| | ᠰᠣᠷᠪᠤᠯᠵᠢᠯᠠᠭᠴᠢ᠄ ᠣᠶᠢᠷ᠎ᠠ ᠶᠢᠨ ᠵᠢᠯ ᠤᠳ ᠲᠤ ︽ᠢᠨᠲ᠋ᠧᠷᠨᠡᠲ ᠰᠦᠯᠵᠢᠶ᠎ᠡ +︾ ᠵᠡᠷᠭᠡ ᠰᠢᠨ᠎ᠡ ᠨᠢᠭᠡ | ᠦᠶ᠎ᠡ ᠶᠢᠨ ᠮᠡᠳᠡᠭᠡᠯᠡᠯ ᠤᠨ ᠲᠧᠭᠨᠣᠯᠣᠭᠢ ᠶᠢ ᠨᠡᠶᠢᠭᠡᠮ ᠤᠨ ᠡᠳ᠋ ᠤᠨ ᠵᠠᠰᠠᠭ ᠤᠨ ᠠᠮᠢᠳᠤᠷᠠᠯ ᠳᠤ ᠥᠷᠭᠡᠨ ᠢᠶᠠᠷ | ᠬᠡᠷᠡᠭᠯᠡᠵᠡᠢ᠃ ᠡᠨᠡ ᠨᠢ ᠨᠢᠭᠡ ᠲᠠᠯ᠎ᠠ ᠪᠠᠷ ᠨᠡᠶᠢᠭᠡᠮ ᠤᠨ ᠲᠠᠪᠰᠢᠯᠲᠠ ᠶᠢ ᠠᠬᠢᠭᠤᠯᠵᠤ᠂ ᠣᠯᠠᠨ ᠲᠦᠮᠡᠨ ᠤ | ᠠᠮᠢᠳᠤᠷᠠᠯ ᠳᠤ ᠳᠥᠭᠦᠮ ᠦᠵᠡᠭᠦᠯᠪᠡ᠃ ᠨᠥᠭᠦᠭᠡ ᠲᠠᠯ᠎ᠠ ᠪᠠᠷ ᠬᠠᠤᠯᠢ ᠠᠴᠠ ᠵᠥᠷᠢᠴᠡᠭᠰᠡᠨ ᠰᠢᠨ᠎ᠡ ᠬᠡᠯᠪᠡᠷᠢ ᠶᠢᠨ | ᠶᠠᠯᠠᠲᠤ ᠠᠵᠢᠯᠯᠠᠭ᠎ᠠ᠂ ᠢᠯᠠᠩᠭᠤᠶ᠎ᠠ ᠴᠠᠬᠢᠯᠭᠠᠨ ᠬᠤᠯᠪᠣᠭᠠᠨ ᠤ ᠮᠡᠬᠡᠯᠡᠯ ᠢᠶᠠᠷ ᠲᠥᠯᠦᠭᠡᠯᠡᠭᠦᠯᠦᠭᠰᠡᠨ ᠰᠢᠨ᠎ᠡ | ᠬᠡᠯᠪᠡᠷᠢ ᠶᠢᠨ ᠰᠦᠯᠵᠢᠶᠡᠨ ᠤ ᠶᠠᠯᠠᠲᠤ ᠬᠡᠷᠡᠭ ᠵᠢᠯ ᠳᠠᠷᠠᠭᠠᠯᠠᠨ ᠨᠡᠮᠡᠭᠳᠡᠵᠦ᠂ ᠣᠯᠠᠨ ᠲᠦᠮᠡᠨ ᠳᠤ ᠮᠠᠰᠢ ᠶᠡᠭᠡ ᠠᠵᠤ | ᠠᠬᠤᠢ ᠶᠢᠨ ᠬᠤᠬᠢᠷᠠᠯ ᠣᠨᠴᠠᠷᠠᠭᠤᠯᠵᠤ ᠪᠠᠶᠢᠨ᠎ᠠ᠃ ᠦᠷᠭᠦᠯᠵᠢᠯᠡᠨ ᠨᠡᠮᠡᠭᠳᠡᠭᠰᠡᠭᠡᠷ ᠪᠠᠶᠢᠭ᠎ᠠ ᠴᠠᠬᠢᠯᠭᠠᠨ ᠬᠤᠯᠪᠣᠭᠠᠨ ᠤ | ᠰᠢᠨ᠎ᠡ ᠬᠡᠯᠪᠡᠷᠢ ᠶᠢᠨ ᠮᠡᠬᠡᠯᠡᠯ ᠢ ᠪᠢᠳᠡ ᠬᠡᠷᠬᠢᠨ ᠰᠡᠷᠭᠡᠶᠢᠯᠡᠬᠦ ᠪᠣᠢ︖ ᠥᠨᠥᠳᠥᠷ ᠪᠢᠳᠡ ᠠᠷᠤ ᠬᠤᠷᠴᠢᠨ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ ᠪᠦᠬᠡᠲᠤᠭᠲᠠᠬᠤ ᠨᠥᠬᠦᠷ ᠢ ᠰᠢᠭᠤᠳ | ᠨᠡᠪᠲᠡᠷᠡᠭᠦᠯᠭᠡ ᠶᠢᠨ ᠲᠠᠰᠤᠭ ᠲᠤ ᠵᠠᠯᠠᠵᠤ᠂ ᠲᠠ ᠣᠯᠠᠨ ᠳᠤ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠬᠠᠷᠢᠭᠤᠯᠲᠠ | ᠥᠭᠬᠦ ᠪᠠᠷ ᠪᠣᠯᠤᠯ᠎ᠠ᠃ ᠪᠦ᠊ ᠳᠡᠳ᠋ ᠲᠣᠪᠴᠢᠶᠠᠨ ᠳᠠᠷᠤᠭ᠎ᠠ ᠰᠠᠶᠢᠨ ᠤᠤ︖ | ᠪᠦᠬᠡᠲᠤᠭᠲᠠᠬᠤ᠄ ᠰᠣᠷᠪᠤᠯᠵᠢᠯᠠᠭᠴᠢ ᠰᠠᠶᠢᠨ ᠤᠤ︖ | ᠰᠣᠷᠪᠤᠯᠵᠢᠯᠠᠭᠴᠢ᠄ ᠶᠠᠭᠤ ᠶᠢ ᠴᠠᠬᠢᠯᠭᠠᠨ ᠬᠤᠯᠪᠣᠭ᠎ᠠ ᠲᠣᠣᠷ ᠰᠦᠯᠵᠢᠶᠡᠨ ᠤ ᠮᠡᠬᠡᠯᠡᠯ ᠭᠡᠬᠦ ᠪᠣᠢ︖ | ᠲᠡᠭᠦᠨ ᠤ ᠬᠤᠣᠷ ᠬᠥᠨᠥᠭᠡᠯ ᠨᠢ ᠶᠠᠭᠤ ᠪᠣᠢ︖ ᠲᠠ ᠪᠢᠳᠡᠨ ᠳᠤ ᠨᠠᠷᠢᠨ ᠲᠠᠨᠢᠯᠴᠠᠭᠤᠯᠵᠤ ᠥᠭᠬᠦ ᠪᠣᠯᠪᠠᠤ᠃ | ᠪᠦᠬᠡᠲᠤᠭᠲᠠᠬᠤ᠄ ᠴᠠᠬᠢᠯᠭᠠᠨ ᠬᠤᠯᠪᠤᠭ᠎ᠠ ᠲᠣᠣᠷ ᠰᠦᠯᠵᠢᠶᠡᠨ ᠤ ᠮᠡᠬᠡᠯᠡᠯ ᠭᠡᠳᠡᠭ ᠨᠢ ᠶᠠᠯᠠᠲᠤ ᠡᠲᠡᠭᠡᠳ | ᠤᠲᠠᠰᠤ᠂ ᠰᠦᠯᠵᠢᠶ᠎ᠡ ᠪᠠ ᠣᠬᠤᠷ ᠴᠢᠮᠡᠭᠡᠨ ᠤ ᠬᠡᠯᠪᠡᠷᠢ ᠪᠠᠷ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠵᠤ᠂ | ᠮᠡᠬᠡᠯᠡᠯ ᠤᠨ ᠠᠵᠢᠯᠯᠠᠭ᠎ᠠ ᠶᠠᠪᠤᠭᠤᠯᠵᠤ᠂ ᠬᠤᠬᠢᠷᠠᠯ ᠠᠮᠰᠠᠭᠴᠢ ᠳᠤ ᠠᠯᠤᠰ ᠠᠴᠠ᠂ ᠨᠢᠭᠤᠷ ᠠᠭᠤᠯᠵᠠᠬᠤ ᠦᠭᠡᠢ ᠪᠠᠷ | ᠮᠡᠬᠡᠯᠡᠬᠦ ᠠᠵᠢᠯᠯᠠᠭ᠎ᠠ ᠶᠠᠪᠤᠭᠤᠯᠵᠤ᠂ ᠬᠤᠬᠢᠷᠠᠯ ᠠᠮᠰᠠᠭᠴᠢ ᠶᠢ ᠥᠳᠥᠭᠡᠵᠦ ᠪᠠᠶᠢᠭᠠᠳ ᠶᠠᠯᠠᠲᠤ ᠡᠲᠡᠭᠡᠳ ᠲᠤ ᠵᠣᠭᠤᠰ | ᠭᠤᠪᠢᠭᠤᠯᠤᠨ ᠥᠭᠭᠦᠭᠦᠯᠬᠦ ᠪᠤᠶᠤ ᠳᠠᠩᠰᠠ ᠰᠢᠯᠵᠢᠭᠦᠯᠦᠨ ᠥᠭᠬᠦ ᠶᠠᠯᠠᠲᠤ ᠠᠵᠢᠯᠯᠠᠭ᠎ᠠ ᠶᠢ ᠵᠢᠭᠠᠵᠤ ᠪᠣᠢ᠃ | ᠴᠠᠬᠢᠯᠭᠠᠨ ᠬᠤᠯᠪᠣᠭ᠎ᠠ ᠪᠠᠷ ᠮᠡᠬᠡᠯᠡᠬᠦ ᠠᠵᠢᠯᠯᠠᠭ᠎ᠠ ᠨᠢ ᠮᠡᠬᠡᠯᠡᠬᠦ ᠠᠷᠭ᠎ᠠ ᠪᠠᠷᠢᠯ ᠨᠢ ᠣᠯᠠᠨ ᠶᠠᠩᠵᠤᠲᠤ ᠴᠢᠨᠠᠷᠲᠠᠢ᠂ | ᠶᠠᠯᠠᠲᠤ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠤ ᠴᠢᠨᠠᠷ ᠴᠢᠩᠭ᠎ᠠ᠂ ᠶᠠᠯᠠᠲᠤ ᠬᠡᠷᠡᠭ ᠲᠤ ᠬᠤᠯᠪᠣᠭᠳᠠᠭᠰᠠᠨ ᠣᠷᠣᠨ | ᠪᠦᠰᠡ ᠶᠢᠨ ᠬᠠᠮᠤᠷᠬᠤ ᠬᠡᠪᠴᠢᠶ᠎ᠡ ᠥᠷᠭᠡᠨ ᠵᠡᠷᠭᠡ ᠣᠨᠴᠠᠯᠢᠭ ᠲᠠᠢ ᠪᠠᠶᠢᠵᠤ᠂ ᠣᠯᠠᠨ ᠲᠦᠮᠡᠨ ᠤ ᠡᠳ᠋ | ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠢ ᠬᠤᠬᠢᠷᠠᠭᠤᠯᠵᠤ᠂ ᠬᠡᠪ ᠤᠨ ᠦᠢᠯᠡᠳᠪᠦᠷᠢᠯᠡᠯ | ᠠᠮᠢᠳᠤᠷᠠᠯ ᠤᠨ ᠡᠮᠬᠢ ᠳᠢᠭᠯᠢᠮ ᠢ ᠬᠦᠨᠳᠦ ᠨᠣᠴᠢᠲᠠᠢ ᠰᠠᠮᠠᠭᠤᠷᠠᠭᠤᠯᠵᠤ᠂ ᠨᠢᠭᠡᠨᠲᠡ ᠨᠡᠶᠢᠭᠡᠮ ᠤᠨ ᠲᠣᠭᠲᠠᠭᠤᠨ ᠢ | ᠨᠦᠯᠦᠭᠡᠯᠡᠵᠦ ᠪᠠᠶᠢᠭ᠎ᠠ ᠬᠦᠨᠳᠦ ᠨᠣᠴᠢᠲᠠᠢ ᠶᠠᠯ᠎ᠠ ᠬᠢᠭᠰᠡᠨ ᠠᠰᠠᠭᠤᠳᠠᠯ ᠪᠣᠯᠵᠠᠢ᠃ | ᠰᠣᠷᠪᠣᠯᠵᠢᠯᠠᠭᠴᠢ᠄ ᠪᠠᠶᠢᠩᠭᠤ ᠬᠠᠷᠠᠭᠳᠠᠳᠠᠭ ᠲᠣᠣᠷ ᠰᠦᠯᠵᠢᠶᠡᠨ ᠤ ᠮᠡᠬᠡᠯᠡᠯ ᠤᠨ ᠬᠡᠷᠡᠭ ᠨᠢ ᠭᠤᠣᠯᠳᠠᠭᠤ | ᠶᠠᠮᠠᠷ ᠲᠥᠷᠥᠯ ᠵᠦᠢᠯ ᠪᠠᠶᠢᠬᠤ ᠪᠣᠢ︖ | ᠪᠦᠬᠡᠲᠤᠭᠲᠠᠬᠤ᠄ ᠴᠠᠬᠢᠯᠭᠠᠨ ᠬᠤᠯᠪᠤᠭ᠎ᠠ ᠲᠣᠣᠷ ᠰᠦᠯᠵᠢᠶ᠎ᠡ ᠶᠢᠨ ᠮᠡᠬᠡᠯᠡᠯ ᠤᠨ ᠠᠷᠭ᠎ᠠ ᠪᠠᠷᠢᠯ ᠤᠨ | ᠦᠷᠭᠦᠯᠵᠢ ᠬᠠᠷᠠᠭᠳᠠᠳᠠᠭ ᠨᠢ 50 ᠭᠠᠷᠤᠢ ᠵᠦᠢᠯ ᠪᠠᠶᠢᠵᠤ᠂ ᠡᠭᠦᠨ ᠳᠤ ᠭᠤᠣᠯᠳᠠᠭᠤ ᠳᠣᠲᠣᠭᠠᠳᠤ ᠶᠢ ᠬᠠᠮᠠᠭᠠᠯᠠᠬᠤ | ᠲᠤᠪᠴᠢᠶ᠎ᠠ ᠪᠠᠶᠢᠴᠠᠭᠠᠬᠤ ᠬᠤᠷᠢᠶ᠎ᠠ ᠰᠢᠭᠦᠬᠦ ᠬᠤᠷᠢᠶ᠎ᠠ᠂ ᠤᠳᠤᠷᠢᠳᠤᠯᠭ᠎ᠠ᠂ ᠺᠣᠮᠫᠠᠨᠢ ᠶᠢᠨ ᠵᠠᠬᠢᠷᠣᠯ ᠢᠶᠠᠷ ᠣᠪᠯᠠᠨ | ᠮᠡᠬᠡᠯᠡᠬᠦ᠂ ᠰᠦᠯᠵᠢᠶ᠎ᠡ ᠪᠠᠷ ᠵᠢᠭᠡᠯᠡᠯᠭᠡ ᠲᠠᠯᠪᠢᠬᠤ᠂ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠤᠭᠰᠠᠨ ᠢᠶᠠᠷ | ᠬᠠᠭᠤᠷᠮᠠᠭᠯᠠᠬᠤ᠂ ᠲᠠᠨᠢᠯ ᠬᠦᠮᠦᠨ ᠢᠶᠠᠷ ᠣᠪᠯᠠᠨ ᠵᠣᠭᠤᠰ ᠵᠢᠭᠡᠯᠡᠬᠦ᠂ ᠰᠦᠯᠵᠢᠶ᠎ᠡ ᠪᠠᠷ ᠪᠠᠷᠠᠭ᠎ᠠ ᠬᠤᠳᠠᠯᠳᠤᠨ | ᠠᠪᠤᠭᠰᠠᠨ ᠮᠥᠩᠭᠦ ᠶᠢ ᠪᠤᠴᠠᠭᠠᠬᠤ᠂ ᠰᠦᠯᠵᠢᠶ᠎ᠡ ᠪᠠᠷ ᠡᠳ᠋ ᠮᠥᠩᠭᠦ ᠠᠬᠤᠶᠢᠯᠠᠬᠤ ᠪᠡᠯᠡ ᠣᠷᠣᠭᠤᠯᠬᠤ᠂ ᠲᠠᠨᠢᠯ ᠪᠤᠰᠤ | ᠬᠥᠮᠦᠨ ᠤ ᠢᠷᠡᠭᠦᠯᠦᠭᠰᠡᠨ ᠮᠡᠳᠡᠭᠡ ᠵᠠᠩᠭᠢ ᠪᠠ ᠰᠦᠯᠵᠢᠶᠡᠨ ᠬᠤᠯᠪᠤᠭᠠᠰᠤ ᠵᠡᠷᠭᠡ᠃ | ᠰᠣᠷᠪᠤᠯᠵᠢᠯᠠᠭᠴᠢ᠄ ᠣᠷᠴᠢᠮ ᠲᠤᠰ ᠭᠠᠵᠠᠷ ᠣᠷᠣᠨ ᠳᠤ ᠶᠠᠮᠠᠷ ᠲᠥᠷᠥᠯ ᠤᠨ ᠮᠡᠬᠡᠯᠡᠭᠰᠡᠨ ᠬᠡᠷᠡᠭ ᠣᠯᠠᠨ | ᠡᠭᠦᠰᠴᠦ ᠪᠠᠶᠢᠬᠤ ᠪᠣᠢ︖ | ᠪᠦᠬᠡᠲᠤᠭᠲᠠᠬᠤ᠄ ᠣᠶᠢᠷ᠎ᠠ ᠶᠢᠨ ᠬᠤᠭᠤᠴᠠᠭᠠᠨ ᠳᠤ ᠬᠠᠷᠢᠶᠠᠲᠤ ᠣᠷᠣᠨ ᠤ ᠣᠯᠠᠨ ᠲᠦᠮᠡᠨ ᠤ | ᠮᠡᠬᠡᠯᠡᠭᠳᠡᠭᠰᠡᠨ ᠬᠡᠷᠡᠭ ᠤᠨ ᠣᠯᠠᠩᠬᠢ ᠨᠢ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶ᠎ᠠ ᠪᠠᠷ | ᠣᠪᠯᠠᠨ ᠮᠡᠬᠡᠯᠡᠭᠰᠡᠨ᠂ ᠣᠳᠣᠷᠢᠳᠣᠯᠭ᠎ᠠ ᠪᠠᠷ ᠣᠪᠯᠠᠨ ᠮᠡᠬᠡᠯᠡᠭᠰᠡᠨ᠂ ᠲᠤᠰᠠᠯᠠᠬᠤ ᠠᠵᠢᠯ ᠬᠢᠵᠦ ᠰᠦᠯᠵᠢᠶ᠎ᠡ ᠪᠠᠷ | ᠪᠠᠷᠠᠭ᠎ᠠ ᠬᠤᠳᠠᠯᠳᠤᠨ ᠠᠪᠤᠭᠰᠠᠨ ᠢᠶᠠᠷ ᠬᠠᠭᠤᠷᠮᠠᠭᠯᠠᠨ ᠮᠡᠬᠡᠯᠡᠭᠰᠡᠨ ᠵᠡᠷᠭᠡ ᠪᠣᠢ᠃ ᠪᠣᠳᠠᠲᠤ ᠬᠡᠷᠡᠭ ᠤᠨ ᠬᠤᠶᠠᠷ | ᠵᠢᠱᠢᠶ᠎ᠡ ᠶᠢ ᠣᠯᠠᠨ ᠳᠤ ᠲᠠᠨᠢᠯᠴᠠᠭᠤᠯᠤᠶ᠎ᠠ᠄ | ᠨᠢᠭᠡ ᠨᠢ᠂ ᠵᠣᠣ ᠣᠪᠣᠭᠲᠤ ᠰᠦᠯᠵᠢᠶᠡᠨ ᠳᠡᠭᠡᠷ᠎ᠡ ︽ᠲᠤᠰᠠᠯᠠᠬᠤ ᠠᠵᠢᠯ ᠬᠢᠵᠦ ᠰᠦᠯᠵᠢᠶ᠎ᠡ ᠪᠠᠷ ᠪᠠᠷᠠᠭ᠎ᠠ | ᠬᠤᠳᠠᠯᠳᠤᠨ ᠠᠪᠤᠭᠰᠠᠨ ᠲᠡᠮᠳᠡᠭᠯᠡᠯ ᠢ ᠵᠣᠬᠢᠶᠠᠨ ᠬᠠᠭᠤᠷᠮᠠᠭᠯᠠᠬᠤ︾ ᠮᠡᠳᠡᠭᠡ ᠵᠠᠩᠭᠢ ᠣᠯᠤᠭᠰᠠᠨ ᠤ ᠳᠠᠷᠠᠭ᠎ᠠ᠂ | ᠰᠠᠶᠢᠨ ᠨᠠᠶᠢᠵᠠ ᠨᠡᠮᠡᠭᠰᠡᠨ ᠤ ᠳᠠᠷᠠᠭ᠎ᠠ᠂ ᠡᠭᠦᠷᠭᠡ ᠪᠠᠨ ᠡᠬᠢᠯᠡᠨ ᠭᠦᠢᠴᠡᠳᠬᠡᠵᠦ᠂ ᠪᠠᠭ᠎ᠠ ᠲᠤᠷᠰᠢᠨ ᠦᠵᠡᠭᠡᠳ | ᠦᠨᠡᠬᠡᠷ ᠬᠦᠯᠦᠰᠦᠨ ᠮᠦᠩᠬᠦ ᠣᠯᠵᠣ ᠳᠡᠶᠢᠯᠬᠦ ᠶᠢ ᠮᠡᠳᠡᠭᠡᠳ᠂ ᠡᠬᠢᠯᠡᠨ ᠶᠡᠭᠡ ᠵᠤᠭᠤᠰ ᠢᠶᠠᠷ ᠪᠠᠷᠠᠭ᠎ᠠ ᠬᠤᠳᠠᠯᠳᠣᠨ | ᠠᠪᠤᠪᠠ᠃ ᠭᠡᠪᠡᠴᠦ ᠶᠡᠭᠡ ᠬᠡᠮᠵᠢᠶᠡᠨ ᠤ ᠡᠭᠦᠷᠭᠡ ᠶᠢ ᠪᠡᠶᠡᠯᠡᠭᠦᠯᠦᠭᠰᠡᠨ ᠤ ᠳᠠᠷᠠᠭ᠎ᠠ᠂ ᠬᠦᠯᠦᠰᠦᠨ ᠮᠦᠩᠬᠦ ᠣᠯᠣᠭᠰᠠᠨ | ᠦᠭᠡᠢ ᠮᠦᠷᠲᠡᠭᠡᠨ ᠨᠦᠭᠦᠭᠡ ᠡᠲᠡᠭᠡᠳ ᠨᠢ ᠳᠠᠩᠰᠠᠨ ᠤ ᠪᠡᠯᠡ ᠮᠦᠩᠬᠦ ᠪᠢᠲᠡᠭᠦᠮᠵᠢᠯᠡᠭᠳᠡᠭᠰᠡᠨ ᠣᠴᠢᠷ ᠠᠴᠠ | ᠲᠤᠭᠲᠠᠭᠰᠠᠨ ᠳᠠᠩᠰᠠᠨ ᠳᠤ ᠵᠤᠭᠤᠰ ᠰᠢᠯᠵᠢᠭᠦᠯᠦᠨ ᠪᠢᠲᠡᠭᠦᠮᠵᠢᠯᠡᠯ ᠢ ᠠᠯᠳᠠᠷᠠᠭᠠᠬᠤ ᠴᠢᠬᠤᠯᠠᠲᠠᠢ ᠭᠡᠵᠡᠢ᠂ | ᠡᠴᠦᠰ ᠲᠤ ᠨᠢ ᠤᠷᠢᠳ ᠬᠤᠵᠢᠳ 36 ᠲᠦᠮᠡ ᠭᠠᠷᠤᠢ ᠲᠥᠭᠦᠷᠢᠭ ᠮᠡᠬᠡᠯᠡᠭᠳᠡᠵᠡᠢ᠃ | ᠬᠤᠶᠠᠷ ᠨᠢ᠂ ᠡᠦ ᠣᠪᠣᠭᠲᠤ ᠶᠢ ᠶᠠᠯᠠᠲᠤ ᠡᠲᠡᠭᠡᠳ ᠣᠳᠣᠷᠢᠳᠣᠯᠭ᠎ᠠ ᠪᠠᠷ ᠨᠢ ᠣᠪᠯᠠᠨ ᠮᠡᠬᠡᠯᠡᠪᠡ᠂᠂ | ᠤᠴᠢᠷ ᠨᠢ ︽ᠤᠳᠤᠷᠢᠳᠤᠯᠭ᠎ᠠ︾ ᠨᠢ ᠡᠳᠦᠷ ᠲᠤᠲᠤᠮ ᠤᠨ ᠨᠠᠷᠢᠨ ᠪᠠᠶᠢᠳᠠᠯ ᠢᠶᠠᠨ ᠣᠨᠣᠪᠴᠢᠲᠠᠢ ᠲᠣᠭᠠᠴᠢᠵᠤ᠂ ᠡᠦ | ᠣᠪᠣᠭᠲᠤ ᠡᠷᠡᠭᠡᠯᠵᠡᠯ ᠦᠭᠡᠢ ᠢᠲᠡᠭᠡᠨ᠂ 9 ᠲᠦᠮᠡ ᠭᠠᠷᠤᠢ ᠲᠥᠭᠦᠷᠢᠭ ᠮᠡᠬᠡᠯᠡᠭᠳᠡᠭᠰᠡᠨ ᠤ ᠳᠠᠷᠠᠭ᠎ᠠ᠂ | ︽ᠤᠳᠤᠷᠢᠳᠤᠯᠭ᠎ᠠ︾ ᠲᠠᠢ ᠪᠠᠨ ᠳᠠᠬᠢᠨ ᠬᠠᠷᠢᠯᠴᠠᠵᠤ ᠳᠡᠶᠢᠯᠦᠭᠰᠡᠨ ᠦᠭᠡᠢ᠃ | ᠰᠣᠷᠪᠣᠯᠵᠢᠯᠠᠭᠴᠢ᠄ ᠲᠠᠨ ᠤ ᠲᠠᠨᠢᠯᠴᠠᠭᠤᠯᠬᠤ ᠪᠠᠷ ᠳᠠᠮᠵᠢᠨ ᠪᠢᠳᠡ ᠴᠠᠬᠢᠯᠭᠠᠨ ᠬᠤᠯᠪᠣᠭ᠎ᠠ ᠲᠣᠣᠷ | ᠰᠦᠯᠵᠢᠶᠡᠨ ᠤ ᠮᠡᠬᠡᠯᠡᠯ ᠳᠤ ᠠᠩᠬ᠎ᠠ ᠠᠯᠬᠤᠮ ᠤᠨ ᠲᠠᠨᠢᠯᠲᠠ ᠲᠠᠢ ᠪᠣᠯᠪᠠ᠂ ᠭᠡᠪᠡᠴᠦ ᠲᠠᠨ ᠤ ᠬᠡᠯᠡᠭᠰᠡᠨ ᠰᠢᠭ ᠢᠶᠠᠷ | ᠮᠡᠬᠡᠯᠡᠯ ᠤᠨ ᠲᠥᠷᠥᠯ ᠵᠦᠢᠯ ᠣᠯᠠᠰᠢᠷᠠᠭᠠᠳ 50 ᠭᠠᠷᠤᠢ ᠵᠦᠢᠯ ᠳᠤ ᠬᠦᠷᠴᠦ᠂ ᠬᠥᠮᠦᠰ ᠢ ᠭᠠᠢᠬᠠᠰᠢ ᠠᠯᠳᠠᠭᠤᠯᠵᠤ | ᠪᠣᠢ᠂ ᠲᠠᠨ ᠳᠤ ᠣᠯᠠᠨ ᠲᠦᠮᠡᠨ ᠢ ᠬᠠᠪᠰᠤᠷᠤᠨ ᠴᠠᠬᠢᠯᠭᠠᠨ ᠬᠤᠯᠪᠤᠭ᠎ᠠ ᠲᠣᠣᠷ ᠰᠦᠯᠵᠢᠶᠡᠨ ᠤ ᠮᠡᠬᠡᠯᠡᠯ ᠢ | ᠰᠡᠷᠭᠡᠶᠢᠯᠡᠬᠦ ᠴᠢᠳᠠᠪᠤᠷᠢ ᠶᠢ ᠲᠦᠷᠭᠡᠨ ᠳᠡᠭᠡᠭᠰᠢᠯᠡᠭᠦᠯᠬᠦ ᠮᠡᠷᠭᠡᠨ ᠠᠷᠭ᠎ᠠ ᠪᠠᠶᠢᠨ᠎ᠠ ᠦᠦ︖ | ᠪᠦᠬᠡᠲᠤᠭᠲᠠᠬᠤ᠄ ᠦᠨᠡᠨ ᠳᠡᠭᠡᠨ 50 ᠵᠦᠢᠯ ᠡᠰᠡᠬᠦᠯ᠎ᠡ 80 ᠵᠦᠢᠯ ᠤᠨ ᠮᠡᠬᠡᠯᠡᠯ ᠤᠨ ᠠᠷᠭ᠎ᠠ ᠪᠠᠶᠢᠭᠰᠠᠨ | ᠴᠦ ᠡᠯ᠎ᠡ ᠵᠦᠢᠯ ᠤᠨ ᠬᠠᠯᠬᠠᠪᠴᠢ ᠨᠠᠶᠢᠷᠠᠭᠤᠯᠤᠨ ᠵᠣᠬᠢᠶᠠᠬᠤ ᠨᠢ ᠴᠠᠬᠢᠯᠭᠠᠨ ᠬᠤᠯᠪᠣᠭ᠎ᠠ ᠲᠤᠤᠷ ᠰᠦᠯᠵᠢᠶ᠎ᠡ ᠶᠢᠨ | ᠮᠡᠬᠡᠯᠡᠯ ᠤᠨ ᠡᠬᠢᠯᠡᠯᠲᠡ ᠶᠢᠨ ᠴᠡᠭ ᠪᠠᠶᠢᠵᠤ᠂ ᠬᠠᠮᠤᠭ ᠡᠴᠦᠰ ᠤᠨ ᠵᠣᠷᠢᠯᠭ᠎ᠠ ᠨᠢ ᠵᠣᠭᠤᠰ ᠢ ᠭᠠᠷ ᠲᠠᠭᠠᠨ | ᠣᠷᠣᠭᠤᠯᠵᠤ ᠠᠪᠬᠤ ᠯᠠ ᠶᠠᠪᠤᠳᠠᠯ ᠪᠣᠯᠤᠨ᠎ᠠ᠃ ᠪᠢᠳᠡ ᠪᠡᠯᠡ ᠮᠥᠩᠭᠦ ᠪᠠᠨ ᠮᠡᠬᠡᠯᠡᠭᠳᠡᠵᠦ ᠪᠠᠶᠢᠭ᠎ᠠ ᠶᠢ ᠶᠡᠭᠡ ᠲᠥᠯᠥᠪ | ᠭᠤᠷᠪᠠᠨ ᠲᠥᠷᠥᠯ ᠳᠤ ᠬᠤᠪᠢᠶᠠᠵᠤ ᠤᠷᠢᠳᠴᠢᠯᠠᠨ ᠰᠡᠷᠭᠡᠶᠢᠯᠡᠵᠦ ᠪᠣᠯᠤᠨ᠎ᠠ᠄ | 1. ᠲᠠᠨ ᠳᠤ ᠵᠣᠭᠤᠰ ᠥᠭᠬᠦ ᠭᠡᠰᠡᠨ ᠨᠡᠷ᠎ᠡ ᠪᠠᠷ ᠬᠠᠷᠢᠨ ᠴᠢᠮ᠎ᠠ ᠪᠠᠷ ᠤᠷᠢᠳᠠ ᠪᠠᠷ ᠳᠠᠩᠰᠠ | ᠰᠢᠯᠵᠢᠭᠦᠯᠬᠦ | 2. ᠡᠯᠳᠡᠪ ᠰᠢᠯᠲᠠᠭ ᠵᠣᠬᠢᠶᠠᠵᠤ ᠠᠶᠤᠯᠭᠠᠨ ᠰᠦᠷᠳᠡᠭᠦᠯᠵᠦ ᠬᠠᠭᠤᠷᠤᠨ ᠮᠡᠬᠡᠯᠡᠵᠦ ᠪᠠᠶᠢᠭᠠᠳ᠂ ᠲᠡᠭᠦᠨ ᠤ | ᠬᠠᠩᠭᠠᠭᠰᠠᠨ ᠳᠠᠩᠰᠠᠨ ᠳᠡᠭᠡᠷ᠎ᠡ ᠪᠠᠨ ᠵᠤᠭᠤᠰ ᠮᠦᠩᠬᠦ ᠰᠢᠯᠵᠢᠭᠦᠯᠬᠦ ᠶᠢ ᠱᠠᠭᠠᠷᠳᠠᠬᠤ | 3. ᠮᠡᠬᠡᠯᠡᠭᠴᠢ ᠠᠴᠠ ᠮᠡᠬᠡᠯᠡᠭᠳᠡᠭᠴᠢ ᠶᠢᠨ ᠰᠢᠯᠭᠠᠨ ᠪᠠᠲᠤᠯᠠᠬᠤ ᠺᠣᠳ᠋ ᠨᠢ ᠨᠢᠭᠤᠴᠠ ᠨᠣᠮᠧᠷ ᠲᠠᠢ ᠠᠳᠠᠯᠢ | ᠭᠡᠰᠡᠨ ᠢ ᠣᠶᠢᠯᠠᠭᠠᠬᠤ ᠦᠭᠡᠢ ᠲᠠᠯ᠎ᠠ ᠶᠢ ᠠᠰᠢᠭᠯᠠᠨ᠂ ᠮᠡᠬᠡᠯᠡᠭᠳᠡᠭᠴᠢ ᠶᠢᠨ ᠰᠢᠯᠭᠠᠨ ᠪᠠᠲᠤᠯᠠᠬᠤ ᠺᠣᠳ᠋ ᠢ ᠮᠡᠬᠡᠯᠡᠨ | ᠠᠪᠤᠭᠰᠠᠨ ᠤ ᠳᠠᠷᠠᠭ᠎ᠠ ᠵᠣᠭᠤᠰ ᠢ ᠨᠢ ᠰᠢᠯᠵᠢᠭᠦᠯᠬᠦ ᠪᠤᠶᠤ ᠰᠢᠯᠭᠠᠨ ᠪᠠᠲᠤᠯᠠᠬᠤ ᠺᠣᠳ᠋ ᠢᠶᠠᠷ ᠳᠠᠮᠵᠢᠭᠤᠯᠤᠨ ᠦᠳᠦᠭᠡᠨ | ᠵᠢᠭᠡᠯᠡᠯᠭᠡ ᠵᠢᠭᠡᠯᠡᠭᠦᠯᠵᠦ᠂ ᠵᠢᠭᠡᠯᠡᠯᠭᠡ ᠶᠢᠨ ᠮᠥᠩᠭᠦ ᠶᠢ ᠮᠡᠬᠡᠯᠡᠨ ᠠᠪᠬᠤ᠃ | ᠪᠢᠳᠡ ᠳᠡᠭᠡᠷ᠎ᠡ ᠳᠤᠷᠠᠳᠤᠭᠰᠠᠨ ᠭᠤᠷᠪᠠᠨ ᠵᠦᠢᠯ ᠤᠨ ᠴᠠᠬᠢᠯᠭᠠᠨ ᠬᠤᠯᠪᠤᠭ᠎ᠠ ᠲᠤᠤᠷ ᠰᠦᠯᠵᠢᠶᠡᠨ ᠤ | ᠮᠡᠬᠡᠯᠡᠯ ᠤᠨ ᠲᠥᠷᠥᠯ ᠬᠡᠯᠪᠡᠷᠢ ᠶᠢ ︽ᠵᠣᠭᠤᠰ ᠥᠭᠬᠦ ᠬᠡᠯᠪᠡᠷᠢ ᠶᠢᠨ ᠮᠡᠬᠡᠯᠡᠯ︾᠂ ︽ᠵᠣᠭᠤᠰ ᠠᠪᠬᠤ ᠬᠡᠯᠪᠡᠷᠢ ᠶᠢᠨ | ᠮᠡᠬᠡᠯᠡᠯ︾ ︽ᠰᠢᠯᠭᠠᠨ ᠪᠠᠲᠤᠯᠠᠬᠤ ᠺᠣᠳ᠋ ᠭᠠᠳᠠᠭᠰᠢ ᠯᠡᠪᠡᠷᠡᠬᠦ ᠬᠡᠯᠪᠡᠷᠢ ᠶᠢᠨ ᠮᠡᠬᠡᠯᠡᠯ︾ ᠭᠡᠵᠦ ᠳᠦᠭᠦᠮᠴᠢᠯᠡᠨ | ᠬᠡᠯᠡᠵᠦ ᠪᠣᠢ᠂ ᠣᠯᠠᠨ ᠢᠶᠠᠷ ᠢᠶᠠᠨ ᠨᠢᠭᠡᠳ ᠨᠢᠭᠡ ᠪᠠᠷ ᠢᠯᠭᠠᠨ ᠲᠠᠨᠢᠵᠤ ᠪᠣᠯᠣᠨ᠎ᠠ᠂ ᠣᠶᠢᠯᠠᠭᠠᠬᠤ ᠴᠢᠬᠤᠯᠠᠲᠠᠢ ᠨᠢ᠄ | 1. ᠲᠩᠷᠢ ᠠᠴᠠ ᠱᠠᠯᠪᠢᠩ ᠤᠨᠠᠨ᠎ᠠ ᠭᠡᠰᠡᠨ ᠶᠠᠪᠤᠳᠠᠯ ᠦᠭᠡᠢ᠂ ᠵᠦᠭᠡᠷ ᠰᠠᠭᠤᠭᠠᠳ ᠵᠤᠭᠤᠰ ᠤᠯᠤᠨ᠎ᠡ | ᠭᠡᠳᠡᠭ ᠪᠣᠯ ᠪᠠᠶᠢᠵᠤ ᠪᠣᠯᠣᠰᠢ ᠦᠭᠡᠢ ᠣᠴᠢᠷ᠃ | 2. ᠤᠴᠢᠷ ᠶᠠᠪᠤᠳᠠᠯ ᠲᠣᠬᠢᠶᠠᠯᠳᠤᠪᠠᠯ ᠤᠷᠢᠳ ᠢᠶᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ | ᠲᠤᠬᠠᠢ ᠶᠢᠨ ᠬᠥᠮᠦᠨ ᠲᠠᠢ ᠬᠢᠨᠠᠨ ᠬᠠᠷᠭᠤᠭᠤᠯᠵᠤ᠂ ᠶᠠᠭᠠᠬᠢᠭᠰᠠᠨ ᠴᠦ ᠳᠤᠷ᠎ᠠ ᠪᠠᠷ ᠢᠶᠠᠨ ᠳᠠᠩᠰᠠ ᠰᠢᠯᠵᠢᠭᠦᠯᠵᠦ | ᠪᠣᠯᠬᠤ ᠦᠭᠡᠢ᠃ | 3. ᠲᠥᠯᠥᠪᠦᠷᠢ ᠥᠭᠬᠦ ᠰᠢᠯᠭᠠᠨ ᠪᠠᠲᠤᠯᠠᠬᠤ ᠺᠣᠳ᠋ ᠨᠢ ᠪᠠᠩᠬᠢ ᠶᠢᠨ ᠺᠠᠷᠲ ᠤᠨ ᠨᠢᠭᠤᠴᠠ ᠨᠤᠮᠧᠷ ᠲᠠᠢ | ᠠᠳᠠᠯᠢ ᠪᠣᠯᠬᠤᠷ ᠲᠠᠨᠢᠬᠤ ᠦᠭᠡᠢ ᠬᠥᠮᠦᠰ ᠲᠤ ᠯᠡᠪᠡᠷᠡᠭᠦᠯᠵᠦ ᠪᠣᠯᠬᠤ ᠦᠭᠡᠢ᠃ | 4. ᠲᠠᠨᠢᠯ ᠪᠤᠰᠤ ᠬᠥᠮᠦᠨ ᠤ ᠢᠷᠡᠭᠦᠯᠦᠭᠰᠡᠨ ᠣᠬᠤᠷ ᠴᠢᠮᠡᠭᠡ ᠶᠢ ᠢᠲᠡᠭᠡᠬᠦ ᠦᠭᠡᠢ᠂ ᠰᠦᠯᠵᠢᠶᠡᠨ | ᠬᠤᠯᠪᠣᠭᠠᠰᠤ ᠶᠢ ᠨᠡᠭᠡᠭᠡᠬᠦ ᠦᠭᠡᠢ᠂ ᠬᠤᠶᠠᠷ ᠬᠡᠮᠵᠢᠯᠳᠦ ᠺᠣᠳ᠋ ᠢ ᠰᠢᠷᠪᠢᠬᠦ ᠦᠭᠡᠢ᠃ | 5. ᠮᠡᠬᠡᠯᠡᠭᠳᠡᠭᠰᠡᠨ ᠪᠠᠶᠢᠪᠠᠯ ᠬᠤᠯᠪᠣᠭᠳᠠᠯ ᠪᠦᠬᠦᠢ ᠭᠡᠷᠡᠴᠢ ᠪᠠᠷᠢᠮᠲᠠ ᠪᠠᠨ ᠰᠠᠶᠢᠲᠤᠷ ᠬᠠᠳᠠᠭᠠᠯᠠᠵᠤ᠂ ᠴᠠᠭ | ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ ᠳᠤ ᠣᠴᠢᠵᠤ ᠬᠡᠷᠡᠭ ᠮᠡᠳᠡᠭᠦᠯᠬᠦ ᠪᠤᠶᠤ ᠴᠠᠭ ᠲᠤᠬᠠᠢ ᠳᠤᠨᠢ | 110 ᠪᠤᠶᠤ 96110 ᠳᠤ ᠤᠲᠠᠰᠤᠳᠠᠨ ᠴᠠᠭᠳᠠᠭ᠎ᠠ ᠳᠤ ᠬᠡᠷᠡᠭ ᠮᠡᠳᠡᠭᠦᠯᠬᠦ ᠬᠡᠷᠡᠭᠲᠡᠢ᠂ ᠪᠢᠲᠡᠬᠡᠢ | ᠰᠦᠯᠵᠢᠶᠡᠨ ᠠᠴᠠ ︽ᠰᠦᠯᠵᠢᠶᠡᠨ ᠴᠠᠭᠳᠠᠭ᠎ᠠ︾ ᠡᠷᠢᠭᠡᠷᠡᠢ᠃ | ᠰᠣᠷᠪᠤᠯᠵᠢᠯᠠᠭᠴᠢ᠄ 110 ᠳᠤ ᠤᠲᠠᠰᠤᠳᠠᠬᠤ ᠶᠢᠨ ᠦᠢᠯᠡᠳᠦᠯ ᠢ ᠪᠢᠳᠡ ᠪᠦᠷ ᠮᠡᠳᠡᠨ᠎ᠡ᠂ ᠲᠡᠭᠡᠪᠡᠯ | ᠲᠠᠨ ᠤ ᠰᠠᠶ᠋ᠢ ᠶᠢᠨ ᠳᠤᠷᠠᠳᠤᠭᠰᠠᠨ 96110 ᠨᠢ ᠶᠠᠮᠠᠷ ᠤᠲᠠᠰᠤᠨ ᠨᠤᠮᠧᠷ ᠪᠣᠢ︖ | ᠪᠦᠬᠡᠲᠤᠭᠲᠠᠬᠤ᠄ 96110 ᠪᠣᠯ ᠣᠯᠠᠨ ᠲᠦᠮᠡᠨ ᠢ ᠰᠡᠷᠡᠮᠵᠢᠯᠡᠭᠦᠯᠦᠨ ᠢᠳᠬᠠᠨ ᠬᠤᠷᠢᠭᠯᠠᠬᠤ ᠪᠠ | ᠰᠡᠷᠭᠡᠶᠢᠯᠡᠨ ᠤᠬᠠᠭᠤᠯᠬᠤ ᠵᠡᠷᠭᠡ ᠠᠵᠢᠯ ᠳᠤ ᠲᠤᠰᠬᠠᠢ ᠬᠡᠷᠡᠭᠯᠡᠬᠦ ᠴᠠᠬᠢᠯᠭᠠᠨ ᠬᠤᠯᠪᠤᠭ᠎ᠠ ᠲᠣᠣᠷ ᠰᠦᠯᠵᠢᠶᠡᠨ ᠤ | ᠮᠡᠬᠡᠯᠡᠯ ᠢ ᠰᠡᠷᠭᠡᠶᠢᠯᠡᠬᠦ ᠲᠤᠰᠬᠠᠢ ᠤᠲᠠᠰᠣᠨ ᠨᠣᠮᠧᠷ ᠪᠣᠯᠤᠨ᠎ᠠ᠃ ᠬᠡᠷᠪᠡ 96110 ᠠᠴᠠ ᠤᠲᠠᠰᠤ ᠢᠷᠡᠪᠡᠯ ᠵᠠᠪᠠᠯ | ᠲᠤᠰᠬᠤ ᠬᠡᠷᠡᠭᠲᠡᠢ᠂ ᠲᠠ ᠪᠤᠶᠤ ᠲᠠᠨ ᠤ ᠲᠥᠷᠥᠯ ᠰᠠᠳᠤᠨ ᠨᠠᠶᠢᠵᠠ ᠨᠥᠬᠦᠳ ᠴᠢᠨᠢ ᠶᠠᠭ ᠴᠠᠬᠢᠯᠭᠠᠨ ᠬᠤᠯᠪᠤᠭ᠎ᠠ | ᠲᠤᠤᠷ ᠰᠦᠯᠵᠢᠶᠡᠨ ᠤ ᠮᠡᠬᠡᠯᠡᠯ ᠳᠤ ᠤᠴᠠᠷᠠᠵᠤ ᠪᠣᠢ ᠭᠡᠳᠡᠭ ᠢ ᠬᠠᠷᠠᠭᠤᠯᠵᠤ ᠪᠠᠶᠢᠨ᠎ᠠ᠃ | ᠰᠣᠷᠪᠤᠯᠵᠢᠯᠠᠭᠴᠢ᠄ ᠣᠳᠣᠬᠠᠨ ᠳᠤ ᠴᠠᠬᠢᠯᠭᠠᠨ ᠬᠤᠯᠪᠤᠭᠠᠨ ᠤ ᠮᠡᠬᠡᠯᠡᠯ ᠢ ᠵᠠᠰᠠᠨ ᠴᠡᠭᠴᠡᠯᠡᠬᠦ ᠠᠵᠢᠯ ᠳᠤ | ᠶᠠᠮᠠᠷ ᠠᠰᠠᠭᠤᠳᠠᠯ ᠪᠠ ᠬᠦᠴᠢᠷᠳᠡᠯ ᠲᠠᠢ ᠪᠣᠢ︖ | ᠪᠦᠬᠡᠲᠤᠭᠲᠠᠬᠤ᠄ ᠨᠢᠭᠡ ᠳᠤ᠂ ᠴᠠᠬᠢᠯᠭᠠᠨ ᠬᠤᠯᠪᠤᠭ᠎ᠠ ᠲᠣᠣᠷ ᠰᠦᠯᠵᠢᠶᠡᠨ ᠤ ᠮᠡᠬᠡᠯᠡᠯ ᠤᠨ ᠶᠠᠯᠠᠲᠤ | ᠠᠵᠢᠯᠯᠠᠭ᠎ᠠ ᠨᠢ ᠵᠣᠬᠢᠬᠤ ᠤᠶᠤᠨᠴᠢᠯᠠᠭᠰᠠᠨ ᠪᠠ ᠲᠤᠰᠬᠠᠢ ᠮᠡᠷᠭᠡᠵᠢᠭᠰᠡᠨ ᠣᠨᠴᠠᠯᠢᠭ ᠲᠠᠢ ᠮᠥᠷᠲᠡᠭᠡᠨ ᠠᠷᠭ᠎ᠠ | ᠪᠠᠷᠢᠯ ᠤᠨ ᠰᠢᠨᠡᠳᠭᠡᠯᠲᠡ ᠨᠢ ᠲᠦᠷᠭᠡᠨ᠂ ᠭᠡᠳᠡᠷᠬᠦ ᠲᠠᠩᠨᠠᠨ ᠪᠠᠶᠢᠴᠠᠭᠠᠬᠤ ᠴᠢᠳᠠᠪᠤᠷᠢ ᠪᠠᠷ ᠴᠢᠩᠭ᠎ᠠ ᠪᠠᠶᠢᠳᠠᠭ᠃ | ᠬᠤᠶᠠᠷ ᠲᠤ᠂ ᠶᠠᠯ᠎ᠠ ᠬᠢᠭᠰᠡᠳ ᠶᠡᠷᠦᠩᠬᠡᠢ ᠳᠡᠭᠡᠨ ᠴᠥᠮ ᠤᠯᠤᠰ ᠤᠨ ᠭᠠᠳᠠᠨ᠎ᠠ ᠪᠠᠶᠢᠵᠤ᠂ ᠬᠢᠨᠠᠨ ᠬᠠᠮᠢᠶᠠᠷᠬᠤ ᠳᠤ | ᠬᠦᠴᠢᠷᠲᠡᠢ᠃ ᠭᠤᠷᠪᠠ ᠳᠤ᠂ ᠠᠷᠠᠳ ᠢᠷᠭᠡᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠦᠵᠡᠯ | ᠤᠬᠠᠮᠰᠠᠷ ᠴᠢᠩᠭ᠎ᠠ ᠪᠤᠰᠤ᠂ ᠬᠡᠷᠡᠭᠯᠡᠭᠡ᠂ ᠺᠣᠳ᠋ ᠰᠢᠷᠪᠢᠬᠦ ᠵᠡᠷᠭᠡ ᠶᠠᠪᠤᠴᠠ ᠳᠤ ᠬᠤᠪᠢ ᠬᠥᠮᠦᠨ ᠤ ᠮᠡᠳᠡᠭᠡ ᠵᠠᠩᠭᠢ ᠶᠢ | ᠳᠤᠷ᠎ᠠ ᠪᠠᠷ ᠢᠶᠠᠨ ᠲᠠᠭᠯᠠᠬᠤ ᠨᠢ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ ᠪᠣᠯᠤᠨ᠎ᠠ᠃ ᠳᠥᠷᠪᠡ ᠳᠤ᠂ | ᠴᠠᠬᠢᠯᠭᠠᠨ ᠬᠤᠯᠪᠤᠭ᠎ᠠ ᠲᠣᠣᠷ ᠰᠦᠯᠵᠢᠶ᠎ᠡ ᠶᠢ ᠠᠰᠢᠭᠯᠠᠨ ᠬᠠᠤᠯᠢ ᠶᠢ ᠵᠥᠷᠢᠴᠡᠨ ᠶᠠᠯ᠎ᠠ ᠬᠢᠬᠦ ᠶᠠᠪᠤᠴᠠ ᠳᠤᠮᠳᠠᠬᠢ | ᠨᠢᠭᠡᠨ ᠴᠢᠬᠤᠯᠠ ᠵᠠᠩᠭᠢᠯᠠᠭ᠎ᠠ ᠨᠢ ᠶᠠᠯᠠᠲᠤ ᠡᠲᠡᠭᠡᠳ ᠪᠠᠩᠬᠢ ᠶᠢᠨ ᠺᠠᠷᠲ᠂ ᠤᠲᠠᠰᠤᠨ ᠺᠠᠷᠲ ᠢ ᠬᠤᠳᠠᠯᠳᠤᠨ ᠠᠪᠴᠤ | ᠶᠠᠯᠠᠲᠤ ᠠᠵᠢᠯᠯᠠᠭ᠎ᠠ ᠬᠢᠵᠦ᠂ ᠦᠨᠡᠨ ᠪᠡᠶ᠎ᠡ ᠶᠢᠨ ᠭᠠᠷᠤᠯ ᠢᠶᠠᠨ ᠨᠢᠭᠤᠨ ᠳᠠᠯᠳᠠᠯᠠᠬᠤ ᠨᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠲᠠᠩᠨᠠᠨ ᠪᠠᠶᠢᠴᠠᠭᠠᠵᠤ ᠬᠡᠷᠡᠭ ᠢ ᠢᠯᠡᠷᠡᠭᠦᠯᠬᠦ ᠳᠤ ᠲᠦᠢᠯ ᠤᠨ ᠶᠡᠭᠡ ᠬᠠᠷᠰᠢ ᠰᠠᠭᠠᠳ | ᠤᠴᠠᠷᠠᠭᠤᠯᠬᠤ ᠪᠣᠯᠤᠨ᠎ᠠ᠃ ᠡᠶᠢᠮᠦ ᠠᠴᠠ ᠣᠳᠣ ᠪᠦᠬᠦ ᠤᠯᠤᠰ ᠢᠶᠠᠷ ᠢᠶᠠᠨ ᠴᠥᠮ ︽ᠺᠠᠷᠲ ᠵᠣᠭᠰᠤᠭᠠᠬᠤ︾ | ᠠᠵᠢᠯᠯᠠᠭ᠎ᠠ ᠥᠷᠨᠢᠭᠦᠯᠵᠦ ᠪᠠᠶᠢᠨ᠎ᠠ᠃ | ᠰᠣᠷᠪᠣᠯᠵᠢᠯᠠᠭᠴᠢ᠄ ᠰᠠᠶ᠋ᠢ ᠶᠢᠨ ᠶᠠᠷᠢᠯᠴᠠᠭ᠎ᠠ ᠳᠤᠮᠳᠠ ᠲᠠᠨ ᠤ ᠳᠣᠷᠠᠳᠣᠭᠰᠠᠨ ︽ᠺᠠᠷᠲ ᠵᠣᠭᠰᠤᠭᠠᠬᠤ︾ | ᠠᠵᠢᠯᠯᠠᠭ᠎ᠠ ᠭᠡᠳᠡᠭ ᠨᠢ ᠶᠠᠮᠠᠷ ᠠᠵᠢᠯᠯᠠᠭ᠎ᠠ ᠪᠣᠢ︖ ᠪᠢᠳᠡ ᠴᠠᠭᠳᠠᠭᠠᠨ ᠤ ᠲᠠᠯ᠎ᠠ ᠶᠢᠨ ᠠᠵᠢᠯ ᠳᠤ ᠬᠡᠷᠬᠢᠨ | ᠬᠠᠮᠵᠢᠯᠴᠠᠬᠤ ᠪᠣᠢ︖ | ᠪᠦᠬᠡᠲᠤᠭᠲᠠᠬᠤ ᠄ ᠵᠠᠷᠢᠮ ᠬᠥᠮᠦᠨ ᠰᠤᠯᠠ ᠲᠠᠯᠪᠢᠭᠳᠠᠵᠤ ᠪᠠᠶᠢᠭ᠎ᠠ ᠪᠠᠩᠬᠢᠨ ᠤ ᠺᠠᠷᠲ᠂ ᠤᠲᠠᠰᠤᠨ ᠤ | ᠺᠠᠷᠲ ᠨᠢ ᠥᠪᠡᠷ ᠤᠨ ᠶᠠᠭᠤᠮ᠎ᠠ᠂ ᠲᠣᠲᠤᠷ᠎ᠠ ᠨᠢ ᠪᠠᠰᠠ ᠮᠦᠩᠬᠦ ᠦᠭᠡᠢ ᠣᠴᠢᠷ ᠠᠴᠠ ᠵᠦᠭᠡᠷ ᠲᠠᠯᠪᠢᠬᠤ ᠶᠢᠨ | ᠣᠷᠣᠨ ᠳᠤ ᠰᠤᠯᠠ ᠵᠠᠷᠤᠬᠤ ᠮᠥᠩᠭᠦ ᠰᠣᠯᠢᠪᠠᠯ ᠶᠠᠮᠠᠷ ᠰᠠᠶᠢᠨ ᠪᠣᠢ ᠭᠡᠵᠦ ᠪᠤᠳᠤᠳᠠᠭ᠃ ᠦᠨᠡᠨᠳᠡᠭᠡᠨ ᠬᠡᠷᠪᠡ ᠲᠠᠨ ᠤ | ᠬᠤᠳᠠᠯᠳᠤᠭᠰᠠᠨ ᠺᠠᠷᠲ ᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠳᠤ ᠬᠡᠷᠡᠭᠯᠡᠭᠰᠡᠨ ᠪᠣᠯ ᠺᠠᠷᠲ | ᠬᠤᠳᠠᠯᠳᠤᠭᠰᠠᠨ ᠠᠵᠢᠯᠯᠠᠭ᠎ᠠ ᠨᠢ ᠴᠠᠬᠢᠯᠭᠠᠨ ᠬᠤᠯᠪᠤᠭ᠎ᠠ ᠲᠣᠣᠷ ᠰᠦᠯᠵᠢᠶᠡᠨ ᠤ ᠶᠠᠯᠠᠲᠤ ᠠᠵᠢᠯᠯᠠᠭ᠎ᠠ ᠶᠢ | ᠬᠠᠪᠰᠤᠷᠤᠭᠰᠠᠨ ᠰᠡᠵᠢᠭ ᠲᠠᠢ ᠪᠣᠯᠣᠨ᠎ᠠ᠃ ᠡᠶᠢᠮᠦ ᠠᠴᠠ ᠥᠷᠭᠡᠨ ᠣᠯᠠᠨ ᠲᠦᠮᠡᠨ ᠺᠠᠷᠲ ᠢᠶᠠᠨ ᠶᠠᠭᠠᠬᠢᠭᠰᠠᠨ ᠴᠦ | ᠬᠤᠳᠠᠯᠳᠤᠵᠤ ᠪᠣᠯᠬᠤ ᠦᠭᠡᠢ︕ | ᠰᠣᠷᠪᠣᠯᠵᠢᠯᠠᠭᠴᠢ᠄ ᠡᠭᠡᠯ ᠠᠷᠠᠳ ᠪᠣᠯᠤᠭᠰᠠᠨ ᠤ ᠬᠤᠪᠢ ᠳᠤ ᠪᠢᠳᠡ ᠡᠳᠦᠷ ᠲᠤᠲᠤᠮ ᠤᠨ ᠠᠮᠢᠳᠤᠷᠠᠯ | ᠳᠤᠮᠳᠠ ᠬᠡᠷᠬᠢᠨ ᠰᠡᠷᠭᠡᠶᠢᠯᠡᠬᠦ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ ᠂ ᠥᠪᠡᠷ ᠤᠨ ᠡᠳ᠋ ᠬᠥᠷᠥᠩᠭᠡ ᠪᠠᠨ | ᠰᠠᠶᠢᠲᠤᠷ ᠬᠠᠮᠠᠭᠠᠯᠠᠵᠤ ᠬᠠᠯᠳᠠᠯᠭ᠎ᠠ ᠳᠤ ᠤᠴᠠᠷᠠᠭᠤᠯᠬᠤ ᠦᠭᠡᠢ ᠪᠠᠶᠢᠵᠤ ᠴᠢᠳᠠᠬᠤ ᠪᠣᠢ︖ | ᠪᠦᠬᠡᠲᠤᠭᠲᠠᠬᠤ᠄ ᠨᠢᠭᠡ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠣᠳᠣᠬᠠᠨ ᠳᠤ ᠬᠠᠷᠢᠶ᠎ᠠ | ᠲᠣᠭᠤᠷᠢᠭ ᠳᠣᠲᠣᠷ᠎ᠠ ᠡᠷᠦᠬᠡ ᠳᠤ ᠣᠷᠣᠵᠤ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠲᠤᠬᠠᠢ ᠤᠬᠠᠭᠤᠯᠬᠤ | ᠠᠵᠢᠯᠯᠠᠭ᠎ᠠ ᠥᠷᠨᠢᠭᠦᠯᠵᠦ᠂ ᠤᠭ ᠡᠬᠢ ᠠᠴᠠ ᠨᠢ ᠵᠠᠰᠠᠨ᠂ ᠬᠠᠮᠢᠶ᠎ᠠ ᠪᠥᠬᠦᠢ ᠬᠡᠷᠡᠭ ᠡᠭᠦᠰᠬᠦ ᠶᠢ ᠪᠠᠭᠠᠰᠬᠠᠵᠤ ᠪᠣᠢ᠃ | ᠬᠤᠶᠠᠷ ᠲᠤ᠂ ᠣᠯᠠᠨ ᠢᠶᠠᠷ ᠢᠶᠠᠨ ᠸᠢᠴᠠᠲ ᠢᠶᠠᠷ ᠭᠤᠷᠪᠠᠨ ᠬᠡᠮᠵᠢᠯᠲᠦ ᠺᠣᠳ᠋ ᠢ ᠰᠢᠷᠪᠢᠵᠦ᠂ ᠤᠯᠠᠭᠠᠨᠬᠠᠳᠠ ᠶᠢᠨ | ᠮᠡᠬᠡᠯᠡᠯ ᠢ ᠡᠰᠡᠷᠭᠦᠴᠡᠬᠦ ᠬᠠᠮᠲᠤᠷᠠᠯᠴᠠᠭ᠎ᠠ ᠶᠢᠨ ᠲᠠᠪᠴᠠᠩ ᠳᠤ ᠳᠠᠩᠰᠠᠯᠠᠵᠤ ᠪᠣᠯᠬᠤ ᠶᠤᠮ᠃ ᠭᠤᠷᠪᠠ ᠳᠤ᠂ ︽ | ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ ᠤᠨ APP ᠶᠢ ᠪᠠᠭᠤᠯᠭᠠᠨ ᠠᠪᠴᠤ ᠪᠣᠯᠣᠨ᠎ᠠ᠂ ᠡᠨᠡ ᠨᠢ | ᠳᠣᠲᠣᠭᠠᠳᠤ ᠶᠢ ᠬᠠᠮᠠᠭᠠᠯᠠᠬᠤ ᠶᠠᠮᠤᠨ ᠤ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠲᠣᠪᠴᠢᠶ᠎ᠠ ᠠᠴᠠ ᠵᠣᠬᠢᠶᠠᠨ | ᠪᠠᠢᠭᠤᠯᠵᠤ ᠨᠡᠭᠡᠭᠡᠭᠰᠡᠨ ᠨᠢᠭᠡᠨ ᠤᠯᠤᠰ ᠤᠨ ᠳᠡᠰ ᠤᠨ ᠰᠢᠰᠲ᠋ᠧᠮ ᠪᠠᠶᠢᠵᠤ᠂ ᠣᠷᠣᠰᠢᠵᠤ ᠪᠠᠶᠢᠭ᠎ᠠ ᠴᠠᠬᠢᠯᠭᠠᠨ | ᠬᠤᠯᠪᠤᠭ᠎ᠠ ᠲᠣᠣᠷ ᠰᠦᠯᠵᠢᠶᠡᠨ ᠤ ᠮᠡᠬᠡᠯᠡᠯ ᠳᠤ ᠰᠡᠷᠭᠡᠶᠢᠯᠡᠯᠲᠡ ᠬᠢᠵᠦ ᠪᠣᠯᠤᠨ᠎ᠠ᠃ | ᠰᠣᠷᠪᠤᠯᠵᠢᠯᠠᠭᠴᠢ᠄ ᠪᠦ᠊ ᠳᠡᠳ᠋ ᠲᠣᠪᠴᠢᠶᠠᠨ ᠳᠠᠷᠤᠭ᠎ᠠ ᠪᠢᠳᠡᠨ ᠳᠤ ᠡᠶᠢᠮᠦ ᠣᠯᠠᠨ ᠲᠤᠰᠠᠲᠠᠢ ᠰᠠᠨᠠᠭᠤᠯᠭ᠎ᠠ | ᠥᠭᠭᠦᠭᠰᠡᠨ ᠳᠤ ᠮᠠᠰᠢ ᠲᠠᠯᠠᠷᠬᠠᠵᠤ ᠪᠠᠶᠢᠨ᠎ᠠ᠃ | ᠪᠦᠬᠡᠲᠤᠭᠲᠠᠬᠤ᠄ ᠲᠠᠨ ᠳᠤ ᠪᠠᠶᠠᠷᠯᠠᠯ᠎ᠠ᠃ | |