ᠠᠷᠤ ᠵᠠᠰᠠᠭ ᠠᠯᠪᠠᠨ ᠲᠠᠷᠬᠠᠭᠠᠭᠰᠠᠨ ﹇2021﹈ 27 ᠳ᠋ᠤᠭᠠᠷ ᠲᠣᠭᠠᠲᠤ | 2021 ᠣᠨ ᠤ ᠬᠤᠰᠢᠭᠤᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠲᠣᠭᠲᠠᠭᠠᠬᠤ ᠬᠠᠮᠢᠶ᠎ᠠ ᠪᠦᠬᠦᠢ ᠶᠠᠪᠤᠳᠠᠯ ᠤᠨ ᠲᠤᠬᠠᠢ ᠮᠡᠳᠡᠭᠳᠡᠯ | | ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠬᠤᠰᠢᠭᠤᠨ ᠰᠢᠭᠤᠳ ᠬᠠᠷᠢᠶ᠎ᠠ ᠡᠯ᠎ᠡ ᠬᠤᠷᠢᠶ᠎ᠠ ᠵᠦᠪᠯᠡᠯ ᠠᠯᠪᠠᠨ ᠭᠡᠷ ᠲᠤᠪᠴᠢᠶ᠎ᠠ᠄ | ᠬᠤᠰᠢᠭᠤᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠠᠵᠢᠯ ᠤᠨ | ᠪᠠᠷᠠᠯᠠᠯᠲᠤ ᠴᠢᠨᠠᠷ ᠢ ᠳᠡᠭᠡᠭᠰᠢᠯᠡᠭᠦᠯᠬᠦ ᠶᠢᠨ ᠲᠦᠯᠦᠭᠡ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠠᠴᠠ ᠰᠠᠨᠠᠯ | ᠬᠤᠷᠢᠶᠠᠭᠰᠠᠨ ᠰᠠᠭᠤᠷᠢᠨ ᠳᠡᠭᠡᠷ᠎ᠡ ᠬᠤᠰᠢᠭᠤᠨ ᠵᠠᠰᠠᠭ ᠤᠨ ᠣᠷᠳᠣᠨ ᠰᠣᠳᠣᠯᠣᠨ ᠲᠣᠭᠲᠠᠭᠠᠭᠠᠳ᠂ 2011 | ᠣᠨ ᠤ ᠬᠤᠰᠢᠭᠤᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ | ᠲᠥᠯᠥᠪᠯᠡᠭᠡ ᠶᠢ ᠲᠤᠭᠲᠠᠭᠠᠪᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠵᠢᠯ ᠤᠨ ᠳᠣᠲᠣᠷ᠎ᠠ ᠲᠣᠭᠲᠠᠭᠠᠬᠤ ᠪᠠᠷ ᠪᠠᠶᠢᠭ᠎ᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ | ︵3 ᠬᠤᠪᠢ︶ | 1. ᠠᠷᠤ ᠬᠤᠷᠴᠢᠨ ᠬᠤᠰᠢᠭᠤᠨ ᠤ ᠲᠦᠷ ᠴᠠᠭ ᠤᠨ ᠠᠪᠤᠷᠠᠨ ᠲᠤᠰᠠᠯᠠᠬᠤ ᠠᠷᠭ᠎ᠠ ︵ᠬᠤᠰᠢᠭᠤᠨ ᠤ | ᠠᠷᠠᠳ ᠶᠢᠨ ᠶᠠᠪᠤᠳᠠᠯ ᠤᠨ ᠲᠣᠪᠴᠢᠶ᠎ᠠ᠂ ᠨᠢᠭᠡᠨᠲᠡ ᠲᠣᠭᠲᠠᠭᠠᠪᠠ︶ | 2. ᠠᠷᠤ ᠬᠤᠷᠴᠢᠨ ᠬᠤᠰᠢᠭᠤᠨ ᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭᠠᠲᠤ ᠭᠡᠷ | ᠪᠦᠯᠢ ᠳᠤ ᠲᠦᠷᠢᠶᠡᠰᠦᠨ ᠨᠥᠬᠦᠪᠥᠷᠢ ᠣᠯᠭᠤᠬᠤ ᠠᠷᠭ᠎ᠠ ︵ᠬᠤᠰᠢᠭᠤᠨ ᠤ ᠣᠷᠣᠨ ᠰᠠᠭᠤᠴᠠ ᠪᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | 3. ᠠᠷᠤ ᠬᠤᠷᠴᠢᠨ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠭᠡᠷ ᠢ ᠰᠤᠯᠠᠯᠠᠵᠤ ᠡᠭᠡᠯᠵᠢᠯᠡᠨ | ᠬᠤᠪᠢᠶᠠᠷᠢᠯᠠᠬᠤ ᠲᠤᠬᠠᠢ ᠬᠡᠷᠡᠭᠵᠢᠭᠦᠯᠬᠦ ᠲᠥᠰᠦᠯ ︵ᠬᠤᠰᠢᠭᠤᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | ᠬᠤᠶᠠᠷ᠂ ᠬᠤᠯᠪᠣᠭᠳᠠᠯ ᠪᠦᠬᠦᠢ ᠱᠠᠭᠠᠷᠳᠠᠯᠭ᠎ᠠ | 1. ᠲᠥᠯᠥᠪᠯᠡᠭᠡ ᠳᠤ ᠣᠷᠣᠭᠤᠯᠤᠭᠰᠠᠨ ᠥᠬᠡᠢ ᠪᠢᠴᠢᠭ ᠮᠠᠲ᠋ᠧᠷᠢᠶᠠᠯ ᠢ ᠵᠠᠷᠴᠢᠮ ᠳᠡᠭᠡᠷ᠎ᠡ ᠪᠠᠨ ᠬᠤᠰᠢᠭᠤᠨ | ᠵᠠᠰᠠᠭ ᠤᠨ ᠣᠷᠳᠣᠨ ︵ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ︶ ᠤ ᠨᠡᠷ᠎ᠡ ᠪᠠᠷ ᠠᠯᠪᠠᠨ ᠪᠢᠴᠢᠭ | ᠶᠠᠪᠤᠭᠤᠯᠵᠤ ᠪᠣᠯᠬᠤ ᠥᠬᠡᠢ᠃ | 2. ᠲᠥᠯᠥᠪᠯᠡᠭᠡ ᠳᠤ ᠣᠷᠣᠭᠤᠯᠤᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ | ᠪᠢᠴᠢᠬᠦ ᠨᠢᠭᠡᠴᠡ ︽ᠬᠡᠨ ᠲᠤᠭᠤᠷᠪᠢᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ︽ᠬᠤᠰᠢᠭᠤᠨ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠤᠨ ᠪᠦᠬᠦ ᠬᠤᠰᠢᠭᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ | ︵ᠠᠷᠤ ᠵᠠᠰᠠᠭ ᠠᠯᠪᠠᠨ ᠲᠠᠷᠬᠠᠭᠠᠭᠰᠠᠨ ﹇2020﹈ 12 ᠳ᠋ᠤᠭᠠᠷ ᠲᠤᠭᠠᠲᠤ︶ ᠤᠨ ᠱᠠᠭᠠᠷᠳᠠᠯᠭ᠎ᠠ ᠶᠢ ᠴᠢᠩᠭ᠎ᠠ | ᠵᠢᠷᠤᠮᠯᠠᠨ᠂ ᠴᠠᠭ ᠲᠤᠬᠠᠢ ᠳᠤ ᠨᠢ ᠲᠤᠭᠤᠷᠪᠢᠨ ᠪᠢᠴᠢᠵᠦ᠂ ᠪᠠᠶᠢᠴᠠᠭᠠᠨ ᠰᠤᠳᠤᠯᠵᠤ ᠨᠤᠲᠠᠯᠠᠬᠤ᠂ ᠥᠷᠭᠡᠨ ᠢᠶᠠᠷ | ᠰᠠᠨᠠᠯ ᠬᠤᠷᠢᠶᠠᠬᠤ᠂ ᠬᠠᠤᠯᠢ ᠶᠤᠰᠤᠭᠠᠷ ᠬᠢᠨᠠᠨ ᠪᠠᠶᠢᠴᠠᠭᠠᠬᠤ ᠪᠠ ᠳᠠᠩᠰᠠᠯᠠᠵᠤ ᠬᠢᠨᠠᠯᠲᠠ ᠲᠠᠯᠪᠢᠬᠤ ᠵᠡᠷᠭᠡ | ᠶᠠᠪᠤᠴᠠ ᠶᠢ ᠭᠦᠢᠴᠡᠳᠬᠡᠬᠦ ᠶᠢᠨ ᠬᠠᠮᠲᠤ ᠪᠢᠴᠢᠭ ᠮᠠᠲ᠋ᠧᠷᠢᠶᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ | ᠠᠵᠢᠯ ᠢ ᠬᠠᠷᠢᠭᠤᠴᠠᠨ᠂ ᠪᠢᠴᠢᠭ ᠮᠠᠲ᠋ᠧᠷᠢᠶᠠᠯ ᠲᠤᠭᠤᠷᠪᠢᠬᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ | ᠪᠡᠶᠡᠳᠡᠨ ᠬᠢᠨᠠᠨ ᠬᠠᠷᠭᠤᠭᠤᠯᠵᠤ᠂ ᠴᠢᠩᠭ᠎ᠠ ᠠᠳᠬᠤᠨ᠂ ᠶᠠᠰᠤ ᠴᠢᠨᠠᠷ ᠪᠣᠯᠤᠨ ᠠᠬᠢᠴᠠ ᠶᠢ ᠪᠠᠲᠤᠯᠠᠬᠤ ᠬᠡᠷᠡᠭᠲᠡᠢ᠃ | ᠲᠤᠭᠤᠷᠪᠢᠨ ᠪᠢᠴᠢᠬᠦ ᠡᠭᠦᠷᠭᠡ ᠪᠠᠨ ᠴᠠᠭ ᠲᠠᠭᠠᠨ ᠪᠡᠶᠡᠯᠡᠭᠦᠯᠵᠦ ᠳᠡᠶᠢᠯᠬᠦ ᠦᠭᠡᠢ ᠪᠣᠯ ᠲᠤᠭᠤᠷᠪᠢᠨ ᠪᠢᠴᠢᠬᠦ | ᠪᠠᠶᠢᠭᠤᠯᠭ᠎ᠠ ᠶᠢᠨ ᠬᠢᠨ ᠬᠤᠰᠢᠭᠤᠨ ᠵᠠᠰᠠᠭ ᠤᠨ ᠣᠷᠳᠣᠨ ᠳᠤ ᠪᠢᠴᠢᠭ ᠤᠨ ᠬᠡᠯᠪᠡᠷᠢ ᠪᠠᠷ ᠰᠢᠯᠲᠠᠭᠠᠨ ᠢ ᠨᠢ | ᠲᠣᠳᠣᠷᠬᠠᠶᠢᠯᠠᠵᠤ ᠥᠭᠬᠦ ᠬᠡᠷᠡᠭᠲᠡᠢ᠃ | 3. ᠲᠤᠰ ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠤᠮᠳᠠ ᠪᠣᠳᠠᠲᠤ ᠪᠠᠶᠢᠳᠠᠯ ᠢ ᠦᠨᠳᠦᠰᠦᠯᠡᠨ | ᠲᠣᠬᠢᠷᠠᠭᠤᠯᠤᠯᠲᠠ ᠬᠢᠬᠦ ᠴᠢᠬᠤᠯᠠᠲᠠᠢ ᠪᠣᠯ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠴᠠᠭ ᠲᠤᠬᠠᠢ ᠳᠤᠨᠢ | ᠬᠤᠰᠢᠭᠤᠨ ᠵᠠᠰᠠᠭ ᠤᠨ ᠣᠷᠳᠣᠨ ᠳᠤ ᠪᠢᠴᠢᠭ ᠤᠨ ᠬᠡᠯᠪᠡᠷᠢ ᠪᠠᠷ ᠲᠤᠳᠤᠷᠬᠠᠶᠢᠯᠠᠯᠲᠠ ᠬᠢᠵᠦ ᠵᠥᠪᠰᠢᠶᠡᠷᠡᠭᠦᠯᠦᠭᠰᠡᠨ ᠤ | ᠳᠠᠷᠠᠭ᠎ᠠ ᠰᠠᠶ᠋ᠢ ᠲᠤᠬᠢᠷᠠᠭᠤᠯᠤᠯᠲᠠ ᠬᠢᠵᠦ ᠪᠣᠯᠣᠨ᠎ᠠ᠂ ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ ᠤᠨ | ᠱᠠᠭᠠᠷᠳᠠᠨ ᠪᠠᠶᠢᠴᠠᠭᠠᠬᠤ ᠲᠠᠰᠤᠭ ᠵᠣᠬᠢᠰ ᠲᠠᠢ ᠦᠶ᠎ᠡ ᠲᠥᠯᠥᠪᠯᠡᠭᠡ ᠪᠠᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ | ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃ | | ᠠᠷᠤ ᠬᠤᠷᠴᠢᠨ ᠬᠤᠰᠢᠭᠤᠨ ᠤ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 5 ᠰᠠᠷ᠎ᠠ ᠶᠢᠨ 20 ᠤ ᠡᠳᠦᠷ | | |