᠮ ᠨᠡᠮᠡᠭᠳᠡᠭᠦᠯᠦᠨ᠎ᠡ᠃ ᠲᠡᠭᠡᠷᠡᠬᠢ ᠬᠠᠷᠠᠯᠲᠠ ᠶᠢᠨ | ᠲᠣᠭᠤᠷᠢᠨ ᠳᠤ᠂ ᠲᠠᠷᠠᠭᠠᠬᠢ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠨ᠎ᠠ | ᠨᠤᠲᠤᠭ ᠪᠡᠯᠴᠢᠭᠡᠷ ᠪᠠ ᠣᠢ ᠰᠢᠭᠤᠢ ᠶᠢᠨ ᠰᠢᠰᠲ᠋ᠧᠮ ᠤᠨ ᠰᠡᠷᠭᠦᠭᠡᠯᠲᠡ ᠶᠢ ᠴᠢᠩᠭᠠᠳᠬᠠᠨ᠎ᠠ᠃ ᠠᠮᠢ ᠠᠬᠤᠶ | ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠠᠬᠢᠭᠤᠯᠵᠤ᠂ ᠲᠠᠷᠢᠶᠠᠯᠠᠬᠤ ᠶᠢ ᠵᠣᠭᠰᠣᠭᠠᠵᠤ ᠣᠶ | ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠪᠠ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠭᠰᠠᠨ ᠦᠷ᠎ᠡ ᠪᠦᠲᠦᠭᠡᠯ | ᠢ ᠪᠠᠬᠢᠵᠢᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠲᠣᠰ ᠵᠢᠯ ᠳᠤ 8.5 | ᠲᠦᠮᠡᠨ ᠮᠥ ᠠᠮᠢ ᠠᠬᠤᠶ ᠶᠢᠨ ᠵᠠᠰᠠᠯᠲᠠ᠂ 16 ᠲᠦᠮᠡᠨ ᠮᠥ ᠠᠴᠠ ᠳᠡᠭᠡᠭᠰᠢᠬᠢ ᠵᠢᠵᠢᠭ ᠰᠠᠪᠠ ᠭᠠᠵᠠᠷ ᠤᠨ | ᠵᠠᠰᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ 1300 ᠮᠥ ᠤᠯᠤᠰ ᠤᠨ ᠲᠠᠰ ᠤᠨ ᠰᠡᠩᠳᠡᠩ ᠮᠣᠳᠣᠨ ᠤ | ᠰᠠᠶᠢᠨ ᠡᠭᠦᠯᠳᠡᠷ ᠤᠨ ᠰᠠᠭᠤᠷᠢᠨ ᠢ ᠪᠠᠶᠢᠭᠤᠯᠤᠨ᠎ᠠ᠃ ᠣᠷᠴᠢᠨ ᠲᠣᠭᠤᠷᠢᠨ ᠤ ᠶᠠᠰᠤ ᠴᠢᠨᠠᠷ ᠢ ᠪᠦᠬᠦ ᠲᠠᠯ᠎ᠠ ᠪᠠᠷ | ᠰᠠᠶᠢᠵᠢᠷᠠᠭᠤᠯᠤᠨ᠎ᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠬᠡᠷᠡᠭᠵᠢᠭᠦᠯᠵᠦ᠂ ︽ᠠᠵᠤ ᠦᠢᠯᠡᠰ ᠤᠨ ᠲᠥᠯᠥᠪᠵᠢᠭᠦᠯᠭᠡ ᠳᠤ ᠥᠯᠥ | ᠨᠡᠶᠢᠴᠡᠬᠦ᠂ ᠭᠠᠷᠲᠠᠮ ᠭᠦᠢᠴᠡᠳᠬᠡᠯ ᠪᠦᠷᠢᠨ ᠪᠤᠰᠤ᠂ ᠪᠤᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠨᠢ | ᠪᠠᠷᠢᠮᠵᠢᠶ᠎ᠠ ᠳᠤ ᠥᠯᠥ ᠬᠦᠷᠬᠦ︾ ᠠᠵᠤ ᠠᠬᠤᠶᠢᠯᠠᠯ ᠢ ᠴᠡᠭᠴᠡᠯᠡᠬᠦ᠂ ᠬᠤᠭ ᠲᠣᠭᠤᠰᠣᠨ ᠤ ᠪᠣᠬᠢᠷᠲᠤᠯ ᠢ ᠰᠡᠷᠭᠡᠶᠢᠯᠡᠨ | ᠡᠵᠡᠮᠳᠡᠬᠦ ᠶᠢ ᠦᠷᠭᠦᠯᠵᠢᠯᠡᠨ ᠠᠬᠢᠭᠤᠯᠵᠤ᠂ 1000 ᠡᠷᠦᠬᠡ ᠶᠢᠨ ᠨᠡᠭᠦᠷᠡᠰᠦ ᠰᠢᠲᠠᠭᠠᠬᠤ ᠵᠤᠤᠬ᠎ᠠ ᠶᠢᠨ ᠬᠡᠷᠡᠭᠰᠡᠯ ᠢ | ᠴᠡᠪᠡᠷᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ᠬᠤᠲᠠ ᠲᠣᠭᠤᠷᠢᠭ ᠤᠨ ᠠᠭᠠᠷ ᠤᠨ ᠴᠢᠨᠠᠷ ᠴᠢᠨᠰᠠᠭ᠎ᠠ ᠶᠢᠨ | ᠰᠢᠯᠢᠳᠡᠭ ᠰᠠᠶᠢᠨ ᠪᠠᠶᠢᠬᠤ ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ | ᠭᠤᠣᠯ ᠮᠥᠷᠡᠨ ᠨᠠᠭᠤᠷ ᠴᠥᠭᠦᠷᠥᠮ ᠤᠨ ᠠᠵᠢᠯ ᠢ ᠬᠠᠷᠢᠭᠤᠴᠠᠬᠤ ᠳᠠᠷᠤᠭ᠎ᠠ ᠶᠢᠨ ᠳᠦᠷᠢᠮ ᠢ ᠬᠢᠨᠠᠮᠠᠭᠠᠢ | ᠨᠠᠶᠢᠳᠠᠪᠤᠷᠢᠵᠢᠭᠤᠯᠤᠨ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠬᠤ ᠶᠢ | ᠪᠡᠶᠡᠯᠡᠭᠦᠯᠵᠦ᠂ ᠲᠥᠪᠯᠡᠷᠡᠩᠭᠦᠢ ᠬᠡᠯᠪᠡᠷᠢ ᠶᠢᠨ ᠤᠰᠤᠨ ᠰᠤᠷᠪᠤᠯᠵᠢ ᠶᠢᠨ ᠭᠠᠵᠠᠷ᠂ ᠭᠤᠣᠯ ᠤᠷᠤᠭᠤ ᠪᠣᠬᠢᠷᠲᠤᠯ | ᠭᠠᠳᠠᠭᠰᠢᠯᠠᠭᠤᠯᠬᠤ ᠠᠮᠠ ᠶᠢᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠠᠷᠢᠶᠠᠯᠠᠩ ᠤᠨ | ᠣᠯᠠᠨ ᠡᠬᠢᠲᠦ ᠪᠣᠬᠢᠷᠲᠤᠯ ᠢ ᠪᠥᠬᠦ ᠲᠠᠯ᠎ᠠ ᠪᠠᠷ ᠬᠢᠨᠠᠨ ᠡᠵᠡᠮᠳᠡᠵᠦ᠂ ᠲᠠᠷᠢᠶᠠᠨ ᠡᠮ᠂ ᠬᠢᠮᠢ ᠶᠢᠨ ᠪᠣᠷᠳᠣᠭᠤᠷ᠂ | ᠰᠦᠯᠢᠶᠣᠣ ᠪᠦᠷᠬᠦᠪᠴᠢ ᠶᠢ ᠥᠴᠦᠬᠡᠨ ᠴᠦ ᠨᠡᠮᠡᠭᠳᠡᠭᠦᠯᠬᠦ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠡᠬᠢ | ᠪᠠᠶᠠᠯᠢᠭ ᠢ ᠠᠷᠪᠢᠯᠠᠨ ᠠᠰᠢᠭᠯᠠᠬᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠡᠨᠧᠷᠭᠢ ᠠᠷᠪᠢᠯᠠᠬᠤ ᠤᠰᠤ ᠠᠷᠪᠢᠯᠠᠬᠤ | ᠭᠠᠵᠠᠷ ᠠᠷᠪᠢᠯᠠᠬᠤ ᠮᠠᠲ᠋ᠧᠷᠢᠶᠠᠯ ᠠᠷᠪᠢᠯᠠᠬᠤ ᠶᠢ ᠶᠡᠭᠡ ᠪᠠᠷ ᠠᠬᠢᠭᠤᠯᠵᠤ᠂ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠶᠢ ᠴᠢᠩᠭᠠᠳᠬᠠᠨ᠂ ᠣᠷᠣᠭᠤᠯᠤᠯᠲᠠ ᠪᠠᠭ᠎ᠠ᠂ ᠬᠤᠷᠣᠭᠳᠠᠭᠤᠯᠤᠯ ᠪᠠᠭ᠎ᠠ᠂ ᠭᠠᠳᠠᠭᠰᠢᠯᠠᠭᠤᠯᠤᠯᠲᠠ ᠪᠠᠭ᠎ᠠ | ᠪᠠ ᠦᠨᠳᠦᠷ ᠦᠷ᠎ᠡ ᠪᠦᠲᠦᠮᠵᠢ ᠲᠠᠢ ᠠᠷᠪᠢᠯᠠᠨ ᠭᠠᠮᠨᠠᠬᠤ ᠬᠡᠯᠪᠡᠷᠢ ᠶᠢᠨ ᠨᠡᠮᠡᠭᠳᠡᠯ ᠤᠨ ᠠᠷᠭ᠎ᠠ ᠮᠠᠶ᠋ᠢᠭ ᠢ | ᠪᠦᠷᠢᠯᠳᠦᠭᠦᠯᠦᠨ᠎ᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠭᠤᠯᠤᠯ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ᠂ ᠠᠮᠢ | ᠠᠬᠤᠶ ᠶᠢᠨ ᠪᠣᠯᠪᠠᠰᠤᠨ ᠤ ︽ᠨᠢᠭᠡ ᠪᠢᠯᠧᠲ ᠢᠶᠠᠷ ᠦᠭᠡᠶᠢᠰᠬᠡᠬᠦ︾ ᠠᠵᠢᠯ ᠤᠨ ᠲᠣᠭᠲᠠᠴᠠ ᠶᠢᠨ ᠺᠠᠳ᠋ᠷ ᠤᠨ ᠬᠤᠪᠢ | ᠬᠤᠷᠠᠮᠳᠤᠭᠤᠯᠬᠤ ᠲᠦᠷᠢᠮ ᠤᠨ ᠬᠠᠮᠢᠶᠠᠷᠤᠯᠲᠠ ᠶᠢ ᠰᠢᠯᠭᠠᠨ ᠬᠢᠨᠠᠬᠤ᠂ ᠠᠮᠢ ᠠᠬᠤᠶ ᠶᠢᠨ ᠣᠷᠴᠢᠨ ᠲᠣᠭᠤᠷᠢᠨ ᠢ | ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠲᠦᠷᠢᠮ᠂ ᠲᠤᠰᠢᠶᠠᠯ ᠠᠴᠠ ᠪᠠᠨ ᠰᠠᠯᠬᠤ ᠦᠶ᠎ᠡ ᠶᠢᠨ ᠠᠮᠢ | ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠦᠷᠢᠮ᠂ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ | ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠵᠡᠷᠭᠡ ᠠᠵᠢᠯ ᠤᠨ ᠲᠣᠭᠲᠠᠴᠠ ᠶᠢ ᠠᠯᠬᠤᠮ ᠠᠯᠬᠤᠮ ᠢᠶᠠᠷ | ᠪᠠᠶᠢᠭᠤᠯᠤᠨ ᠪᠦᠷᠢᠨᠰᠢᠭᠦᠯᠵᠦ᠂ ᠬᠥᠭᠵᠢᠯᠲᠡ ᠶᠢᠨ ᠳᠤᠮᠳᠠ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠢ | ᠰᠢᠶᠳᠪᠦᠷᠢᠯᠡᠨ᠎ᠡ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠢᠳᠡᠪᠬᠢᠲᠡᠢ ᠯᠠᠪᠳᠠᠭᠤᠨ ᠢᠶᠠᠷ | ᠠᠬᠢᠭᠤᠯᠤᠨ᠎ᠠ | ᠶᠠᠳᠠᠭᠤ ᠠᠴᠠ ᠠᠩᠭᠢᠵᠢᠷᠠᠭᠤᠯᠤᠨ ᠪᠡᠷᠬᠡ ᠶᠢ ᠲᠤᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ | ᠳᠥᠷᠪᠡ ᠶᠢ ᠥᠯᠥ ᠬᠠᠶᠠᠬᠤ︾ ᠱᠠᠭᠠᠷᠳᠠᠯᠭ᠎ᠠ ᠶᠣᠰᠣᠭᠠᠷ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠲᠥᠷᠥ | ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠵᠤ᠂ ᠶᠠᠳᠠᠭᠤ ᠶᠢ ᠲᠡᠳᠬᠦᠬᠦ ᠡᠳ᠋ | ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠦᠷ᠎ᠡ ᠠᠰᠢᠭ ᠢ | ᠦᠷᠭᠦᠯᠵᠢᠯᠡᠨ ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ | ᠶᠢ ᠪᠠᠬᠢᠵᠢᠭᠦᠯᠦᠨ᠎ᠡ᠃ ᠶᠠᠳᠠᠭᠤ ᠶᠢ ᠰᠡᠷᠭᠡᠶᠢᠯᠡᠬᠦ ᠪᠠᠲᠤᠯᠠᠭ᠎ᠠ ᠪᠠ ᠠᠪᠤᠷᠠᠨ ᠲᠤᠰᠠᠯᠠᠬᠤ ᠲᠣᠭᠲᠠᠴᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠲᠠᠬᠢᠨ ᠶᠠᠳᠠᠭᠤᠷᠠᠬᠤ ᠪᠠ ᠶᠠᠳᠠᠭᠤᠷᠠᠬᠤ ᠦᠵᠡᠭᠳᠡᠯ ᠡᠭᠦᠰᠬᠦ ᠶᠢ ᠰᠡᠷᠭᠡᠶᠢᠯᠡᠵᠦ᠂ ᠶᠠᠳᠠᠭᠤᠷᠠᠵᠤ | ᠮᠡᠳᠡᠬᠦ ᠲᠠᠬᠢᠨ ᠶᠠᠳᠠᠭᠤᠷᠠᠬᠤ ᠠᠶᠤᠯ ᠲᠦᠭᠰᠢᠭᠦᠷᠢ ᠣᠷᠣᠰᠢᠵᠤ ᠪᠠᠶᠢᠭ᠎ᠠ 1006 ᠶᠠᠳᠠᠭᠤ ᠠᠴᠠ ᠠᠩᠭᠢᠵᠢᠷᠠᠭᠰᠠᠨ | ᠬᠥᠮᠦᠨ ᠠᠮᠠ᠂ ᠶᠠᠳᠠᠭᠤᠷᠠᠮᠠᠷ ᠪᠠᠶᠢᠭ᠎ᠠ ᠬᠥᠮᠦᠨ ᠠᠮᠠ ᠳᠤ ᠬᠥᠳᠡᠯᠦᠩᠭᠦᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠶᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠲᠡᠦᠬᠡ ᠶᠢᠨ ᠪᠠ | ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ︽ᠠᠵᠤ ᠦᠶᠯᠡᠰ ᠬᠥᠭᠵᠢᠭᠰᠡᠨ᠂ | ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ | ᠪᠦᠲᠦᠮᠵᠢᠲᠡᠶ᠂ ᠠᠮᠢᠳᠤᠷᠠᠯ ᠴᠢᠨᠡᠭᠡᠯᠢᠭᠵᠢᠭᠰᠡᠨ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠠᠵᠤ ᠦᠶᠯᠡᠳᠪᠦᠷᠢ | ᠬᠥᠳᠡᠭᠡ ᠠᠵᠤ ᠠᠬᠤᠢ ᠬᠠᠷᠢᠯᠴᠠᠨ ᠠᠬᠢᠭᠤᠯᠬᠤ᠂ ᠬᠤᠲᠠ ᠬᠥᠳᠡᠭᠡ ᠬᠠᠷᠢᠯᠴᠠᠨ ᠨᠥᠬᠦᠪᠥᠷᠢᠯᠡᠬᠦ᠂ ᠵᠣᠬᠢᠴᠠᠩᠭᠤᠶ | ᠪᠠᠷ ᠬᠥᠭᠵᠢᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠪᠥᠲᠥᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠥᠮᠴᠢᠯᠡᠬᠦ ᠡᠷᠬᠡ ᠶᠢᠨ ᠲᠦᠷᠢᠮ ᠪᠠ | ᠬᠦᠴᠦᠨ ᠵᠦᠶᠯ ᠤᠨ ᠵᠠᠬ᠎ᠠ ᠳᠡᠯᠭᠡᠭᠦᠷᠴᠢᠯᠡᠭᠰᠡᠨ ᠲᠣᠬᠢᠷᠠᠭᠤᠯᠤᠯᠲᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ | ᠠᠵᠤ ᠦᠶᠯᠡᠰ ᠤᠨ ᠬᠥᠭᠵᠢᠯᠲᠡ ᠶᠢ ᠠᠭᠤᠰᠤᠯᠴᠠᠭᠤᠯᠬᠤ᠂ ᠣᠯᠠᠨ ᠨᠡᠶᠢᠲᠡ ᠶᠢᠨ ᠦᠶᠯᠡᠴᠢᠯᠡᠭᠡ ᠶᠢ | ᠲᠡᠩᠴᠡᠭᠦᠷᠢᠰᠢᠭᠦᠯᠬᠦ᠂ ᠰᠠᠭᠤᠭᠠᠯᠢ ᠠᠷᠠᠳ ᠤᠨ ᠣᠷᠣᠯᠭ᠎ᠠ ᠶᠢ ᠲᠡᠩᠴᠡᠭᠦᠷᠢᠰᠢᠭᠦᠯᠬᠦ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠵᠦᠶ ᠵᠣᠬᠢᠰᠲᠠᠶ ᠪᠣᠯᠭᠠᠬᠤ᠂ ᠬᠦᠴᠦᠨ ᠵᠦᠶᠯ ᠤᠨ ᠰᠢᠯᠵᠢᠯᠲᠡ ᠶᠢ ᠡᠷᠬᠡ ᠲᠡᠭᠰᠢ ᠪᠣᠯᠭᠠᠬᠤ | ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠴᠡᠭ ᠤᠨ 12 | ᠭᠠᠴᠠᠭ᠎ᠠ ᠲᠣᠰᠬᠤᠨ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ 9 ᠭᠠᠴᠠᠭ᠎ᠠ ᠲᠣᠰᠬᠤᠨ ᠤ ᠣᠳᠣᠬᠢᠴᠢᠯᠠᠯᠲᠠ | ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠪᠡᠶᠡᠯᠡᠭᠦᠯᠵᠦ᠂ 6 | ᠬᠤᠪᠢᠴᠠᠭᠠᠳᠤ ᠬᠤᠷᠰᠢᠶᠠᠵᠢᠯ ᠢ ᠵᠣᠬᠢᠶᠠᠨ ᠪᠠᠶᠢᠭᠤᠯᠵᠤ᠂ 12 ᠲᠦᠮᠡᠨ ᠮᠦ ᠨᠤᠲᠤᠭ ᠪᠡᠯᠴᠢᠭᠡᠷ ᠢ ᠵᠠᠰᠠᠨ | ᠰᠡᠷᠭᠦᠭᠡᠵᠦ᠂ 2.4 ᠲᠦᠮᠡᠨ ᠲᠣᠯᠣᠭᠠᠢ ᠠᠯᠠᠰᠢᠨ ᠦᠬᠡᠷ ᠲᠡᠵᠢᠭᠡᠨ ᠦᠷᠡᠵᠢᠭᠦᠯᠵᠦ᠂ 12 ᠲᠦᠮᠡᠨ ᠲᠡᠭᠰᠢ | ᠳᠥᠷᠪᠡᠯᠵᠢᠨ ᠮᠧᠲᠷ ᠫᠧᠩ ᠰᠠᠷᠠᠪᠴᠢ᠂ 5 ᠮᠠᠯ ᠠᠵᠤ ᠠᠬᠤᠢ ᠶᠢᠨ ᠦᠢᠯᠡᠴᠢᠯᠡᠭᠡᠨ ᠤ ᠲᠥᠪ ᠶᠢ ᠰᠢᠨ᠎ᠡ ᠪᠠᠷ | ᠨᠡᠮᠡᠭᠳᠡᠭᠦᠯᠦᠨ᠂ 1583 ᠮᠠᠯᠵᠢᠬᠤ ᠡᠷᠦᠬᠡ ᠳᠤ ᠠᠭᠤᠷᠰᠢᠭᠤᠯᠬᠤ ᠬᠡᠯᠪᠡᠷᠢ ᠶᠢᠨ ᠪᠣᠬᠢᠷ ᠤᠰᠤ ᠶᠢ ᠰᠢᠢᠳᠪᠦᠷᠢᠯᠡᠬᠦ | ᠲᠥᠬᠦᠭᠡᠷᠦᠮᠵᠢ ᠤᠭᠰᠠᠷᠠᠨ᠂ ᠲᠠᠯ᠎ᠠ ᠶᠢᠨ ᠬᠤᠸᠠ ᠭᠠᠴᠠᠭᠠᠨ ᠤ ᠠᠷᠠᠳ ᠢ ᠨᠡᠭᠦᠯᠭᠡᠬᠦ ᠠᠵᠢᠯ ᠢ ᠪᠡᠶᠡᠯᠡᠭᠦᠯᠵᠦ᠂ | ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ | ᠲᠤᠷᠰᠢᠯᠭ᠎ᠠ ᠬᠤᠷᠠᠮᠳᠤᠭᠤᠯᠤᠨ᠂ ᠦᠯᠢᠭᠡᠷ ᠳᠠᠭᠤᠷᠢᠶᠠᠯ ᠬᠠᠩᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠢ ᠬᠡᠷᠡᠭᠵᠢᠭᠦᠯᠵᠦ᠂ 4995 ᠡᠷᠦᠬᠡ ᠶᠢᠨ | ᠵᠣᠷᠯᠣᠩ ᠢ ᠥᠭᠡᠷᠡᠴᠢᠯᠡᠨ ᠵᠠᠰᠠᠬᠤ᠂ 8000 ᠮᠦ ᠶᠢᠨ ᠠᠶᠢᠯ ᠲᠣᠰᠬᠤᠨ ᠢ ᠨᠣᠭᠤᠭᠠᠷᠠᠭᠤᠯᠬᠤ᠂ ︽ᠡᠷᠦᠬᠡ ᠪᠠᠷ | ᠲᠥᠷᠥᠯ ᠬᠤᠪᠢᠶᠠᠨ ᠠᠩᠭᠢᠯᠠᠬᠤ᠂ ᠭᠠᠴᠠᠭ᠎ᠠ ᠲᠣᠰᠬᠤᠨ ᠬᠤᠷᠢᠶᠠᠨ ᠴᠤᠭᠯᠠᠭᠤᠯᠵᠤ ᠰᠢᠯᠵᠢᠭᠦᠯᠦᠨ ᠵᠥᠭᠡᠭᠡᠪᠦᠷᠢᠯᠡᠬᠦ᠂ | ᠰᠤᠮᠤ ᠰᠢᠶᠠᠩ ᠪᠠᠯᠭᠠᠰᠤ ᠰᠢᠢᠳᠪᠦᠷᠢᠯᠡᠬᠦ︾ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠭᠪᠤᠷ ᠢ ᠤᠷᠲᠤ | ᠬᠤᠭᠤᠴᠠᠭ᠎ᠠ ᠪᠠᠷ ᠠᠵᠢᠯᠯᠠᠭᠤᠯᠵᠤ᠂ ᠦᠢᠯᠡᠳᠪᠦᠷᠢᠯᠡᠯ ᠠᠮᠢᠳᠤᠷᠠᠯ ᠢ ᠴᠡᠪᠡᠷᠰᠢᠭᠦᠯᠵᠦ᠂ ᠬᠤᠭ ᠨᠣᠪᠰᠢ ᠬᠠᠶᠠᠭᠳᠠᠮᠠᠯ | ᠪᠣᠳᠠᠰ ᠶᠢ ᠡᠬᠢ ᠪᠠᠶᠠᠯᠢᠭᠵᠢᠭᠤᠯᠤᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠦᠨ᠎ᠡ᠃ | ︽ᠡᠪᠡᠰᠦ ᠰᠠᠶᠢᠲᠤᠷ ᠲᠠᠷᠢᠬᠤ︾ ᠶᠢᠨ ᠲᠣᠭᠤᠷᠢᠨ ᠳᠤ᠂ ︽ᠳᠤᠮᠳᠠᠳᠤ ᠤᠯᠤᠰ ᠤᠨ ᠡᠪᠡᠰᠦᠨ ᠤ ᠭᠠᠷᠤᠯᠲᠠ ᠶᠢᠨ | ᠲᠥᠪ︾ ᠤᠨ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ 2 ᠲᠦᠮᠡᠨ | ᠮᠦ ᠰᠢᠮᠡᠯᠢᠭ ᠪᠡᠯᠴᠢᠭᠡᠷ ᠡᠪᠡᠰᠦ ᠲᠠᠷᠢᠬᠤ ᠲᠠᠯᠠᠪᠠᠢ ᠶᠢ ᠰᠢᠨ᠎ᠡ ᠪᠠᠷ ᠨᠡᠮᠡᠭᠳᠡᠭᠦᠯᠵᠦ᠂ ᠳᠤᠮᠳᠠᠳᠤ ᠠᠷᠠᠪ ᠤᠨ ︽ᠨᠢᠭᠡ | ᠪᠦᠰᠡ ᠨᠢᠭᠡ ᠵᠠᠮ︾ ᠤᠨ ᠪᠡᠯᠴᠢᠭᠡᠷ ᠮᠠᠯ ᠢ ᠨᠢᠭᠡ ᠴᠤᠬᠴᠠᠵᠢᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ | ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠢᠳᠡᠪᠬᠢᠲᠡᠢ ᠮᠡᠳᠡᠭᠦᠯᠵᠦ᠂ | ᠵᠢᠷᠭᠤᠳᠤᠭᠠᠷ ᠬᠤᠭᠤᠴᠠᠭᠠᠨ ᠤ ᠡᠪᠡᠰᠦᠨ ᠤ ᠦᠢᠯᠡᠰ ᠤᠨ ᠶᠡᠭᠡ ᠬᠤᠷᠠᠯ ᠢ ᠥᠨᠳᠥᠷ ᠲᠦᠪᠰᠢᠨ ᠢᠶᠠᠷ ᠰᠠᠶᠢᠲᠤᠷ | ᠡᠷᠬᠢᠯᠡᠨ᠎ᠡ᠃ ︽ᠦᠬᠡᠷ ᠢ ᠰᠠᠶᠢᠲᠤᠷ ᠲᠡᠵᠢᠭᠡᠬᠦ︾ ᠶᠢᠨ ᠲᠣᠭᠤᠷᠢᠨ ᠳᠤ᠂ ᠦᠬᠡᠷ ᠤᠨ ᠠᠵᠤ ᠦᠶᠯᠡᠰ ᠤᠨ | ᠡᠭᠦᠯᠳᠡᠷ ᠤᠨ ᠪᠦᠲᠦᠴᠡ ᠶᠢ ᠰᠢᠯᠢᠳᠡᠭᠵᠢᠭᠦᠯᠵᠦ᠂ ᠦᠬᠡᠷ ᠤᠨ ᠠᠵᠤ ᠦᠶᠯᠡᠰ ᠤᠨ ᠰᠦᠷᠦᠭᠵᠢᠯ ᠢ ᠥᠷᠭᠡᠳᠬᠡᠨ | ᠬᠡᠮᠵᠢᠶ᠎ᠡ ᠶᠢ ᠨᠡᠮᠡᠭᠳᠡᠭᠦᠯᠬᠦ ᠶᠢ ᠠᠬᠢᠭᠤᠯᠵᠤ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠪᠣᠯᠤᠨ ᠠᠮᠢ ᠠᠬᠤᠶ | ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ 5 ᠰᠠᠭᠤᠷᠢ | ᠲᠦᠮᠡᠨ ᠠᠯᠠᠰᠢᠨ ᠦᠬᠡᠷ ᠪᠣᠷᠳᠣᠬᠤ ᠲᠠᠯᠠᠪᠠᠶ᠂ 4 ᠮᠢᠩᠭᠠᠨ ᠠᠯᠠᠰᠢᠨ ᠦᠬᠡᠷ ᠪᠣᠷᠳᠣᠬᠤ ᠲᠠᠯᠠᠪᠠᠶ ᠶᠢ ᠪᠥᠲᠥᠭᠡᠨ | ᠪᠠᠶᠢᠭᠤᠯᠵᠤ᠂ 25 ᠲᠤᠰᠬᠠᠶᠢᠵᠢᠭᠰᠠᠨ ᠲᠡᠵᠢᠭᠡᠨ ᠦᠷᠡᠵᠢᠭᠦᠯᠬᠦ ᠭᠠᠴᠠᠭ᠎ᠠ ᠲᠣᠰᠬᠤᠨ᠂ 6 ᠪᠠᠷᠢᠮᠵᠢᠶᠠᠵᠢᠭᠰᠠᠨ | ᠲᠡᠵᠢᠭᠡᠨ ᠦᠷᠡᠵᠢᠭᠦᠯᠬᠦ ᠲᠠᠯᠠᠪᠠᠶ ᠶᠢ ᠬᠥᠭᠵᠢᠭᠦᠯᠦᠨ᠂ ᠲᠣᠰ ᠵᠢᠯ ᠳᠤ ᠠᠯᠠᠰᠢᠨ ᠦᠬᠡᠷ ᠤᠨ ᠲᠤᠭ᠎ᠠ ᠲᠣᠯᠣᠭᠠᠶ ᠶᠢ | 60 ᠲᠦᠮᠡ ᠳᠤ ᠬᠦᠷᠦᠭᠦᠯᠵᠦ᠂ ᠡᠭᠦᠯᠳᠡᠷ ᠰᠠᠶᠢᠵᠢᠷᠠᠭᠤᠯᠤᠯᠲᠠ ᠶᠢᠨ ᠨᠣᠷᠮ᠎ᠠ ᠶᠢ 98% ᠠᠴᠠ ᠳᠡᠭᠡᠭᠰᠢ ᠳᠤ | ᠲᠣᠭᠲᠠᠪᠤᠷᠢᠵᠢᠭᠤᠯᠵᠤ᠂ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠦᠬᠡᠷ ᠤᠨ ᠦᠶᠯᠡᠰ ᠤᠨ | ᠶᠡᠭᠡ ᠬᠤᠷᠠᠯ ᠢ ᠴᠢᠨᠠᠷᠯᠢᠭ ᠰᠠᠶᠢᠨ ᠳᠠᠭᠠᠭᠠᠴᠢᠯᠠᠨ ᠡᠷᠭᠢᠯᠡᠨ᠎ᠡ᠃ ︽ᠰᠦ ᠰᠠᠶᠢᠨ ᠦᠶᠯᠡᠳᠪᠦᠷᠢᠯᠡᠬᠦ︾ ᠶᠢᠨ | ᠲᠣᠭᠤᠷᠢᠨ ᠳᠤ᠂ ᠰᠦᠨ ᠤ ᠦᠶᠯᠡᠰ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠬᠡᠷᠡᠭᠵᠢᠭᠦᠯᠵᠦ᠂ | ᠣᠨᠴᠠᠯᠢᠭᠲᠤ ᠴᠠᠭᠠᠨ ᠢᠳᠡᠭᠡᠨ ᠤ ᠠᠵᠤ ᠦᠶᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠤᠯᠠᠮᠵᠢᠯᠠᠯᠲᠤ ᠴᠠᠭᠠᠨ | ᠢᠳᠡᠭᠡ ᠪᠣᠯᠪᠠᠰᠤᠷᠠᠭᠤᠯᠬᠤ ᠲᠥᠪᠯᠡᠷᠡᠯ ᠤᠨ ᠣᠷᠣᠨ ᠢ ᠪᠣᠶ ᠪᠣᠯᠭᠠᠵᠤ᠂ ᠤᠯᠠᠮᠵᠢᠯᠠᠯᠲᠤ ᠴᠠᠭᠠᠨ ᠢᠳᠡᠭᠡ | ᠪᠣᠯᠪᠠᠰᠤᠷᠠᠭᠤᠯᠬᠤ ᠶᠢᠨ ᠲᠠᠰ ᠳᠡᠪᠰᠢᠬᠦ ᠶᠢ ᠠᠬᠢᠭᠤᠯᠵᠤ᠂ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠴᠠᠭᠠᠨ | ᠢᠳᠡᠭᠡ ᠪᠣᠯᠪᠠᠰᠤᠷᠠᠭᠤᠯᠬᠤ ᠲᠥᠷᠥᠯ ᠵᠦᠶᠯ ᠢ ᠠᠷᠤ ᠬᠤᠷᠴᠢᠨ ᠬᠤᠰᠢᠭᠤᠨ ᠳᠤ ᠨᠤᠲᠤᠭᠰᠢᠭᠤᠯᠬᠤ ᠪᠠᠷ | ᠴᠢᠷᠮᠠᠶᠢᠵᠤ᠂ ᠰᠦᠨ ᠤ ᠠᠵᠤ ᠦᠶᠯᠡᠰ ᠤᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠬᠥᠭᠵᠢᠯᠲᠡ ᠶᠢᠨ | ᠰᠦᠷᠦᠭᠵᠢᠯ ᠢ ᠪᠥᠬᠦ ᠬᠦᠴᠦᠨ ᠢᠶᠠᠷ ᠢᠶᠠᠨ ᠪᠦᠷᠢᠯᠳᠦᠭᠦᠯᠵᠦ᠂ ᠲᠣᠰ ᠵᠢᠯ ᠳᠤ ᠰᠠᠭᠠᠯᠢ ᠶᠢᠨ ᠦᠨᠢᠶ᠎ᠡ ᠶᠢ 5 ᠲᠦᠮᠡ | ᠳᠤ ᠬᠦᠷᠦᠭᠦᠯᠵᠦ᠂ ᠰᠢᠨ᠎ᠡ ᠰᠣᠷᠭᠤᠭ ᠰᠦ ᠶᠢᠨ ᠭᠠᠷᠤᠯᠲᠠ ᠶᠢ 30 ᠲᠦᠮᠡᠨ ᠲᠣᠨ ᠠᠴᠠ ᠳᠡᠭᠡᠭᠰᠢ ᠳᠤ | ᠬᠦᠷᠦᠭᠦᠯᠬᠦ ᠶᠢ ᠪᠠᠲᠤᠯᠠᠨ᠎ᠠ᠃ ᠠᠯᠠᠰᠢᠨ ᠬᠤᠨᠢ ᠶᠢ ᠰᠠᠶᠢᠨ ᠡᠭᠦᠯᠳᠡᠷᠵᠢᠭᠦᠯᠬᠦ ᠪᠠ ᠬᠡᠪᠴᠢᠶᠡᠵᠢᠭᠦᠯᠦᠨ ᠲᠡᠵᠢᠭᠡᠨ | ᠦᠷᠡᠵᠢᠭᠦᠯᠬᠦ ᠬᠢᠷᠢ ᠲᠥᠪᠰᠢᠨ ᠢ ᠳᠡᠭᠡᠭᠰᠢᠯᠡᠭᠦᠯᠵᠦ᠂ ᠴᠢᠨᠠᠷ ᠰᠠᠶᠢᠲᠠᠶ ᠠᠯᠠᠰᠢᠨ ᠬᠤᠨᠢ ᠦᠶᠯᠡᠳᠪᠦᠷᠢᠯᠡᠬᠦ ᠰᠠᠭᠤᠷᠢᠨ | ᠢ ᠪᠥᠲᠥᠭᠡᠨ ᠪᠠᠶᠢᠭᠤᠯᠤᠨ᠎ᠠ᠃ ᠠᠳᠤᠭᠤᠨ ᠤ ᠠᠵᠤ ᠦᠶᠯᠡᠰ ᠬᠢᠭᠡᠳ ᠡᠯᠵᠢᠭᠡᠨ ᠤ ᠠᠵᠤ ᠦᠶᠯᠡᠰ ᠢ ᠬᠥᠭᠵᠢᠭᠦᠯᠬᠦ | ᠶᠢ ᠵᠣᠷᠢᠭᠵᠢᠭᠤᠯᠵᠤ᠂ ᠮᠣᠩᠭᠤᠯ ᠮᠣᠷᠢ ᠵᠡᠷᠭᠡ ᠣᠷᠣᠨ ᠨᠤᠲᠤᠭ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠵᠤ᠂ | ᠣᠲᠣ ᠦᠶ᠎ᠡ ᠶᠢᠨ ᠠᠳᠤᠭᠤᠨ ᠤ ᠠᠵᠤ ᠦᠶᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠮᠤ ᠪᠤᠳᠠᠭ᠎ᠠ ᠲᠠᠷᠢᠬᠤ | ᠲᠠᠯᠠᠪᠠᠶ ᠪᠣᠯᠤᠨ ᠤᠨᠠᠯᠲᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠲᠣᠰ ᠵᠢᠯ ᠳᠤ 15 ᠲᠦᠮᠡᠨ | ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠲᠠᠷᠢᠮᠠᠯ ᠤᠨ ᠦᠢᠯᠡᠰ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ ᠶᠢ 15 ᠲᠦᠮᠡᠨ ᠮᠦ ᠳᠡᠯᠭᠡᠷᠡᠭᠦᠯᠵᠦ᠂ 70 ᠲᠦᠮᠡᠨ ᠮᠦ ᠨᠣᠭᠤᠭᠠᠨ | ᠳᠠᠷᠤᠰᠢ᠂ 10 ᠲᠦᠮᠡᠨ ᠮᠦ ᠰᠢᠬᠢᠷ ᠯᠤᠤᠪᠠᠩ᠂ 10 ᠲᠦᠮᠡᠨ ᠮᠦ ᠨᠡᠷᠡᠨ ᠬᠤᠸᠠᠷ ᠲᠠᠷᠢᠵᠤ᠂ ᠠᠮᠤ ᠪᠤᠳᠠᠭᠠᠨ ᠤ | ᠤᠨᠠᠯᠲᠠ ᠶᠢ 10 ᠳ᠋ᠦᠩᠰᠢᠭᠤᠷ ᠵᠢᠩ ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠲᠠᠷᠢᠶᠠᠯᠠᠩ ᠮᠠᠯ | ᠠᠵᠤ ᠠᠬᠤᠶ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠴᠢᠩᠭᠠᠷᠠᠭᠤᠯᠤᠨ᠂ ᠲᠠᠷᠢᠶᠠᠨ ᠭᠠᠵᠠᠷ ᠠᠴᠠ | ᠬᠤᠭᠤᠯᠠᠨ ᠰᠢᠷᠡᠭᠡ ᠬᠦᠷᠲᠡᠯᠡᠬᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠪᠦᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ | ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠬᠢᠷᠢ ᠲᠥᠪᠰᠢᠨ ᠶᠢ ᠳᠡᠭᠡᠭᠰᠢᠯᠡᠭᠦᠯᠦᠨ᠎ᠡ᠃ ᠬᠥᠳᠡᠭᠡ | ᠲᠣᠰᠬᠤᠨ ᠤ ᠵᠠᠰᠠᠯᠲᠠ ᠶᠢᠨ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠭᠠᠴᠠᠭ᠎ᠠ ᠲᠣᠰᠬᠤᠨ ᠤ | ᠠᠷᠠᠳ ᠤᠨ ᠥᠪᠡᠷᠲᠡᠭᠡᠨ ᠵᠠᠰᠠᠬᠤ ᠲᠣᠭᠲᠠᠴᠠ ᠶᠢ ᠪᠦᠷᠢᠨᠰᠢᠭᠦᠯᠦᠨ ᠰᠢᠨᠡᠴᠢᠯᠡᠵᠦ᠂ ᠣᠯᠠᠨ ᠨᠡᠶᠢᠲᠡ ᠶᠢᠨ ᠡᠮᠬᠢ | ᠵᠢᠷᠤᠮ ᠪᠠ ᠰᠠᠶᠢᠨ ᠰᠠᠶᠢᠬᠠᠨ ᠵᠠᠩ ᠳᠠᠳᠬᠠᠯ ᠢ ᠪᠠᠳᠠᠷᠠᠭᠤᠯᠤᠨ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ | ᠠᠷᠢᠯᠭᠠᠵᠤ᠂ ᠮᠣᠷᠠᠯ ᠢ ᠳᠡᠭᠡᠳᠦᠯᠡᠨ ᠰᠠᠶᠢᠨ ᠵᠦᠭ ᠲᠤ ᠬᠦᠲᠦᠯᠦᠨ᠂ ᠴᠡᠪᠡᠷ ᠪᠣᠷᠣᠭᠵᠢᠭᠤᠨ᠂ ᠡᠶ᠎ᠡ ᠵᠣᠬᠢᠴᠠᠩᠭᠤᠢ | ᠡᠮᠬᠢ ᠵᠢᠷᠤᠮ ᠲᠠᠢ ᠪᠣᠯᠪᠠᠰᠤᠨ ᠪᠠᠶᠢᠬᠤ ᠨᠤᠲᠤᠭ ᠤᠨ ᠰᠤᠷᠲᠠᠯ ᠢ ᠬᠥᠭᠵᠢᠭᠦᠯᠦᠨ᠎ᠡ᠃ ᠬᠥᠳᠡᠭᠡ ᠲᠣᠰᠬᠤᠨ ᠤ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠴᠢᠳᠠᠪᠤᠷᠢᠲᠠᠨ ᠤ ᠨᠤᠲᠤᠭ ᠲᠠᠭᠠᠨ | ᠪᠤᠴᠠᠬᠤ︾ ᠢᠨᠵᠧᠨᠧᠷᠢᠩ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠣᠳᠠᠲᠤ ᠬᠡᠷᠡᠭᠯᠡᠭᠡᠨ ᠤ | ᠴᠢᠳᠠᠪᠤᠷᠢᠲᠠᠨ ᠵᠡᠷᠭᠡ ︽ᠲᠠᠪᠤᠨ ᠡᠩᠨᠡᠭᠡ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ ᠣᠨᠴᠠᠯᠢᠭᠲᠤ ᠵᠢᠵᠢᠭ ᠪᠠᠯᠭᠠᠰᠤ ᠶᠢ | ᠴᠣᠭᠴᠠᠯᠠᠨ᠎ᠠ᠃ ᠪᠠᠶᠠᠨ᠋ᠦ᠌ᠨᠳᠦᠷ ᠰᠤᠮᠤ᠂ ᠱᠤᠸᠠᠩ ᠱᠧᠩ ᠪᠠᠯᠭᠠᠰᠤ ᠪᠠᠷ ᠭᠤᠣᠯᠳᠠᠯᠭ᠎ᠠ ᠪᠣᠯᠭᠠᠨ᠂ ᠣᠨᠴᠠᠯᠢᠭᠲᠤ | ᠠᠵᠤ ᠦᠢᠯᠡᠰ ᠢ ᠬᠥᠭᠵᠢᠭᠦᠯᠵᠦ᠂ ᠰᠣᠶᠣᠯ ᠤᠨ ᠠᠭᠤᠯᠤᠭᠳᠠᠬᠤᠨ ᠢ ᠠᠭᠤᠳᠠᠯᠤᠨ᠂ ᠣᠯᠠᠨ ᠨᠡᠶᠢᠲᠡ ᠶᠢᠨ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠷᠢᠰᠢᠯ ᠢ | ᠡᠭᠦᠳᠦᠨ ᠪᠠᠶᠢᠭᠤᠯᠤᠨ᠎ᠠ᠃ | ︵ᠭᠤᠷᠪᠠ︶ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ | ᠬᠤᠲᠠ ᠲᠣᠭᠤᠷᠢᠭ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠲᠥᠯᠥᠪᠵᠢᠭᠦᠯᠭᠡ | ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠲᠡᠭᠦᠯᠳᠡᠷᠵᠢᠭᠦᠯᠵᠦ᠂ ᠬᠥᠮᠦᠨ ᠠᠮᠠ ᠶᠢ ᠳᠠᠭᠠᠭᠠᠬᠤ ᠴᠢᠳᠠᠪᠤᠷᠢ᠂ | ᠠᠵᠤ ᠦᠢᠯᠡᠰ ᠢ ᠳᠠᠭᠠᠭᠠᠬᠤ ᠴᠢᠳᠠᠪᠤᠷᠢ᠂ ᠲᠥᠪᠯᠡᠷᠡᠭᠦᠯᠦᠨ ᠬᠥᠭᠵᠢᠭᠦᠯᠬᠦ ᠴᠢᠳᠠᠪᠤᠷᠢ ᠶᠢ ᠴᠢᠩᠭᠠᠷᠠᠭᠤᠯᠤᠨ᠂ | ᠲᠠᠷᠢᠶᠠᠯᠠᠩ ᠮᠠᠯ ᠠᠵᠤ ᠠᠬᠤᠶ ᠡᠷᠬᠢᠯᠡᠭᠰᠡᠨ ᠬᠥᠮᠦᠨ ᠠᠮᠠ ᠶᠢᠨ ᠬᠤᠲᠠ ᠬᠥᠳᠡᠭᠡ ᠶᠢᠨ ᠬᠤᠭᠤᠷᠣᠨᠳᠣ ᠡᠮᠬᠢ ᠵᠢᠷᠤᠮ | ᠲᠠᠢ ᠪᠠᠷ ᠰᠢᠯᠵᠢᠬᠦ ᠳᠤ ᠨᠥᠬᠦᠴᠡᠯ ᠪᠦᠷᠢᠯᠳᠦᠭᠦᠯᠵᠦ᠂ ᠣᠷᠣᠨ ᠵᠠᠶ ᠬᠠᠩᠭᠠᠵᠤ ᠥᠭᠭᠦᠨ᠎ᠡ᠃ ᠬᠤᠲᠠ ᠶᠢᠨ ᠶᠠᠪᠤᠳᠠᠯ | ᠤᠨ ᠰᠠᠭᠤᠷᠢ ᠪᠡᠯᠡᠳᠬᠡᠮᠵᠢ ᠶᠢ ᠰᠢᠯᠢᠳᠡᠭᠵᠢᠭᠦᠯᠦᠨ᠎ᠡ᠃ ᠬᠤᠲᠠ ᠶᠢᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ | ᠢᠨᠵᠧᠨᠧᠷᠢᠩ ᠢ ᠠᠬᠢᠭᠤᠯᠵᠤ᠂ ᠵᠠᠮ᠂ ᠤᠰᠤ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ ᠬᠤᠭᠤᠯᠠᠢ ᠲᠣᠣᠷ | ᠤᠨ ᠪᠦᠲᠦᠭᠡᠨ ᠪᠠᠢᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠵᠦ᠂ ᠲᠢᠶᠠᠨ ᠶᠤᠸᠠᠨ ᠶᠡᠭᠡ ᠵᠡᠭᠡᠯᠢ᠂ ᠰᠢ ᠱᠢ ᠵᠠᠮ᠂ | ᠬᠠᠨ ᠯᠢᠨ ᠵᠡᠭᠡᠯᠢ᠂ ᠪᠠᠷᠠᠭᠤᠨ ᠭᠠᠷᠴᠠ ᠶᠢ ᠥᠭᠡᠷᠡᠴᠢᠯᠡᠨ ᠳᠡᠭᠡᠭᠰᠢᠯᠡᠭᠦᠯᠬᠦ ᠲᠥᠷᠦᠯ ᠵᠦᠢᠯ ᠢ ᠪᠡᠶᠡᠯᠡᠭᠦᠯᠵᠦ᠂ | ᠬᠠᠬᠢᠷ ᠵᠠᠮ᠂ ᠴᠢᠶᠠᠨ ᠶᠢᠨ ᠵᠠᠮ᠂ ᠲᠢᠶᠠᠨ ᠶᠤᠸᠠᠨ ᠵᠡᠭᠡᠯᠢ᠂ ᠰᠠᠨ ᠸᠧᠢ ᠵᠡᠭᠡᠯᠢ ᠵᠡᠷᠭᠡ 7 ᠵᠤᠷᠪᠤᠰ ᠵᠡᠭᠡᠯᠢ | ᠭᠤᠳᠤᠮᠵᠢ ᠶᠢ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠡᠳᠦᠷ ᠲᠤ 150 ᠲᠣᠨ ᠬᠤᠭ ᠨᠣᠪᠰᠢ | ᠰᠢᠢᠳᠪᠦᠷᠢᠯᠡᠬᠦ ᠲᠥᠷᠦᠯ ᠵᠦᠢᠯ ᠢ ᠡᠬᠢᠯᠡᠭᠦᠯᠦᠨ᠎ᠡ᠃ 200 ᠡᠷᠦᠬᠡ ᠶᠢᠨ ᠳᠥᠭᠦᠮ ᠪᠦᠲᠦᠴᠡᠲᠦ ᠣᠷᠣᠨ ᠰᠠᠭᠤᠴᠠ | ᠶᠢ ᠥᠭᠡᠷᠡᠴᠢᠯᠡᠨ ᠪᠠᠶᠢᠭᠤᠯᠵᠤ᠂ 1950 ᠡᠷᠦᠬᠡ ᠶᠢᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠵᠠᠰᠠᠵᠤ᠂ ᠬᠤᠲᠠ ᠲᠣᠭᠤᠷᠢᠭᠰᠠᠨ ᠤᠰᠤᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ 13 ᠪᠠᠭ᠎ᠠ ᠵᠢᠵᠢᠭ | ᠵᠥᠯᠭᠡᠲᠦ ᠭᠠᠵᠠᠷ᠂ 4 ᠵᠢᠵᠢᠭ ᠴᠡᠴᠡᠷᠯᠢᠭ ᠢ ᠰᠢᠨ᠎ᠡ ᠪᠠᠷ ᠪᠠᠶᠢᠭᠤᠯᠤᠨ᠂ ᠬᠤᠲᠠ ᠲᠣᠭᠤᠷᠢᠭ ᠤᠨ ᠣᠷᠴᠢᠨ | ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ | ᠲᠤᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ | ᠠᠬᠢᠭᠤᠯᠤᠨ᠎ᠠ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢ ᠳᠣᠪᠣᠶᠢᠯᠭᠠᠨ᠂ | ᠣᠯᠠᠨ ᠲᠦᠮᠡᠨ ᠤ ᠥᠪᠡᠷᠲᠡᠭᠡᠨ ᠵᠠᠰᠠᠬᠤ ᠬᠦᠴᠦᠨ ᠢ ᠪᠠᠳᠠᠷᠠᠭᠤᠯᠵᠤ᠂ ᠬᠠᠮᠲᠤᠪᠠᠷ ᠵᠠᠰᠠᠵᠤ ᠬᠠᠮᠲᠤᠪᠠᠷ ᠬᠦᠷᠲᠡᠬᠦ | ᠰᠠᠶᠢᠨ ᠰᠠᠶᠢᠬᠠᠨ ᠪᠠᠶᠢᠷᠢᠰᠢᠯ ᠢ ᠪᠠᠶᠢᠭᠤᠯᠤᠨ᠂ ᠬᠤᠲᠠ ᠶᠢᠨ ᠳᠥᠷᠰᠦ ᠪᠠᠶᠢᠳᠠᠯ ᠤᠨ ᠴᠡᠭᠴᠡᠯᠡᠯᠲᠡ ᠶᠢ ᠶᠡᠬᠡᠪᠡᠷ | ᠥᠷᠨᠢᠭᠦᠯᠵᠦ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠵᠠᠮ ᠡᠵᠡᠯᠡᠨ ᠡᠵᠡᠩᠨᠡᠬᠦ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠶᠤᠨᠴᠢᠯᠠᠭᠰᠠᠨ᠂ ᠲᠣᠤᠷᠴᠢᠯᠠᠭᠰᠠᠨ | ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠤᠰ ᠤᠨ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ | ᠠᠬᠢᠭᠤᠯᠤᠨ᠎ᠠ᠃ | ︵ᠳᠥᠷᠪᠡ︶ ᠳᠠᠪᠠᠭᠤᠯᠢᠭ ᠣᠨᠴᠠᠯᠢᠭᠲᠤ ᠠᠵᠤ ᠦᠶᠯᠡᠰ ᠢ ᠬᠥᠭᠵᠢᠭᠦᠯᠦᠨ᠎ᠡ | ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠤᠷᠠᠭᠤᠯᠬᠤ ᠦᠶᠯᠡᠰ ᠢ | ᠬᠥᠭᠵᠢᠭᠦᠯᠦᠨ ᠪᠤᠵᠠᠭᠠᠶᠢᠷᠠᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠬᠦ ᠪᠠᠷ | ᠭᠤᠣᠯᠳᠠᠯᠭ᠎ᠠ ᠪᠣᠯᠭᠠᠨ᠂ ᠲᠠᠢ ᠵᠢᠶ ᠪᠦᠯᠦᠭᠯᠡᠯ ᠤᠨ 9000 ᠲᠣᠨ ᠦᠬᠡᠷ ᠤᠨ ᠮᠢᠬᠠᠨ ᠤ ᠢᠳᠡᠭᠡᠨ ᠢ ᠨᠠᠷᠢᠯᠢᠭ | ᠡᠳ᠋ᠰᠢᠭᠦᠯᠬᠦ᠂ ᠺᠠᠩ ᠲᠠᠢ ᠶᠢᠨ 6 ᠲᠦᠮᠡᠨ ᠲᠣᠨ ᠡᠷᠳᠡᠨᠢ ᠰᠢᠰᠢ ᠶᠢᠨ ᠳᠠᠷᠤᠰᠢᠭᠤᠯᠤᠯ᠂ ᠢ ᠱᠧᠩ ᠶᠤᠸᠠᠨ ᠤ 3.2 | ᠲᠦᠮᠡᠨ ᠲᠣᠨ ᠤᠰᠤ ᠦᠭᠡᠶᠢᠵᠢᠭᠦᠯᠦᠭᠰᠡᠨ ᠢᠳᠡᠰᠢᠨ ᠨᠣᠭᠤᠭ᠎ᠠ᠂ ᠢᠦ᠋ᠶ ᠽᠧ ᠶᠢᠨ 6000 ᠲᠦᠮᠡᠨ ᠮᠧᠲᠷ ᠤᠨ | ᠳᠤᠰᠤᠯᠭᠠᠨ ᠤᠰᠤᠯᠠᠬᠤ ᠪᠦᠰᠡ ᠶᠢᠨ ᠦᠢᠯᠡᠳᠪᠦᠷᠢᠯᠡᠯ ᠤᠨ ᠱᠤᠭᠤᠮ ᠢ ᠰᠢᠨ᠎ᠡ ᠪᠠᠷ ᠪᠠᠶᠢᠭᠤᠯᠬᠤ ᠵᠡᠷᠭᠡ | ᠢᠨᠵᠧᠨᠧᠷᠢᠩ ᠢ ᠲᠣᠪᠣᠶᠢᠮ᠎ᠠ ᠰᠠᠶᠢᠲᠤᠷ ᠠᠳᠬᠤᠵᠤ᠂ ᠯᠢᠩ ᠶᠦᠨ ᠬᠠᠶ ᠶᠢᠨ ᠰᠢᠬᠢᠷ ᠤᠨ ᠦᠢᠯᠡᠰ ᠤᠨ ᠪᠠᠯ ᠢ | ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠲᠥᠰᠦᠪᠯᠡᠨ ᠬᠡᠷᠡᠭᠵᠢᠭᠦᠯᠵᠦ᠂ ᠬᠡᠯᠬᠢᠶ᠎ᠡ ᠪᠠᠨ ᠤᠷᠲᠤᠳᠬᠠᠬᠤ ᠶᠢ ᠤᠯᠠᠮ | ᠨᠢᠭᠡ ᠠᠯᠬᠤᠮ ᠴᠢᠩᠭᠠᠳᠬᠠᠨ᠂ ᠳᠡᠭᠡᠳᠦ ᠲᠠᠰ ᠤᠨ ᠦᠢᠯᠡᠳᠬᠦᠨ ᠤ ᠲᠦᠷᠦᠯ ᠲᠡᠮᠳᠡᠭ ᠢ ᠡᠭᠦᠳᠴᠦ᠂ | ᠣᠳᠣᠬᠢᠴᠢᠯᠠᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠬᠦ ᠠᠵᠤ ᠦᠢᠯᠡᠰ ᠤᠨ | ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠠᠵᠤ ᠦᠢᠯᠡᠰ ᠢ | ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠬᠥᠭᠵᠢᠭᠦᠯᠦᠨ᠎ᠡ᠃ ︽ᠵᠡᠭᠦᠨ᠂ ᠡᠮᠦᠨ᠎ᠡ᠂ ᠳᠤᠮᠳᠠ᠂ | ᠬᠤᠶᠢᠨ᠎ᠠ︾ ᠳᠥᠷᠪᠡᠨ ᠶᠡᠭᠡ ᠲᠣᠭᠤᠷᠢᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠵᠤ᠂ ᠵᠡᠭᠦᠨ ᠬᠡᠰᠡᠭ ᠤᠨ ᠣᠯᠠᠨᠬᠤᠸᠠ ᠵᠡᠰ ᠮᠤᠯᠢᠪᠳᠧᠨ ᠤ ᠠᠭᠤᠷᠬᠠᠢ ᠶᠢᠨ 30 ᠲᠦᠮᠡᠨ ᠪᠣᠰᠤᠭ᠎ᠠ | ᠳᠥᠷᠪᠡᠯᠵᠢᠨ ᠮᠧᠲᠷ ᠤᠨ ᠦᠯᠡᠳᠡᠭᠳᠡᠯ ᠬᠦᠳᠡᠷ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠦᠨ᠂ | ᠡᠮᠦᠨ᠎ᠡ ᠬᠡᠰᠡᠭ ᠤᠨ ᠯᠣᠣ ᠵᠢᠶᠠ ᠭᠧᠦ ᠶᠢᠨ ᠮᠣᠯᠢᠪᠳᠧᠨ ᠲᠤᠭᠤᠯᠭ᠎ᠠ ᠴᠠᠶᠢᠷ ᠤᠨ ᠠᠭᠤᠷᠬᠠᠢ ᠶᠢᠨ 1 ᠲᠦᠮᠡᠨ ᠲᠣᠨ | ᠬᠦᠳᠡᠷ ᠰᠢᠯᠢᠬᠦ ᠦᠢᠯᠡᠳᠪᠦᠷᠢ᠂ ᠬᠤᠶᠢᠲᠤ ᠬᠡᠰᠡᠭ ᠤᠨ ᠪᠠᠶᠠᠨᠪᠤᠯᠠᠭ ᠳᠤᠭᠤᠯᠭ᠎ᠠ ᠴᠠᠶᠢᠷ ᠤᠨ ᠠᠭᠤᠷᠬᠠᠢ ᠶᠢᠨ | 3000 ᠲᠣᠨ ᠰᠢᠯᠢᠬᠦ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠳᠤᠮᠳᠠ ᠬᠡᠰᠡᠭ ᠤᠨ | ᠣᠪᠣᠭᠠᠲᠤ ᠶᠢᠨ 480 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠦᠯᠡᠳᠡᠭᠳᠡᠯ ᠬᠦᠳᠡᠷ ᠤᠨ ᠬᠥᠮᠥᠷᠭᠡ ᠶᠢᠨ | ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠦᠨ᠂ ᠶᠢᠨ ᠭᠠᠩ ᠲᠠᠢ ᠺᠣᠮᠫᠠᠨᠢ ᠶᠢᠨ ᠫᠠᠨ ᠵᠢᠶᠠ ᠳ᠋ᠤᠸᠠᠨ ᠤ | ᠲᠤᠭᠤᠯᠭ᠎ᠠ ᠴᠠᠶᠢᠷ ᠤᠨ ᠠᠭᠤᠷᠬᠠᠶ᠂ ᠬᠤᠩ ᠭᠠᠩ ᠺᠣᠮᠫᠠᠨᠢ ᠶᠢᠨ ᠬᠠᠭᠤᠷᠠᠶ ᠬᠥᠨᠳᠡᠶ ᠶᠢᠨ ᠲᠤᠭᠤᠯᠭ᠎ᠠ ᠴᠠᠶᠢᠷ | ᠠᠭᠤᠷᠬᠠᠢ ᠶᠢ ᠬᠤᠯᠪᠣᠭᠠᠯᠠᠭᠤᠯᠤᠨ ᠳᠠᠬᠢᠨ ᠵᠣᠬᠢᠶᠠᠨ ᠪᠠᠶᠢᠭᠤᠯᠵᠤ᠂ ᠪᠠᠨ ᠯᠠ ᠱᠠᠨ ᠤ ᠵᠡᠰ ᠮᠤᠯᠢᠪᠳᠧᠨ ᠤ | ᠠᠭᠤᠷᠬᠠᠶ᠂ ᠪᠣᠣ ᠱᠠᠨ ᠵᠡᠰ ᠤᠨ ᠣᠯᠠᠨ ᠲᠡᠮᠦᠷᠯᠢᠭ ᠤᠨ ᠠᠭᠤᠷᠬᠠᠢ ᠶᠢ ᠨᠡᠭᠡᠭᠡᠨ ᠠᠰᠢᠭᠯᠠᠬᠤ ᠶᠢ ᠵᠡᠷᠭᠡᠪᠡᠷ | ᠠᠬᠢᠭᠤᠯᠤᠨ᠂ ᠠᠮᠢ ᠠᠬᠤᠶ ᠶᠢᠨ ᠬᠠᠮᠠᠭᠠᠯᠠᠯᠲᠠ ᠬᠢᠭᠡᠳ ᠡᠬᠢ ᠪᠠᠶᠠᠯᠢᠭ ᠤᠨ ᠨᠡᠭᠡᠭᠡᠯᠲᠡ ᠬᠢᠬᠦ ᠶᠢ ᠵᠡᠷᠭᠡ ᠳᠤᠨᠢ | ᠴᠢᠬᠤᠯᠠᠴᠢᠯᠠᠬᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠯᠲᠡ ᠶᠢᠨ ᠠᠵᠤ ᠦᠢᠯᠡᠰ ᠢ | ᠬᠥᠭᠵᠢᠭᠦᠯᠵᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠠᠯᠬᠢᠨ | ᠬᠦᠴᠦᠨ ᠢ ᠡᠨᠧᠷᠭᠢ᠂ ᠭᠡᠷᠡᠯ ᠤᠨ ᠡᠨᠧᠷᠭᠢ ᠪᠣᠯᠤᠨ ᠠᠮᠢᠳᠤ ᠪᠣᠳᠠᠰ ᠤᠨ ᠮᠠᠰ ᠡᠨᠧᠷᠭᠢ ᠶᠢ ᠨᠡᠭᠡᠭᠡᠬᠦ ᠪᠠᠷ | ᠭᠤᠣᠯᠳᠠᠯᠭ᠎ᠠ ᠪᠣᠯᠭᠠᠨ᠂ ᠴᠢᠯᠠᠭᠤᠨ ᠲᠣᠰᠣᠨ ᠤ ᠠᠶ ᠰᠠᠪᠠ ᠶᠢᠨ ᠭᠠᠷᠤᠯᠲᠠ ᠪᠠᠨ ᠨᠡᠮᠡᠭᠳᠡᠭᠦᠯᠵᠦ ᠡᠨᠧᠷᠭᠢ ᠪᠠᠨ | ᠥᠷᠭᠡᠳᠬᠡᠬᠦ᠂ ᠰᠠᠯᠬᠢᠨ ᠤ ᠬᠦᠴᠦ ᠭᠡᠷᠡᠯ ᠴᠡᠨᠡᠭ ᠤᠨ ᠴᠠᠬᠢᠯᠭᠠᠨ ᠤ ᠦᠢᠯᠡᠳᠪᠦᠷᠢ ᠪᠣᠯᠤᠨ ᠠᠮᠢᠳᠤ ᠪᠣᠳᠠᠰ ᠤᠨ ᠮᠠᠰ | ᠰᠢᠲᠠᠮᠠᠬᠠᠶ ᠬᠡᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠱᠠᠯᠠᠪᠲᠠᠨ ᠠᠬᠢᠭᠤᠯᠤᠨ᠎ᠠ᠃ | ᠰᠣᠶᠣᠯ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠰᠣᠶᠣᠯ ᠬᠢᠭᠡᠳ ᠵᠢᠭᠤᠯᠴᠢᠯᠠᠯ ᠤᠨ ᠭᠦᠨᠵᠡᠭᠡᠶ | ᠠᠭᠤᠰᠤᠯᠴᠠᠯ ᠢ ᠴᠢᠬᠤᠯᠠᠴᠢᠯᠠᠵᠤ᠂ ᠨᠡᠭᠦᠳᠡᠯ ᠮᠠᠯᠵᠢᠯ ᠤᠨ ᠰᠣᠶᠣᠯ ᠪᠠ ᠲᠠᠯ᠎ᠠ ᠨᠤᠲᠤᠭ ᠤᠨ ᠠᠮᠢ ᠠᠬᠤᠶ ᠪᠠᠷ | ᠠᠬᠤᠶ ᠪᠠᠶᠢᠳᠠᠯ ᠪᠣᠯᠭᠠᠵᠤ᠂ ᠠᠷᠤ ᠬᠤᠷᠴᠢᠨ ᠤ ᠬᠠᠨ ᠠᠭᠤᠯᠠ ᠦᠵᠡᠮᠵᠢ ᠶᠢᠨ ᠣᠷᠣᠨ᠂ ︽ᠳᠤᠮᠳᠠᠳᠤ | ᠤᠯᠤᠰ ᠤᠨ ᠡᠪᠡᠰᠦᠨ ᠤ ᠭᠠᠷᠤᠯᠲᠠ ᠶᠢᠨ ᠲᠥᠪ︾ ᠶᠢᠨ ᠠᠮᠢ ᠠᠬᠤᠢ ᠶᠢᠨ ᠵᠢᠭᠤᠯᠴᠢᠯᠠᠯ ᠢ ᠨᠡᠭᠡᠭᠡᠬᠦ ᠵᠡᠷᠭᠡ | ᠭᠤᠤᠯᠳᠠᠯᠭ᠎ᠠ ᠲᠠᠢ ᠴᠣᠭᠴᠠᠯᠠᠵᠤ᠂ ᠠᠷᠤ ᠬᠤᠷᠴᠢᠨ ᠤ ᠨᠡᠭᠦᠳᠡᠯ ᠮᠠᠯᠵᠢᠯ ᠤᠨ ᠠᠶᠢᠮᠠᠭ ᠤᠨ ᠰᠣᠶᠣᠯ ᠤᠨ | ᠬᠦᠷᠢᠶᠡᠯᠡᠩ᠂ ᠴᠢᠪᠠᠭ᠎ᠠ ᠶᠢᠨ ᠣᠶ ᠰᠢᠭᠤᠶ ᠶᠢᠨ ᠠᠮᠢ ᠠᠬᠤᠶ ᠶᠢᠨ ᠰᠣᠶᠣᠯ ᠤᠨ ᠴᠡᠴᠡᠷᠯᠢᠭ ᠢ ᠡᠬᠢᠯᠡᠭᠦᠯᠬᠦ ᠶᠢᠨ | ᠬᠠᠮᠲᠤ ᠪᠡᠶᠡᠯᠡᠭᠦᠯᠵᠦ᠂ ᠪᠥᠬᠦ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ ᠰᠠᠶᠢᠲᠤᠷ | ᠳᠠᠭᠠᠭᠠᠨ ᠡᠷᠬᠢᠯᠡᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠢ ᠬᠠᠷᠢᠭᠤᠴᠠᠬᠤ ᠳᠠᠷᠤᠭ᠎ᠠ ᠶᠢᠨ | ᠳᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ᠂ ᠪᠣᠳᠠᠰ ᠤᠨ ᠪᠤᠰᠤ | ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠦᠨᠳᠦᠰᠦᠲᠡᠨ ᠤ ᠰᠣᠶᠣᠯ ᠢ ᠤᠯᠠᠮᠵᠢᠯᠠᠨ᠎ᠠ᠃ | ᠠᠷᠠᠯᠵᠢᠶ᠎ᠠ ᠬᠤᠳᠠᠯᠳᠤᠭᠠᠨ ᠤ ᠪᠣᠳᠠᠰ ᠤᠨ ᠭᠦᠢᠯᠭᠡᠭᠡᠨ ᠤ ᠦᠢᠯᠡᠰ ᠢ ᠢᠳᠡᠪᠬᠢᠲᠡᠢ ᠬᠥᠭᠵᠢᠭᠦᠯᠦᠨ᠎ᠡ᠃ ᠬᠤᠲᠠ | ᠬᠥᠳᠡᠭᠡ ᠶᠢᠨ ᠡᠯᠧᠺᠲᠷᠣᠨ ᠬᠤᠳᠠᠯᠳᠤᠭᠠᠨ ᠤ ᠲᠣᠤᠷ ᠰᠦᠯᠵᠢᠶ᠎ᠡ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ 4 ᠠᠴᠠ ᠳᠡᠭᠡᠭᠰᠢ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠬᠦ | ᠲᠠᠰᠤᠭ ᠢ ᠨᠡᠪᠲᠡᠷᠡᠭᠦᠯᠵᠦ᠂ 3 ᠠᠴᠠ ᠳᠡᠭᠡᠭᠰᠢ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠬᠦ ᠵᠢᠱᠢᠶ᠎ᠡ | ᠦᠵᠡᠭᠦᠯᠬᠦ ᠲᠣᠰᠬᠤᠨ ᠢ ᠪᠠᠶᠢᠭᠤᠯᠤᠨ᠎ᠠ᠃ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡ ᠶᠢ ᠬᠥᠭᠵᠢᠭᠦᠯᠵᠦ᠂ ᠮᠠᠨ | ᠤ ᠬᠤᠰᠢᠭᠤᠨ ᠤ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠵᠠᠮ ᠨᠡᠭᠡᠭᠡᠨ | ᠥᠭᠴᠦ᠂ ᠬᠦᠢᠲᠡᠨ ᠬᠡᠯᠬᠢᠶᠡᠲᠦ ᠬᠥᠮᠥᠷᠭᠡᠯᠡᠬᠦ ᠰᠠᠭᠤᠷᠢᠨ ᠢ 1.5 ᠲᠦᠮᠡᠨ ᠲᠡᠭᠰᠢ ᠳᠥᠷᠪᠡᠯᠵᠢᠨ ᠮᠧᠲᠷ ᠠᠴᠠ | ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ | ᠤ ᠲᠠᠯᠠᠪᠤᠷ ᠭᠠᠵᠠᠷ ᠤᠨ ᠪᠠᠶᠢᠭᠤᠯᠤᠯᠲᠠ᠂ ᠡᠯᠧᠺᠲᠷᠣᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠶᠡᠭᠡ ᠬᠡᠮᠵᠢᠶᠡᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ | ᠤ ᠲᠠᠪᠴᠠᠩ ᠢ ᠪᠠᠶᠢᠭᠤᠯᠤᠨ᠂ ᠬᠢᠨᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠪᠡᠯᠡᠳᠬᠡᠮᠵᠢ ᠶᠢᠨ | ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠮᠥᠷᠳᠡᠵᠦ ᠪᠣᠯᠬᠤᠶᠢᠴᠠ ᠰᠢᠰᠲ᠋ᠧᠮ ᠢ ᠪᠠᠶᠢᠭᠤᠯᠤᠨ᠂ ᠬᠢᠨᠠᠨ ᠰᠢᠯᠭᠠᠵᠤ ᠪᠠᠶᠢᠴᠠᠭᠠᠨ ᠰᠢᠨᠵᠢᠬᠦ | ᠪᠣᠯᠣᠨ ᠶᠠᠰᠤ ᠴᠢᠨᠠᠷ ᠢ ᠭᠡᠷᠡᠴᠢᠯᠡᠬᠦ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠦᠷᠢᠶᠡᠯᠡᠩ | ᠲᠣᠭᠤᠷᠢᠭ ᠤᠨ ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠰᠠᠭᠤᠷᠢ | ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠂ ᠬᠦᠷᠢᠶᠡᠯᠡᠩ ᠲᠣᠭᠤᠷᠢᠭ ᠬᠢᠭᠡᠳ ᠡᠷᠬᠢᠨ | ᠲᠣᠭᠤᠷᠢᠨ ᠤ ᠠᠮᠢᠳᠤᠷᠠᠯ ᠤᠨ ᠦᠢᠯᠡᠴᠢᠯᠡᠭᠡᠨ ᠤ ᠢᠵᠢ ᠪᠥᠷᠢᠳᠥᠬᠦᠯᠬᠦ ᠴᠢᠳᠠᠪᠤᠷᠢ ᠶᠢᠨ ᠪᠠᠶᠢᠭᠤᠯᠤᠯᠲᠠ ᠶᠢ | ᠡᠬᠢᠯᠡᠭᠦᠯᠵᠦ᠂ ᠢᠳᠡᠭᠡᠨ ᠤ ᠬᠦᠷᠢᠶᠡᠯᠡᠩ ᠲᠣᠭᠤᠷᠢᠭ᠂ ᠰᠢᠮᠡᠯᠢᠭ ᠡᠪᠡᠰᠦᠨ ᠤ ᠠᠵᠤ ᠦᠢᠯᠡᠰ ᠤᠨ ᠬᠦᠷᠢᠶᠡᠯᠡᠩ | ᠲᠣᠭᠤᠷᠢᠭ ᠢ ᠵᠢᠷᠤᠮᠵᠢᠭᠤᠯᠤᠨ᠂ ᠮᠠᠰᠢᠨ ᠲᠡᠷᠭᠡᠨ ᠤ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ | ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠡᠬᠢᠯᠡᠭᠦᠯᠵᠦ᠂ | ︽ᠨᠢᠭᠡ ᠬᠦᠷᠢᠶᠡᠯᠡᠩ ᠲᠥᠷᠪᠡᠨ ᠲᠣᠭᠤᠷᠢᠭ︾ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠪᠠᠶᠢᠷᠢᠰᠢᠭᠤᠯᠤᠯ ᠢ ᠪᠦᠷᠢᠯᠳᠦᠭᠦᠯᠦᠨ᠎ᠡ᠃ ︽ᠬᠦᠰᠢᠮᠡᠯ︾ ᠠᠵᠤ ᠠᠬᠤᠶᠢᠯᠠᠯ ᠢ ᠴᠡᠪᠡᠷᠯᠡᠬᠦ ᠶᠢ ᠲᠦᠷᠭᠡᠳᠬᠡᠵᠦ᠂ 5 | ᠲᠦᠮᠡᠨ ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠦᠶᠯᠡᠳᠪᠦᠷᠢ ᠶᠢᠨ ᠭᠡᠷ ᠪᠠᠶᠢᠰᠢᠩ ᠢ ᠴᠢᠯᠥᠭᠡᠲᠡᠢ | ᠪᠣᠯᠭᠠᠵᠤ᠂ 3 ᠠᠴᠠ ᠳᠡᠭᠡᠭᠰᠢ ᠬᠦᠷᠢᠶᠡᠯᠡᠩ ᠳᠤ ᠣᠷᠣᠬᠤ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠦᠨ᠎ᠡ᠃ | |