ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ  ᠬᠤᠷᠠᠯᠳᠤᠭᠤᠯᠵᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠭᠤᠣᠯ  ᠴᠣᠭᠴᠠ ᠶᠢ ᠳᠠᠩᠰᠠᠯᠠᠨ ᠬᠠᠮᠢᠶᠠᠷᠬᠤ ᠲᠦᠷᠢᠮ ︵ᠲᠥᠰᠦᠯ︶︾ ᠢ ᠪᠠᠲᠤᠯᠠᠪᠠ
ᠨᠡᠶᠢᠲᠡᠯᠡᠭᠰᠡᠨ ᠴᠠᠭ᠄
2021/4/19
      ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ              ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ  ᠳᠡᠩᠰᠡᠯᠡᠨ ᠬᠠᠮᠢᠶᠠᠷᠬᠤ ᠲᠦᠷᠢᠮ ︵ᠲᠥᠰᠦᠯ︶︾ ᠢ ᠪᠠᠲᠤᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ  ᠪᠤᠶᠢᠵᠢᠭᠤᠯᠤᠨ ᠪᠤᠵᠠᠭᠠᠶᠢᠷᠠᠭᠤᠯᠬᠤ ᠪᠠ ᠭᠤᠤᠯᠴᠢ ᠥᠷᠢᠰᠦᠯᠳᠦᠭᠡᠨ ᠶᠢ ᠠᠬᠢᠭᠤᠯᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ                ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ  14 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠡᠩᠰᠡᠯᠡᠨ  ᠬᠠᠮᠢᠶᠠᠷᠬᠤ ᠳᠦᠷᠢᠮ ︵ᠲᠥᠰᠦᠯ︶︾ ᠢ ᠪᠠᠲᠤᠯᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠤᠶᠢᠵᠢᠭᠤᠯᠤᠨ  ᠪᠤᠵᠠᠭᠠᠶᠢᠷᠠᠭᠤᠯᠬᠤ ᠪᠠ ᠭᠤᠣᠯᠴᠢ ᠥᠷᠢᠰᠥᠯᠳᠦᠭᠡᠨ ᠢ ᠠᠬᠢᠭᠤᠯᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ᠃              ᠬᠤᠷᠠᠯ ᠠᠴᠠ ᠵᠢᠭᠠᠬᠤ ᠳᠤ ᠪᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ  ᠪᠤᠵᠠᠭᠠᠶᠢᠷᠠᠭᠤᠯᠬᠤ ᠨᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢ ᠬᠥᠭᠵᠢᠭᠦᠯᠬᠦ ᠳᠤ ᠲᠦᠢᠯ ᠤᠨ  ᠴᠢᠬᠤᠯᠠ ᠶᠤᠮ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ  ᠶᠣᠰᠣᠭᠠᠷ᠂ ᠣᠶᠢᠷ᠎ᠠ ᠶᠢᠨ ᠵᠢᠯ ᠤᠳ ᠲᠤ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠵᠡᠷᠭᠡ ᠶᠢᠨ  ᠥᠭᠡᠷᠡᠴᠢᠯᠡᠯᠲᠡ ᠶᠢ ᠠᠬᠢᠭᠤᠯᠬᠤ ᠪᠠᠷ ᠳᠡᠮᠵᠢᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠲᠤᠭ᠎ᠠ ︽13 · 5  ︾ ᠶᠢᠨ ᠬᠤᠭᠤᠴᠠᠭᠠᠨ ᠳᠤ 6000 ᠭᠠᠷᠤᠶ ᠲᠦᠮᠡᠨ ᠡᠷᠦᠬᠡ ᠰᠢᠨ᠎ᠡ ᠪᠠᠷ ᠨᠡᠮᠡᠭᠳᠡᠵᠦ᠂ ᠠᠵᠤ ᠠᠬᠤᠶ ᠶᠢᠨ  ᠠᠮᠢᠵᠢᠷᠠᠯ ᠤᠨ ᠬᠦᠴᠦᠨ ᠪᠠ ᠤᠶᠠᠨ ᠬᠠᠳᠠᠨ ᠴᠢᠨᠠᠷ ᠢ ᠴᠢᠩᠭᠠᠷᠠᠭᠤᠯᠤᠨ᠂ ᠶᠡᠭᠡ ᠬᠡᠮᠵᠢᠶᠡᠨ ᠤ ᠠᠵᠢᠯ  ᠣᠯᠭᠤᠯᠲᠠ ᠶᠢ ᠠᠬᠢᠭᠤᠯᠤᠭᠰᠠᠨ ᠪᠠᠶᠢᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ  ᠭᠦᠨᠵᠡᠭᠡᠶᠢᠷᠡᠭᠦᠯᠵᠦ᠂ ᠪᠦᠲᠦᠮᠵᠢᠲᠡᠶ ᠠᠷᠭ᠎ᠠ ᠬᠢᠳᠡᠯ ᠢ ᠲᠦᠷᠢᠮ ᠤᠨ ᠵᠢᠷᠤᠮᠵᠢᠯ ᠪᠣᠯᠭᠠᠨ ᠳᠡᠭᠡᠭᠰᠢᠯᠡᠭᠦᠯᠵᠦ᠂  ᠢᠯᠠᠩᠭᠤᠶ᠎ᠠ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠳᠡᠩᠰᠡᠯᠡᠨ ᠬᠠᠮᠢᠶᠠᠷᠬᠤ ᠡᠨᠡ ᠬᠦ ᠰᠠᠭᠤᠷᠢ ᠴᠢᠨᠠᠷᠲᠠᠶ  ᠲᠦᠷᠢᠮ ᠢ ᠪᠦᠷᠢᠨᠰᠢᠭᠦᠯᠬᠦ ᠬᠡᠷᠡᠭᠲᠡᠶ ᠭᠡᠵᠡᠢ᠃ ᠬᠤᠷᠠᠯ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ  ᠤᠯᠤᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠨ ᠬᠠᠮᠢᠶᠠᠷᠬᠤ ᠲᠦᠷᠢᠮ            ︵ᠲᠥᠰᠦᠯ︶︾ ᠢ  ᠪᠠᠲᠤᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂  ᠦᠢᠯᠡᠰ ᠪᠤᠰᠬᠠᠵᠤ ᠰᠢᠨ᠎ᠡ ᠶᠢ ᠡᠭᠦᠳᠬᠦ ᠶᠢ ᠠᠬᠢᠭᠤᠯᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠳᠤ  ᠬᠠᠤᠯᠢᠵᠢᠯ ᠤᠨ ᠪᠠᠲᠤᠯᠠᠭ᠎ᠠ ᠬᠠᠩᠭᠠᠪᠠ᠃ ᠲᠥᠰᠦᠯ ᠳᠤ ᠨᠢᠭᠡᠨᠲᠡ ᠨᠡᠶᠢᠲᠡᠯᠡᠭᠰᠡᠨ ᠵᠠᠬ᠎ᠠ ᠳᠡᠯᠭᠡᠭᠦᠷ ᠤᠨ ᠪᠡᠶᠡᠴᠢ  ᠴᠣᠭᠴᠠ ᠶᠢ ᠳᠡᠩᠰᠡᠯᠡᠨ ᠬᠠᠮᠢᠶᠠᠷᠬᠤ ᠲᠤᠬᠠᠶ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠡᠮᠬᠢᠯᠡᠨ ᠨᠡᠶᠢᠯᠡᠭᠦᠯᠵᠦ᠂  ᠮᠠᠨ ᠤ ᠤᠯᠤᠰ ᠤᠨ ᠬᠢᠯᠢ ᠳᠣᠲᠣᠷ᠎ᠠ ᠠᠰᠢᠭ ᠬᠤᠨᠵᠢᠪᠣᠷᠢ ᠤᠯᠬᠤ ᠵᠣᠷᠢᠯᠭ᠎ᠠ ᠪᠠᠷ ᠡᠵᠡᠩᠨᠡᠯᠲᠡ ᠶᠢᠨ ᠠᠵᠢᠯᠯᠠᠭ᠎ᠠ  ᠬᠢᠵᠦ ᠪᠠᠶᠢᠭ᠎ᠠ ᠡᠯ᠎ᠡ ᠲᠥᠷᠥᠯ ᠤᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂  ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠵᠡᠷᠭᠡ ᠶᠢ ᠳᠡᠩᠰᠡᠯᠡᠨ ᠬᠠᠮᠢᠶᠠᠷᠬᠤ ᠲᠤᠬᠠᠶ ᠨᠢᠭᠡᠳᠦᠯᠲᠡᠶ ᠲᠣᠭᠲᠠᠭᠠᠯ  ᠭᠠᠷᠭᠠᠪᠠ᠃ ᠡᠭᠦᠨ ᠳᠤ ᠭᠤᠤᠯᠳᠠᠭᠤ᠄ ︵1︶ ᠳᠡᠩᠰᠡᠯᠡᠨ ᠲᠡᠮᠳᠡᠭᠯᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ  ᠳᠡᠭᠡᠭᠰᠢᠯᠡᠭᠦᠯᠦᠨ᠎ᠡ᠃ ᠲᠤᠬᠠᠶ ᠶᠢᠨ ᠭᠠᠵᠠᠷ ᠲᠤ ᠨᠢ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠴᠠᠭ  ᠬᠢᠵᠠᠭᠠᠷᠯᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠨᠳᠣᠤ ᠭᠠᠵᠠᠷ ᠲᠤ ᠭᠦᠢᠴᠡᠳᠬᠡᠬᠦ ᠶᠢ  ᠬᠡᠷᠡᠭᠵᠢᠭᠦᠯᠦᠨ᠎ᠡ᠃ ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ  ᠪᠠᠶᠢᠪᠠᠯ᠂ ᠳᠠᠩᠰᠠᠯᠠᠬᠤ ᠪᠠᠶᠢᠭᠤᠯᠭ᠎ᠠ ᠲᠤᠬᠠᠶ ᠶᠢᠨ ᠭᠠᠵᠠᠷ ᠲᠤ ᠨᠢ ᠳᠠᠩᠰᠠᠯᠠᠬᠤ ᠬᠡᠷᠡᠭᠲᠡᠶ︔ ᠲᠤᠬᠠᠶ ᠶᠢᠨ  ᠭᠠᠵᠠᠷ ᠲᠤ ᠨᠢ ᠳᠠᠩᠰᠠᠯᠠᠭᠤᠯᠵᠤ ᠳᠡᠶᠢᠯᠬᠦ ᠦᠭᠡᠢ     ᠪᠣᠯ᠂ ᠡᠩ ᠤᠨ ᠪᠠᠶᠢᠳᠠᠯ ᠳᠤ 3 ᠠᠵᠢᠯᠯᠠᠬᠤ ᠡᠳᠦᠷ ᠤᠨ  ᠳᠣᠲᠣᠷ᠎ᠠ ᠳᠠᠩᠰᠠᠯᠠᠵᠤ ᠥᠭᠬᠦ ᠬᠡᠷᠡᠭᠲᠡᠶ᠃ ᠡᠯᠧᠺᠳ᠋ᠷᠣᠨ ᠪᠣᠯᠤᠨ ᠴᠠᠭᠠᠰᠤᠨ ᠡᠵᠡᠩᠨᠡᠯᠲᠡ ᠶᠢᠨ ᠦᠨᠡᠮᠯᠡᠯ ᠨᠢ  ᠠᠳᠠᠯᠢᠬᠠᠨ ᠬᠠᠤᠯᠢ ᠶᠢᠨ ᠬᠦᠴᠦᠨ ᠲᠠᠢ᠃ ︵2︶ ᠭᠤᠶᠤᠴᠢᠯᠠᠬᠤ ᠮᠠᠲ᠋ᠧᠷᠢᠶᠠᠯ ᠪᠠ ᠳᠠᠩᠰᠠᠯᠠᠬᠤ ᠭᠤᠭᠴᠤᠭ᠎ᠠ ᠶᠢ  ᠴᠥᠭᠡᠳᠬᠡᠨ᠎ᠡ᠃ ᠳᠠᠩᠰᠠᠯᠠᠬᠤ ᠪᠠᠶᠢᠭᠤᠯᠭ᠎ᠠ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ  ᠲᠠᠪᠴᠠᠩ ᠢᠶᠠᠷ ᠳᠡᠮᠵᠢᠨ ᠣᠯᠤᠭᠰᠠᠨ ᠬᠠᠮᠢᠶ᠎ᠠ ᠪᠥᠬᠦᠶ ᠮᠡᠳᠡᠭᠡ ᠵᠠᠩᠭᠢ ᠶᠢ ᠭᠤᠶᠤᠴᠢᠯᠠᠭᠴᠢ ᠪᠠᠷ ᠳᠠᠪᠬᠤᠷᠳᠠᠭᠤᠯᠤᠨ  ᠬᠠᠩᠭᠠᠯᠭᠠᠬᠤ ᠪᠠᠷ ᠱᠠᠭᠠᠷᠳᠠᠵᠤ ᠪᠣᠯᠬᠤ ᠥᠬᠡᠶ᠃ ᠭᠤᠶᠤᠴᠢᠯᠠᠬᠤ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠪᠠᠷ  ᠲᠣᠭᠲᠠᠭᠠᠭᠰᠠᠨ ᠬᠡᠯᠪᠡᠷᠢ ᠳᠤ ᠨᠡᠶᠢᠴᠡᠬᠦ ᠦᠭᠡᠢ ᠪᠣᠯ᠂ ᠳᠠᠩᠰᠠᠯᠠᠬᠤ ᠪᠠᠶᠢᠭᠤᠯᠭ᠎ᠠ ᠨᠢ ᠨᠥᠬᠦᠪᠥᠷᠢᠯᠡᠨ ᠵᠠᠯᠠᠷᠠᠭᠤᠯᠬᠤ  ᠴᠢᠬᠤᠯᠠᠲᠠᠶ ᠮᠠᠲ᠋ᠧᠷᠢᠶᠠᠯ ᠢ ᠭᠤᠶᠤᠴᠢᠯᠠᠭᠴᠢ ᠳᠤ ᠨᠢᠭᠡ ᠯᠡ ᠤᠳᠠᠭ᠎ᠠ ᠳᠤ ᠮᠡᠳᠡᠭᠳᠡᠬᠦ      ᠬᠡᠷᠡᠭᠲᠡᠶ᠃ ︵3︶ ︽ ᠬᠦᠴᠦᠨ ᠥᠬᠡᠶ ᠪᠣᠯᠭᠠᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠶᠢᠨ  ᠲᠥᠯᠥᠭᠡ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠠᠪᠴᠠᠭ᠎ᠠ ᠥᠭᠴᠡᠭᠡ᠂ ᠠᠵᠢᠯᠲᠠᠨ ᠠᠵᠢᠯᠴᠢᠨ ᠤ ᠴᠠᠯᠢᠩ᠂  ᠨᠡᠶᠢᠭᠡᠮ ᠤᠨ ᠳᠠᠭᠠᠳᠬᠠᠯ ᠤᠨ ᠵᠠᠷᠤᠳᠠᠯ᠂ ᠲᠤᠰᠢᠶᠠᠬᠤ ᠶᠣᠰᠣᠲᠠᠶ ᠭᠠᠶᠢᠯᠢ ᠶᠢᠨ ᠮᠥᠩᠭᠦ ᠵᠡᠷᠭᠡ ᠥᠷᠢᠲᠦᠭᠰᠡᠨ  ᠶᠠᠪᠤᠳᠠᠯ ᠦᠭᠡᠢ ᠪᠤᠶᠤ ᠨᠢᠭᠡᠨᠲᠡ ᠳᠥᠯᠥᠵᠦ ᠳᠠᠭᠤᠰᠬᠠᠭᠠᠳ᠂ ᠬᠤᠯᠪᠣᠭᠳᠠᠯ ᠪᠥᠬᠦᠶ ᠬᠠᠤᠯᠢ ᠶᠢᠨ  ᠬᠠᠷᠢᠭᠤᠴᠠᠯᠭ᠎ᠠ ᠶᠢ ᠡᠭᠦᠷᠭᠡᠯᠡᠬᠦ ᠪᠢᠴᠢᠭ ᠤᠨ ᠠᠮᠠᠯᠠᠯᠲᠠ ᠬᠢᠭᠰᠡᠨ ᠪᠠ ᠲᠣᠭᠲᠠᠭᠠᠯ ᠶᠣᠰᠣᠭᠠᠷ ᠵᠠᠷᠯᠠᠨ ᠨᠡᠶᠢᠲᠡᠯᠡᠭᠰᠡᠨ  ᠪᠣᠯ᠂ ᠬᠢᠯᠪᠠᠷᠴᠢᠯᠠᠭᠰᠠᠨ ᠳᠡᠰ ᠳᠠᠷᠠᠭᠠᠯᠠᠯ ᠢᠶᠠᠷ ᠬᠦᠴᠦᠨ ᠥᠬᠡᠶ ᠪᠣᠯᠭᠠᠵᠤ ᠪᠣᠯᠤᠨ᠎ᠠ᠂ ᠡᠭᠦᠨ ᠳᠤ ᠬᠤᠪᠢ ᠶᠢᠨ  ᠦᠢᠯᠡᠳᠪᠦᠷᠢ ᠬᠤᠳᠠᠯᠳᠤᠭᠠᠨ ᠤ ᠡᠷᠦᠬᠡ ᠶᠢ ᠵᠠᠷᠯᠠᠨ ᠨᠡᠶᠢᠲᠡᠯᠡᠬᠦ ᠴᠢᠬᠤᠯᠠ ᠥᠬᠡᠶ ᠭᠡᠵᠦ ᠲᠣᠳᠣᠷᠬᠠᠢ ᠲᠣᠭᠲᠠᠭᠠᠵᠠᠢ᠃ ︵4︶ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠡᠪ ᠢᠶᠠᠷ ᠪᠠᠶᠢᠯᠭᠠᠬᠤ ᠥᠪᠡᠷ ᠤᠨ ᠦᠷᠳᠡᠭ ᠢ  ᠪᠠᠭᠤᠷᠠᠭᠤᠯᠬᠤ ᠶᠢᠨ ᠲᠥᠯᠥᠭᠡ᠂ ᠠᠵᠢᠯ ᠵᠣᠭᠰᠣᠬᠤ ᠲᠦᠷᠢᠮ ᠢ ᠲᠣᠭᠲᠠᠭᠠᠨ᠎ᠠ᠃ ᠪᠠᠶᠢᠭᠠᠯᠢ ᠶᠢᠨ ᠭᠠᠮᠰᠢᠭ᠂  ᠠᠳᠡᠯ ᠤᠨ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠵᠡᠷᠭᠡ ᠠᠴᠠ ᠪᠣᠯᠵᠣ ᠡᠵᠡᠩᠨᠡᠯᠲᠡ ᠨᠢ  ᠬᠦᠴᠢᠷᠳᠡᠯ ᠲᠠᠢ ᠪᠣᠯᠤᠭᠰᠠᠨ ᠪᠣᠯ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠥᠪᠡᠷ ᠢᠶᠠᠨ ᠡᠵᠡᠨ ᠮᠡᠳᠡᠵᠦ  ᠵᠣᠬᠢᠬᠤ ᠬᠤᠭᠤᠴᠠᠭᠠᠨ ᠤ ᠳᠣᠲᠣᠷ᠎ᠠ ᠠᠵᠢᠯ ᠢᠶᠠᠨ ᠵᠣᠭᠰᠣᠭᠠᠬᠤ ᠪᠠᠷ ᠲᠣᠭᠲᠠᠭᠠᠬᠤ ᠶᠢᠨ ᠬᠠᠮᠲᠤ ᠳᠠᠩᠰᠠᠯᠠᠬᠤ  ᠪᠠᠶᠢᠭᠤᠯᠭ᠎ᠠ ᠳᠤ ᠳᠠᠩᠰᠠᠯᠠᠭᠤᠯᠵᠤ ᠪᠣᠯᠤᠨ᠎ᠠ᠂ ᠠᠵᠢᠯ ᠵᠣᠭᠰᠣᠬᠤ ᠬᠠᠮᠤᠭ ᠤᠨ ᠣᠷᠳᠣ ᠬᠤᠭᠤᠴᠠᠭ᠎ᠠ ᠶᠢ 3  ᠵᠢᠯ ᠠᠴᠠ ᠬᠡᠲᠦᠷᠡᠭᠦᠯᠵᠦ ᠪᠣᠯᠬᠤ ᠥᠬᠡᠶ᠃ ︵5︶ ᠦᠨᠡᠨᠴᠢ ᠢᠲᠡᠭᠡᠮᠵᠢᠲᠡᠶ ᠪᠠᠶᠢᠬᠤ ᠪᠠ ᠬᠢᠨᠠᠨ ᠬᠠᠮᠢᠶᠠᠷᠬᠤ  ᠱᠠᠭᠠᠷᠳᠠᠯᠭ᠎ᠠ ᠶᠢ ᠲᠣᠳᠣᠷᠬᠠᠶ ᠪᠣᠯᠭᠠᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠦᠨᠡᠨ ᠨᠡᠷ᠎ᠡ ᠪᠠᠷ ᠢᠶᠠᠨ  ᠳᠠᠩᠰᠠᠯᠠᠭᠤᠯᠬᠤ ᠶᠢ ᠬᠡᠷᠡᠭᠵᠢᠭᠦᠯᠵᠦ᠂ ᠲᠤᠰᠢᠶᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ  ᠴᠢᠨᠠᠷ ᠪᠠ ᠪᠦᠳᠦᠮᠵᠢᠳᠤ ᠴᠢᠨᠠᠷ ᠲᠤ ᠬᠠᠷᠢᠭᠤᠴᠠᠬᠤ ᠶᠢᠨ ᠬᠠᠮᠲᠤ᠂ ᠲᠣᠭᠲᠠᠭᠠᠯ ᠶᠣᠰᠣᠭᠠᠷ ᠣᠨ ᠤ ᠮᠡᠳᠡᠭᠦᠯᠦᠯᠲᠡ  ᠪᠠ ᠳᠡᠩᠰᠡᠯᠡᠯᠲᠡ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢ ᠢᠯᠡ ᠨᠡᠶᠢᠲᠡᠯᠡᠨ᠎ᠡ᠃ ᠳᠠᠩᠰᠠᠯᠠᠭᠤᠯᠬᠤ ᠳᠤ ᠪᠠᠨ ᠬᠤᠳᠠᠯ  ᠬᠠᠭᠤᠷᠮᠠᠭ ᠮᠠᠲ᠋ᠧᠷᠢᠶᠠᠯ ᠲᠤᠰᠢᠶᠠᠭᠰᠠᠨ ᠪᠤᠶᠤ ᠪᠤᠰᠤᠳ ᠮᠡᠬᠡᠯᠡᠬᠦ ᠦᠢᠯᠡ ᠠᠵᠢᠯᠯᠠᠭ᠎ᠠ ᠲᠠᠢ ᠪᠠᠶᠢᠪᠠᠯ᠂ ᠲᠡᠭᠦᠨ ᠤ  ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠯᠲᠡ ᠶᠢ ᠬᠦᠴᠦᠨ ᠥᠬᠡᠶ ᠪᠣᠯᠭᠠᠵᠤ᠂ ᠰᠢᠭᠤᠳ  ᠬᠠᠷᠢᠭᠤᠴᠠᠯᠭᠠᠲᠠᠨ ᠨᠢ 3 ᠵᠢᠯ ᠤᠨ ᠳᠣᠲᠣᠷ᠎ᠠ ᠳᠠᠭᠢᠵᠤ ᠳᠠᠩᠰᠠᠯᠠᠭᠤᠯᠬᠤ ᠪᠠᠷ ᠭᠤᠶᠤᠴᠢᠯᠠᠵᠤ ᠪᠣᠯᠬᠤ ᠥᠬᠡᠶ᠃  ᠳᠠᠩᠰᠠᠯᠠᠬᠤ ᠪᠠᠶᠢᠭᠤᠯᠭ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ  ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ︽ᠬᠤᠶᠠᠷ ᠲᠠᠰᠢᠷᠠᠮ ᠢᠶᠠᠷ ᠬᠢᠬᠦ᠂ ᠨᠢᠭᠡ ᠶᠢ  ᠢᠯᠡ ᠪᠣᠯᠭᠠᠬᠤ︾ ᠠᠷᠭ᠎ᠠ ᠶᠢ ᠬᠡᠷᠡᠭᠯᠡᠨ ᠳᠠᠩᠰᠠᠯᠠᠬᠤ ᠵᠦᠢᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ︵6︶  ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠬᠠᠤᠯᠢ ᠶᠢᠨ ᠬᠠᠷᠢᠭᠤᠴᠠᠯᠭ᠎ᠠ ᠪᠠ ᠰᠢᠢᠳᠬᠡᠬᠦ ᠠᠷᠭ᠎ᠠ ᠬᠡᠮᠵᠢᠶ᠎ᠡ ᠶᠢ  ᠲᠣᠳᠣᠷᠬᠠᠶᠢᠯᠠᠨ᠎ᠠ᠃ ᠰᠢᠢᠳᠬᠡᠯ ᠤᠨ ᠬᠠᠨᠳᠤᠯᠭᠠᠲᠤ ᠴᠢᠨᠠᠷ ᠢ ᠴᠢᠩᠭᠠᠷᠠᠭᠤᠯᠵᠤ᠂ ᠦᠢᠯᠡ ᠪᠠᠶᠢᠳᠠᠯ ᠨᠢ ᠬᠦᠨᠳᠦ  ᠨᠣᠴᠢᠲᠠᠶ ᠪᠣᠯ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠦᠨᠡᠨᠴᠢ  ᠢᠲᠡᠭᠡᠮᠵᠢᠲᠡᠶ ᠪᠠᠶᠢᠬᠤ᠂ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠎ᠠ᠃              ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号