ᠨᠢᠭᠡ᠂ ᠬᠡᠷ ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ ᠤᠨ ᠠᠬᠤᠶ ᠪᠠᠶᠢᠳᠠᠯ ᠢ | ᠲᠤᠭᠲᠠᠭᠠᠪᠠ | ᠣᠶᠢᠷ᠎ᠠ ᠶᠢᠨ ᠬᠤᠭᠤᠴᠠᠭᠠᠨ ᠳᠤ ᠵᠢᠶᠠᠩᠰᠦ ᠶᠢᠨ ᠰᠦᠵᠧᠦ ᠵᠣᠴᠢᠳ ᠤᠨ ᠪᠠᠭᠤᠳᠠᠯ ᠨᠤᠷᠠᠭᠰᠠᠨ ᠵᠡᠷᠭᠡ | ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ | ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠬᠢᠨᠠᠮᠠᠭᠠᠶ ᠲᠤᠤᠱᠯᠠᠭᠤᠯᠵᠤ᠂ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ | ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠪᠤᠳᠠᠳᠠᠢ ᠨᠠᠶᠢᠳᠠᠪᠤᠷᠢᠵᠢᠭᠤᠯᠬᠤ ᠶᠢᠨ | ᠲᠦᠯᠦᠭᠡ᠂ ︽︿ᠬᠡᠷ ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠪᠠᠴᠢᠮ ᠮᠡᠳᠡᠭᠳᠡᠯ﹀ ᠢ ᠤᠯᠠᠮᠵᠢᠯᠠᠨ ᠲᠠᠷᠬᠠᠭᠠᠬᠤ | ᠲᠤᠬᠠᠶ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ | ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ︾ ᠵᠠᠷᠴᠢᠮ ᠶᠣᠰᠣᠭᠠᠷ᠂ ᠨᠠᠷᠢᠨ ᠬᠢᠨᠠᠮᠠᠭᠠᠶ ᠲᠣᠬᠢᠷᠠᠭᠤᠯᠤᠨ | ᠪᠠᠶᠢᠷᠢᠯᠠᠭᠤᠯᠵᠤ᠂ ᠬᠠᠷᠢᠶ᠎ᠠ ᠣᠷᠣᠨ ᠤ ᠳᠣᠲᠣᠷᠠᠬᠢ ᠬᠡᠷ ᠪᠠᠶᠢᠰᠢᠩ ᠤᠨ ᠪᠠᠷᠢᠯᠭ᠎ᠠ ᠳᠤ ᠠᠮᠤᠷ ᠲᠦᠪᠰᠢᠨ ᠤ ᠬᠡᠮ | ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠳᠠᠷᠦ᠋ᠢᠬᠠᠨ ᠵᠣᠬᠢᠶᠠᠨ ᠪᠠᠶᠢᠭᠤᠯᠬᠤ ᠬᠡᠷᠡᠭᠲᠡᠶ᠃ | ᠬᠤᠶᠠᠷ᠂ ᠠᠵᠢᠯ ᠤᠨ ᠱᠠᠭᠠᠷᠳᠠᠯᠭ᠎ᠠ | ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠶᠤᠯᠭᠦᠶ | ᠦᠢᠯᠡᠳᠪᠦᠷᠢᠯᠡᠯ ᠤᠨ ᠬᠠᠤᠯᠢ᠂ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯᠭᠦᠶ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠳᠦᠷᠢᠮ︾᠂ ︽ᠬᠤᠲᠠ ᠶᠢᠨ ᠠᠶᠤᠯᠲᠠᠶ ᠬᠡᠷ ᠪᠠᠶᠢᠰᠢᠩ ᠤᠨ ᠬᠠᠮᠢᠶᠠᠷᠤᠯᠲᠠ ᠶᠢᠨ ᠲᠣᠭᠲᠠᠭᠠᠯ︾ | ᠂ ︽ᠣᠷᠣᠨ ᠰᠠᠭᠤᠴᠠ ᠶᠢᠨ ᠥᠷᠥᠭᠡᠨ ᠤ ᠳᠣᠲᠣᠷᠠᠬᠢ ᠵᠠᠰᠠᠯ ᠴᠢᠮᠡᠭᠯᠡᠯ ᠤᠨ ᠬᠠᠮᠢᠶᠠᠷᠤᠯᠲᠠ ᠶᠢᠨ ᠠᠷᠭ᠎ᠠ︾᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠤᠨ ᠲᠥᠰᠦᠯ︾ ︵ᠥᠪᠥᠷ ᠪᠠᠷᠢᠯᠭ᠎ᠠ ᠶᠢᠨ ᠶᠠᠰᠤ ᠴᠢᠨᠠᠷ | ︹ 2020 ︺ 133 ᠳ᠋ᠤᠭᠠᠷ ᠲᠣᠭᠠᠲᠤ︶᠂ ︽ᠪᠥᠬᠦ ᠣᠷᠣᠨ ᠤ ᠬᠡᠷ ᠪᠠᠶᠢᠰᠢᠩ ᠤᠨ ᠪᠠᠷᠢᠯᠭ᠎ᠠ ᠶᠢᠨ ᠪᠣᠰᠤᠭ᠎ᠠ | ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ | ︵ᠥᠪᠥᠷ ᠪᠠᠷᠢᠯᠭ᠎ᠠ ᠶᠢᠨ ᠶᠠᠰᠤ ᠴᠢᠨᠠᠷ ᠵᠠᠬᠢᠳᠠᠯ ︹ 2020 ︺ 400 ᠳ᠋ᠤᠭᠠᠷ ᠲᠣᠭᠠᠲᠤ︶ ᠵᠡᠷᠭᠡ ᠬᠠᠮᠢᠶ᠎ᠠ | ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠦᠴᠦᠨ ᠢᠶᠠᠨ ᠦᠳᠲᠡᠷ ᠲᠦᠷᠭᠡᠨ ᠳᠠᠶᠢᠴᠢᠯᠠᠵᠤ ᠬᠡᠷ ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ ᠤ ᠬᠡᠮ | ᠰᠣᠭᠤᠭ ᠢ ᠭᠦᠨᠵᠡᠭᠡᠶ ᠳᠠᠷᠠᠭᠠᠯᠠᠨ ᠪᠠᠶᠢᠴᠠᠭᠠᠵᠤ᠂ ᠳᠠᠷᠠᠭᠠᠯᠠᠨ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠤ ᠬᠡᠮ | ᠰᠣᠭᠤᠭ ᠤᠨ ᠴᠡᠭ ᠢ ᠨᠢᠭᠡᠳ ᠨᠢᠭᠡ ᠪᠠᠷ ᠵᠢᠭᠰᠠᠭᠠᠨ ᠭᠠᠷᠭᠠᠵᠤ᠂ ᠡᠬᠡ ᠲᠠᠩᠰᠠ ᠶᠢᠨ ᠲᠣᠳᠤᠷᠬᠠᠢ ᠬᠠᠭᠤᠳᠠᠰᠤ ᠶᠢ | ᠪᠠᠶᠢᠭᠤᠯᠬᠤ ᠬᠡᠷᠡᠭᠲᠡᠶ᠃ | ︵ᠨᠢᠭᠡ︶ ᠬᠤᠲᠠ ᠪᠠᠯᠭᠠᠰᠤ ᠶᠢᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ | ᠪᠠᠶᠢᠴᠠᠭᠠᠨ᠎ᠠ᠃ ᠬᠤᠲᠠ ᠪᠠᠯᠭᠠᠰᠤ ᠶᠢᠨ ᠨᠢᠭᠡᠨᠲᠡ ᠪᠠᠶᠢᠭ᠎ᠠ ᠬᠡᠷ ᠪᠠᠶᠢᠰᠢᠩ᠂ ᠢᠯᠠᠩᠭᠤᠶ᠎ᠠ ᠬᠥᠮᠦᠨ ᠬᠠᠷ᠎ᠠ ᠣᠯᠠᠨ | ᠴᠣᠭᠯᠠᠷᠠᠬᠤ ᠲᠠᠯᠠᠪᠤᠷ᠂ ᠡᠵᠡᠩᠨᠡᠯᠲᠡ ᠶᠢᠨ ᠴᠢᠨᠠᠷᠲᠠᠶ ᠲᠠᠯᠠᠪᠤᠷ᠂ ᠡᠯ᠎ᠡ ᠲᠥᠷᠥᠯ ᠤᠨ ᠬᠦᠨᠳᠦ ᠨᠣᠴᠢᠲᠠᠢ ᠠᠮᠤᠷ | ᠲᠦᠪᠰᠢᠨ ᠤ ᠬᠡᠮ ᠰᠣᠭᠤᠭ ᠣᠷᠣᠰᠢᠵᠤ ᠪᠠᠶᠢᠭ᠎ᠠ ᠲᠠᠯᠠᠪᠤᠷ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠪᠥᠬᠦ | ᠲᠠᠯ᠎ᠠ ᠪᠠᠷ ᠳᠠᠷᠠᠭᠠᠯᠠᠨ ᠪᠠᠶᠢᠴᠠᠭᠠᠨ᠎ᠠ᠃ | ︵ᠬᠤᠶᠠᠷ︶ ᠬᠥᠳᠡᠭᠡ ᠲᠣᠰᠬᠤᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ | ᠪᠠᠶᠢᠴᠠᠭᠠᠨ᠎ᠠ᠃ ᠡᠮᠦᠨᠡᠬᠢ ᠬᠤᠭᠤᠴᠠᠭᠠᠨ ᠤ ᠬᠥᠳᠡᠭᠡ ᠲᠣᠰᠬᠤᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ | ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠰᠠᠭᠤᠷᠢᠨ ᠳᠡᠭᠡᠷ᠎ᠡ᠂ 2 ᠳ᠋ᠤᠭᠠᠷ | ᠳᠠᠪᠬᠤᠷᠭ᠎ᠠ ᠠᠴᠠ ᠳᠡᠭᠡᠭᠰᠢ᠂ ᠡᠵᠡᠩᠨᠡᠯᠲᠡ ᠳᠤ ᠬᠡᠷᠡᠭᠯᠡᠬᠦ᠂ ᠬᠥᠮᠦᠨ ᠬᠠᠷ᠎ᠠ ᠣᠯᠠᠨ ᠴᠣᠭᠯᠠᠷᠠᠬᠤ᠂ ᠳᠤᠷ᠎ᠠ ᠪᠠᠷ ᠢᠶᠠᠨ | ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠬᠥᠳᠡᠭᠡ ᠲᠣᠰᠬᠤᠨ ᠤ ᠥᠪᠡᠰᠦᠪᠡᠨ ᠪᠠᠷᠢᠭᠰᠠᠨ ᠬᠡᠷ ᠪᠠᠶᠢᠰᠢᠩ ᠳᠤ | ᠠᠩᠬᠠᠷᠤᠯ ᠢᠶᠠᠨ ᠲᠥᠪᠯᠡᠷᠡᠭᠦᠯᠵᠦ᠂ ᠤᠯᠠᠮ ᠨᠢᠭᠡ ᠠᠯᠬᠤᠮ ᠭᠦᠨᠵᠡᠭᠡᠶ ᠳᠠᠷᠠᠭᠠᠯᠠᠨ ᠪᠠᠶᠢᠴᠠᠭᠠᠵᠤ᠂ ᠰᠤᠭᠤᠴᠢᠨ | ᠪᠠᠶᠢᠴᠠᠭᠠᠵᠤ ᠳᠠᠬᠢᠨ ᠬᠢᠨᠠᠨ᠎ᠠ᠃ | ︵ᠭᠤᠷᠪᠠ︶ ᠵᠠᠰᠠᠵᠤ ᠴᠢᠮᠡᠭᠯᠡᠵᠦ ᠥᠭᠡᠷᠡᠴᠢᠯᠡᠨ ᠪᠠᠶᠢᠭᠤᠯᠤᠭᠰᠠᠨ ᠪᠠᠷᠢᠯᠭ᠎ᠠ ᠶᠢ ᠳᠠᠷᠠᠭᠠᠯᠠᠨ ᠪᠠᠶᠢᠴᠠᠭᠠᠨ᠎ᠠ᠃ | ᠵᠠᠰᠠᠵᠤ ᠴᠢᠮᠡᠭᠯᠡᠵᠦ ᠥᠭᠡᠷᠡᠴᠢᠯᠡᠨ ᠪᠠᠶᠢᠭᠤᠯᠤᠭᠰᠠᠨ ᠪᠠᠷᠢᠯᠭ᠎ᠠ ᠶᠢᠨ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ | ᠭᠠᠷᠳᠠᠮ ᠢ ᠭᠦᠢᠴᠡᠳᠬᠡᠭᠰᠡᠨ ᠡᠰᠡᠬᠦ᠂ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢᠨ ᠵᠢᠷᠤᠮᠵᠢᠯ | ᠶᠣᠰᠣᠭᠠᠷ ᠵᠢᠷᠤᠭᠯᠠᠨ ᠲᠥᠯᠥᠪᠯᠡᠭᠰᠡᠨ᠂ ᠪᠠᠷᠢᠯᠭ᠎ᠠ ᠪᠠᠷᠢᠭᠰᠠᠨ ᠡᠰᠡᠬᠦ ᠶᠢ ᠪᠥᠬᠦ ᠲᠠᠯ᠎ᠠ ᠪᠠᠷ ᠳᠠᠷᠠᠭᠠᠯᠠᠨ ᠪᠠᠶᠢᠴᠠᠭᠠᠵᠤ᠂ | ᠢᠯᠠᠩᠭᠤᠶ᠎ᠠ ᠬᠠᠤᠯᠢ ᠠᠴᠠ ᠵᠥᠷᠢᠴᠡᠨ ᠵᠠᠰᠠᠨ ᠥᠭᠡᠷᠡᠴᠢᠯᠡᠭᠰᠡᠨ᠂ ᠬᠡᠷ ᠪᠠᠶᠢᠰᠢᠩ ᠤᠨ ᠪᠠᠷᠢᠯᠭ᠎ᠠ ᠶᠢᠨ ᠭᠤᠤᠯ | ᠴᠣᠭᠴᠠ ᠪᠠ ᠳᠠᠭᠠᠭᠠᠴᠠ ᠶᠢᠨ ᠪᠦᠲᠦᠴᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠵᠡᠷᠭᠡ ᠠᠮᠤᠷ ᠲᠦᠪᠰᠢᠨ ᠤ | ᠬᠡᠮ ᠰᠣᠭᠤᠭ ᠢ ᠪᠥᠬᠦ ᠲᠠᠯ᠎ᠠ ᠪᠠᠷ ᠳᠠᠷᠠᠭᠠᠯᠠᠨ ᠪᠠᠶᠢᠴᠠᠭᠠᠨ᠎ᠠ᠃ | ︵ᠳᠥᠷᠪᠡ︶ ᠬᠠᠤᠯᠢ ᠠᠴᠠ ᠵᠥᠷᠢᠴᠡᠭᠰᠡᠨ ᠪᠥᠲᠥᠭᠡᠨ ᠪᠠᠶᠢᠭᠤᠯᠤᠯᠲᠠ ᠪᠠ ᠬᠠᠤᠯᠢ ᠲᠣᠭᠲᠠᠭᠠᠯ ᠠᠴᠠ | ᠵᠥᠷᠢᠴᠡᠭᠰᠡᠨ ᠬᠢᠨᠠᠨ ᠵᠥᠪᠰᠢᠶᠡᠷᠡᠯ ᠤᠨ ᠲᠤᠰᠬᠠᠶ ᠵᠦᠢᠯ ᠤᠨ ᠳᠠᠷᠠᠭᠠᠯᠠᠨ ᠪᠠᠶᠢᠴᠠᠭᠠᠯᠲᠠ ᠶᠢ ᠭᠦᠨᠵᠡᠭᠡᠶ | ᠠᠬᠢᠭᠤᠯᠤᠨ᠎ᠠ᠃ ᠪᠠᠷᠢᠯᠭ᠎ᠠ ᠶᠢᠨ ᠲᠥᠷᠥᠯ ᠵᠦᠢᠯ ᠲᠣᠭᠲᠠᠭᠠᠬᠤ᠂ ᠭᠠᠵᠠᠷ ᠬᠡᠷᠡᠭᠯᠡᠬᠦ᠂ ᠲᠥᠯᠥᠪᠵᠢᠭᠦᠯᠬᠦ᠂ ᠪᠠᠷᠢᠯᠭ᠎ᠠ | ᠪᠠᠷᠢᠬᠤ᠂ ᠭᠠᠯ ᠰᠡᠷᠭᠡᠶᠢᠯᠡᠬᠦ᠂ ᠣᠨᠴᠠ ᠲᠥᠷᠥᠯ ᠤᠨ ᠠᠵᠢᠯ ᠬᠢᠬᠦ ᠵᠡᠷᠭᠡ ᠪᠥᠲᠥᠭᠡᠨ ᠪᠠᠶᠢᠭᠤᠯᠤᠯᠲᠠ ᠵᠢᠴᠢ | ᠡᠵᠡᠩᠨᠡᠯᠲᠡ ᠶᠢᠨ ᠬᠠᠮᠢᠶ᠎ᠠ ᠪᠥᠬᠦᠶ ᠵᠠᠰᠠᠭ ᠵᠠᠬᠢᠷᠭᠠᠨ ᠤ ᠵᠥᠪᠰᠢᠶᠡᠷᠡᠯ ᠤᠨ ᠭᠠᠷᠳᠠᠮ ᠢ ᠭᠦᠢᠴᠡᠳᠬᠡᠭᠰᠡᠨ ᠪᠠᠶᠢᠳᠠᠯ ᠢ | ᠨᠢᠭᠡᠳ ᠨᠢᠭᠡ ᠪᠠᠷ ᠳᠠᠷᠠᠭᠠᠯᠠᠨ ᠪᠠᠶᠢᠴᠠᠭᠠᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ | ᠱᠠᠭᠠᠷᠳᠠᠨ ᠪᠠᠶᠢᠴᠠᠭᠠᠬᠤ ᠪᠠᠨ ᠴᠢᠩᠭᠠᠷᠠᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠤᠨ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠪᠥᠬᠦ ᠶᠠᠪᠤᠴᠠ᠂ | ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠶ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ | ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ᠂ ᠴᠤᠭᠭᠠᠷ ᠠᠳᠬᠤᠨ ᠬᠠᠮᠲᠤᠪᠠᠷ ᠬᠠᠮᠢᠶᠠᠷᠬᠤ᠂ | ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠᠨ ᠡᠷᠬᠡᠪᠰᠢ︾ ᠶᠢᠨ ᠱᠠᠭᠠᠷᠳᠠᠯᠭ᠎ᠠ | ᠶᠣᠰᠣᠭᠠᠷ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠨᠢᠭᠡᠨᠲᠡ ᠪᠠᠶᠢᠭ᠎ᠠ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠳᠠᠷᠠᠭᠠᠯᠠᠨ ᠪᠠᠶᠢᠴᠠᠭᠠᠬᠤ | ᠠᠵᠢᠯ ᠢ ᠴᠠᠭ ᠲᠤᠬᠠᠶ ᠳᠤᠨᠢ ᠰᠤᠳᠤᠯᠤᠨ ᠪᠠᠶᠢᠷᠢᠯᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ | ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠢᠭᠡᠨᠲᠡ ᠪᠠᠶᠢᠭ᠎ᠠ ᠪᠠᠷᠢᠯᠭ᠎ᠠ ᠶᠢᠨ | ᠬᠡᠷᠡᠭᠯᠡᠭᠴᠢ ᠪᠤᠶᠤ ᠥᠮᠴᠢᠯᠡᠬᠦ ᠡᠷᠬᠡᠲᠦ ᠬᠥᠮᠦᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ | ᠶᠣᠰᠣᠭᠠᠷ ᠪᠠᠶᠢᠴᠠᠭᠠᠨ ᠭᠠᠷᠭᠠᠵᠤ᠂ ᠳᠠᠷᠠᠭᠠᠯᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ | ᠤᠤᠯ ᠵᠣᠬᠢᠶᠠᠯ ᠢ ᠳᠠᠭᠠᠯᠳᠤᠭᠤᠯᠪᠠ᠄ ︽ᠠᠷᠤ ᠬᠤᠷᠴᠢᠨ ᠬᠤᠰᠢᠭᠤᠨ ᠤ ᠬᠡᠷ ᠪᠠᠶᠢᠰᠢᠩ ᠤᠨ ᠪᠠᠷᠢᠯᠭ᠎ᠠ ᠶᠢᠨ | ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ | ᠲᠤᠬᠠᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | |