︽ᠠᠷᠤ ᠬᠤᠷᠴᠢᠨ ᠬᠤᠰᠢᠭᠤᠨ ᠤ ᠬᠡᠷ ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/7/28
ᠠᠷᠤ ᠵᠠᠰᠠᠭ ᠠᠯᠪᠠᠨ ᠲᠠᠷᠬᠠᠭᠠᠭᠰᠠᠨ ﹇2021﹈ 43 ᠳ᠋ᠤᠭᠠᠷ ᠲᠣᠭᠠᠲᠤ     ︽ᠠᠷᠤ ᠬᠤᠷᠴᠢᠨ ᠬᠤᠰᠢᠭᠤᠨ ᠤ ᠬᠡᠷ ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ᠄      ︽ᠠᠷᠤ ᠬᠤᠷᠴᠢᠨ ᠬᠤᠰᠢᠭᠤᠨ ᠤ ᠬᠡᠷ ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠰᠠᠶᠢᠲᠤᠷ ᠠᠳᠬᠤᠵᠤ ᠨᠠᠶᠢᠳᠠᠪᠤᠷᠢᠵᠢᠭᠤᠯᠬᠤ ᠬᠡᠷᠡᠭᠲᠡᠢ᠃                 ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                                        2021 ᠣᠨ ᠤ 7 ᠰᠠᠷ᠎ᠠ ᠶᠢᠨ 22      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶            ᠠᠷᠤ ᠬᠤᠷᠴᠢᠨ ᠬᠤᠰᠢᠭᠤᠨ ᠤ ᠬᠡᠷ ᠪᠠᠶᠢᠰᠢᠩ ᠤᠨ ᠪᠠᠷᠢᠯᠭ᠎ᠠ ᠶᠢᠨ ᠠᠮᠤᠷ            ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ            ᠠᠵᠢᠯ ᠢ ᠭᠦᠨᠵᠡᠭᠡᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ      ᠣᠶᠢᠷ᠎ᠠ ᠶᠢᠨ ᠬᠤᠭᠤᠴᠠᠭᠠᠨ ᠳᠤ ᠵᠢᠶᠠᠩᠰᠦ ᠶᠢᠨ ᠰᠦᠵᠧᠦ ᠵᠣᠴᠢᠳ ᠤᠨ ᠪᠠᠭᠤᠳᠠᠯ ᠨᠤᠷᠠᠭᠰᠠᠨ ᠵᠡᠷᠭᠡ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠵᠤ᠂ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠪᠤᠳᠠᠳᠠᠢ ᠨᠠᠶᠢᠳᠠᠪᠤᠷᠢᠵᠢᠭᠤᠯᠬᠤ ᠶᠢᠨ ᠲᠦᠯᠦᠭᠡ᠂ ︽︿ᠬᠡᠷ ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠪᠠᠴᠢᠮ ᠮᠡᠳᠡᠭᠳᠡᠯ﹀ ᠢ ᠤᠯᠠᠮᠵᠢᠯᠠᠨ ᠲᠠᠷᠬᠠᠭᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂     ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ︾ ᠵᠠᠷᠴᠢᠮ ᠶᠣᠰᠣᠭᠠᠷ᠂ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃        ᠨᠢᠭᠡ᠂ ᠬᠡᠷ ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠭᠦᠨᠵᠡᠭᠡᠶ ᠳᠠᠷᠠᠭᠠᠯᠠᠨ ᠪᠠᠶᠢᠴᠠᠭᠠᠬᠤ ᠬᠡᠷᠡᠭᠲᠡᠶ      ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠠᠶᠤᠯᠭᠦᠶ ᠦᠢᠯᠡᠳᠪᠦᠷᠢᠯᠡᠯ ᠤᠨ ᠬᠠᠤᠯᠢ︾ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ︾ ︽ᠬᠤᠲᠠ ᠶᠢᠨ ᠠᠶᠤᠯᠲᠠᠶ ᠬᠡᠷ ᠪᠠᠶᠢᠰᠢᠩ ᠤᠨ ᠬᠠᠮᠢᠶᠠᠷᠤᠯᠲᠠ ᠶᠢᠨ ᠲᠣᠭᠲᠠᠭᠠᠯ︾ ︽ᠣᠷᠣᠨ ᠰᠠᠭᠤᠴᠠ ᠶᠢᠨ ᠥᠷᠥᠭᠡᠨ ᠤ ᠳᠣᠲᠣᠷᠠᠬᠢ ᠵᠠᠰᠠᠯ ᠴᠢᠮᠡᠭᠯᠡᠯ ᠤᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠤᠨ ᠲᠥᠰᠦᠯ︾ ︽ᠪᠥᠬᠦ ᠣᠷᠣᠨ ᠤ ᠬᠡᠷ ᠪᠠᠶᠢᠰᠢᠩ ᠤᠨ ᠪᠠᠷᠢᠯᠭ᠎ᠠ ᠶᠢᠨ ᠪᠣᠰᠤᠭ᠎ᠠ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠴᠦᠨ ᠢᠶᠠᠨ ᠦᠳᠲᠡᠷ ᠲᠦᠷᠭᠡᠨ ᠳᠠᠶᠢᠴᠢᠯᠠᠵᠤ ᠬᠠᠷᠢᠶ᠎ᠠ ᠣᠷᠣᠨ ᠳᠤ ᠭᠦᠨᠵᠡᠭᠡᠶᠢᠷᠡᠨ ᠬᠡᠷ ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ᠂ ᠳᠠᠷᠠᠭᠠᠯᠠᠨ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠤ ᠬᠡᠮ ᠰᠣᠭᠤᠭ ᠤᠨ ᠴᠡᠭ ᠢ ᠨᠢᠭᠡᠳ ᠨᠢᠭᠡ ᠪᠠᠷ  ᠵᠢᠭᠰᠠᠭᠠᠨ ᠭᠠᠷᠭᠠᠬᠤ ᠶᠢᠨ ᠬᠠᠮᠲᠤ ᠡᠬᠡ ᠲᠠᠩᠰᠠ ᠶᠢᠨ ᠲᠣᠳᠣᠷᠬᠠᠢ ᠬᠠᠭᠤᠳᠠᠰᠤ ᠶᠢ ᠪᠠᠶᠢᠭᠤᠯᠬᠤ ᠬᠡᠷᠡᠭᠲᠡᠶ᠃      ︵ᠨᠢᠭᠡ︶ ᠬᠤᠲᠠ ᠪᠠᠯᠭᠠᠰᠤ ᠶᠢᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠨ᠎ᠠ᠃ ᠬᠤᠲᠠ ᠪᠠᠯᠭᠠᠰᠤ ᠶᠢᠨ ᠨᠢᠭᠡᠨᠲᠡ ᠪᠠᠶᠢᠭ᠎ᠠ ᠬᠡᠷ ᠪᠠᠶᠢᠰᠢᠩ᠂ ᠢᠯᠠᠩᠭᠤᠶ᠎ᠠ ᠬᠥᠮᠦᠨ ᠬᠠᠷ᠎ᠠ ᠣᠯᠠᠨ ᠴᠣᠭᠯᠠᠷᠠᠬᠤ ᠲᠠᠯᠠᠪᠤᠷ᠂ ᠡᠵᠡᠩᠨᠡᠯᠲᠡ ᠶᠢᠨ ᠴᠢᠨᠠᠷᠲᠠᠶ ᠲᠠᠯᠠᠪᠤᠷ᠂ ᠡᠯ᠎ᠡ ᠲᠥᠷᠥᠯ ᠤᠨ ᠬᠦᠨᠳᠦ ᠨᠣᠴᠢᠲᠠᠢ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠭ᠎ᠠ ᠲᠠᠯᠠᠪᠤᠷ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠪᠥᠬᠦ ᠲᠠᠯ᠎ᠠ ᠪᠠᠷ ᠳᠠᠷᠠᠭᠠᠯᠠᠨ ᠪᠠᠶᠢᠴᠠᠭᠠᠨ᠎ᠠ᠃      ︵ᠬᠤᠶᠠᠷ︶ ᠬᠥᠳᠡᠭᠡ ᠲᠣᠰᠬᠤᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠨ᠎ᠠ᠃ ᠡᠮᠦᠨᠡᠬᠢ ᠬᠤᠭᠤᠴᠠᠭᠠᠨ ᠤ ᠬᠥᠳᠡᠭᠡ ᠲᠣᠰᠬᠤᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠰᠠᠭᠤᠷᠢᠨ ᠳᠡᠭᠡᠷ᠎ᠡ᠂ 2 ᠳ᠋ᠤᠭᠠᠷ ᠳᠠᠪᠬᠤᠷᠭ᠎ᠠ ᠠᠴᠠ ᠳᠡᠭᠡᠭᠰᠢ᠂ ᠡᠵᠡᠩᠨᠡᠯᠲᠡ ᠳᠤ ᠬᠡᠷᠡᠭᠯᠡᠬᠦ᠂ ᠬᠥᠮᠦᠨ ᠬᠠᠷ᠎ᠠ ᠣᠯᠠᠨ ᠴᠣᠭᠯᠠᠷᠠᠬᠤ᠂ ᠳᠤᠷ᠎ᠠ ᠪᠠᠷ ᠢᠶᠠᠨ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠬᠥᠳᠡᠭᠡ ᠲᠣᠰᠬᠤᠨ ᠤ ᠥᠪᠡᠰᠦᠪᠡᠨ ᠪᠠᠷᠢᠭᠰᠠᠨ ᠬᠡᠷ ᠪᠠᠶᠢᠰᠢᠩ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠮ ᠨᠢᠭᠡ ᠠᠯᠬᠤᠮ ᠭᠦᠨᠵᠡᠭᠡᠶ ᠳᠠᠷᠠᠭᠠᠯᠠᠨ ᠪᠠᠶᠢᠴᠠᠭᠠᠵᠤ᠂ ᠰᠤᠭᠤᠴᠢᠨ ᠪᠠᠶᠢᠴᠠᠭᠠᠵᠤ ᠳᠠᠬᠢᠨ ᠬᠢᠨᠠᠨ᠎ᠠ᠃      ︵ᠭᠤᠷᠪᠠ︶ ᠵᠠᠰᠠᠵᠤ ᠴᠢᠮᠡᠭᠯᠡᠵᠦ ᠥᠭᠡᠷᠡᠴᠢᠯᠡᠨ ᠪᠠᠶᠢᠭᠤᠯᠤᠭᠰᠠᠨ ᠪᠠᠷᠢᠯᠭ᠎ᠠ ᠶᠢ ᠳᠠᠷᠠᠭᠠᠯᠠᠨ ᠪᠠᠶᠢᠴᠠᠭᠠᠨ᠎ᠠ᠃ ᠵᠠᠰᠠᠵᠤ ᠴᠢᠮᠡᠭᠯᠡᠵᠦ ᠥᠭᠡᠷᠡᠴᠢᠯᠡᠨ ᠪᠠᠶᠢᠭᠤᠯᠤᠭᠰᠠᠨ ᠪᠠᠷᠢᠯᠭ᠎ᠠ ᠶᠢᠨ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠭᠠᠷᠳᠠᠮ ᠢ ᠭᠦᠢᠴᠡᠳᠬᠡᠭᠰᠡᠨ ᠡᠰᠡᠬᠦ᠂ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢᠨ ᠵᠢᠷᠤᠮᠵᠢᠯ ᠶᠣᠰᠣᠭᠠᠷ ᠵᠢᠷᠤᠭᠯᠠᠨ ᠲᠥᠯᠥᠪᠯᠡᠭᠰᠡᠨ᠂ ᠪᠠᠷᠢᠯᠭ᠎ᠠ ᠪᠠᠷᠢᠭᠰᠠᠨ ᠡᠰᠡᠬᠦ ᠶᠢ ᠪᠥᠬᠦ ᠲᠠᠯ᠎ᠠ ᠪᠠᠷ ᠳᠠᠷᠠᠭᠠᠯᠠᠨ ᠪᠠᠶᠢᠴᠠᠭᠠᠵᠤ᠂ ᠢᠯᠠᠩᠭᠤᠶ᠎ᠠ ᠬᠠᠤᠯᠢ ᠠᠴᠠ ᠵᠥᠷᠢᠴᠡᠨ ᠵᠠᠰᠠᠨ ᠥᠭᠡᠷᠡᠴᠢᠯᠡᠭᠰᠡᠨ᠂ ᠬᠡᠷ ᠪᠠᠶᠢᠰᠢᠩ ᠤᠨ ᠪᠠᠷᠢᠯᠭ᠎ᠠ ᠶᠢᠨ ᠭᠤᠤᠯ ᠴᠣᠭᠴᠠ ᠪᠠ ᠳᠠᠭᠠᠭᠠᠴᠠ ᠶᠢᠨ ᠪᠦᠲᠦᠴᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠵᠡᠷᠭᠡ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠳᠠᠷᠠᠭᠠᠯᠠᠨ ᠪᠠᠶᠢᠴᠠᠭᠠᠨ᠎ᠠ᠃      ︵ᠳᠥᠷᠪᠡ︶ ᠬᠠᠤᠯᠢ ᠠᠴᠠ ᠵᠥᠷᠢᠴᠡᠭᠰᠡᠨ ᠪᠥᠲᠥᠭᠡᠨ ᠪᠠᠶᠢᠭᠤᠯᠤᠯᠲᠠ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠬᠢᠨᠠᠨ ᠵᠥᠪᠰᠢᠶᠡᠷᠡᠯ ᠤᠨ ᠲᠤᠰᠬᠠᠶ ᠵᠦᠢᠯ ᠤᠨ ᠳᠠᠷᠠᠭᠠᠯᠠᠨ ᠪᠠᠶᠢᠴᠠᠭᠠᠯᠲᠠ ᠶᠢ ᠭᠦᠨᠵᠡᠭᠡᠶ      ᠠᠬᠢᠭᠤᠯᠤᠨ᠎ᠠ᠃ ᠪᠠᠷᠢᠯᠭ᠎ᠠ ᠶᠢᠨ ᠲᠥᠷᠥᠯ ᠵᠦᠢᠯ ᠲᠣᠭᠲᠠᠭᠠᠬᠤ᠂ ᠭᠠᠵᠠᠷ ᠬᠡᠷᠡᠭᠯᠡᠬᠦ᠂ ᠲᠥᠯᠥᠪᠵᠢᠭᠦᠯᠬᠦ᠂ ᠪᠠᠷᠢᠯᠭ᠎ᠠ ᠪᠠᠷᠢᠬᠤ᠂ ᠭᠠᠯ ᠰᠡᠷᠭᠡᠶᠢᠯᠡᠬᠦ᠂ ᠣᠨᠴᠠ ᠲᠥᠷᠥᠯ ᠤᠨ ᠠᠵᠢᠯ ᠬᠢᠬᠦ ᠵᠡᠷᠭᠡ ᠪᠥᠲᠥᠭᠡᠨ ᠪᠠᠶᠢᠭᠤᠯᠤᠯᠲᠠ ᠵᠢᠴᠢ ᠡᠵᠡᠩᠨᠡᠯᠲᠡ ᠶᠢᠨ ᠬᠠᠮᠢᠶ᠎ᠠ ᠪᠥᠬᠦᠶ ᠵᠠᠰᠠᠭ ᠵᠠᠬᠢᠷᠭᠠᠨ ᠤ ᠵᠥᠪᠰᠢᠶᠡᠷᠡᠯ ᠤᠨ ᠭᠠᠷᠳᠠᠮ ᠢ ᠭᠦᠢᠴᠡᠳᠬᠡᠭᠰᠡᠨ ᠪᠠᠶᠢᠳᠠᠯ ᠢ ᠨᠢᠭᠡᠳ ᠨᠢᠭᠡ ᠪᠠᠷ ᠳᠠᠷᠠᠭᠠᠯᠠᠨ ᠪᠠᠶᠢᠴᠠᠭᠠᠨ᠎ᠠ᠃ ᠬᠤᠶᠠᠷ᠂ ᠳᠠᠷᠠᠭᠠᠯᠠᠨ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠶ      ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠱᠠᠭᠠᠷᠳᠠᠨ ᠪᠠᠶᠢᠴᠠᠭᠠᠬᠤ ᠪᠠᠨ ᠴᠢᠩᠭᠠᠷᠠᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠪᠥᠬᠦ ᠶᠠᠪᠤᠴᠠ᠂ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠶ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ᠂ ᠴᠤᠭᠭᠠᠷ ᠠᠳᠬᠤᠨ ᠬᠠᠮᠲᠤᠪᠠᠷ ᠬᠠᠮᠢᠶᠠᠷᠬᠤ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠣᠰᠣᠭᠠᠷ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠳᠠᠷᠠᠭᠠᠯᠠᠨ ᠪᠠᠶᠢᠴᠠᠭᠠᠬᠤ ᠠᠵᠢᠯ ᠢ ᠴᠠᠭ ᠲᠤᠬᠠᠶ ᠳᠤᠨᠢ ᠰᠤᠳᠤᠯᠤᠨ ᠪᠠᠶᠢᠷᠢᠯᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠢᠭᠡᠨᠲᠡ ᠪᠠᠶᠢᠭ᠎ᠠ ᠪᠠᠷᠢᠯᠭ᠎ᠠ ᠶᠢᠨ ᠬᠡᠷᠡᠭᠯᠡᠭᠴᠢ ᠪᠤᠶᠤ ᠥᠮᠴᠢᠯᠡᠬᠦ ᠡᠷᠬᠡᠲᠦ ᠬᠥᠮᠦᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃      ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠳᠠᠷᠠᠭᠠᠯᠠᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠶᠤᠯᠲᠠᠶ ᠬᠡᠷ ᠪᠠᠶᠢᠰᠢᠩ ᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠣᠰᠬᠤᠨ ᠪᠠᠯᠭᠠᠰᠤ ᠶᠢᠨ ᠠᠯᠪᠠᠨ ᠬᠡᠷ ᠲᠠᠢ ᠬᠠᠷᠢᠯᠴᠠᠬᠤ ᠶᠢᠨ ᠬᠠᠮᠲᠤ ᠬᠡᠷ ᠪᠠᠶᠢᠰᠢᠩ ᠤᠨ ᠬᠢᠨᠠᠨ ᠲᠣᠭᠲᠠᠭᠠᠯᠲᠠ ᠬᠢᠬᠦ ᠬᠡᠷᠡᠭᠲᠡᠶ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠠᠷᠠᠭᠠᠯᠠᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠶᠤᠯᠲᠠᠶ ᠬᠡᠷ ᠪᠠᠶᠢᠰᠢᠩ ᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠥᠷᠲᠡᠭᠡ᠂ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠠᠯᠪᠠᠨ ᠬᠡᠷ ᠲᠠᠢ ᠬᠠᠷᠢᠯᠴᠠᠬᠤ ᠶᠢᠨ ᠬᠠᠮᠲᠤ ᠬᠡᠷ ᠪᠠᠶᠢᠰᠢᠩ ᠤᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠬᠤ ᠬᠡᠷᠡᠭᠲᠡᠢ᠃ ᠬᠡᠷᠪᠡ ᠭᠡᠷ ᠪᠠᠶᠢᠰᠢᠩ ᠤᠨ ᠠᠶᠤᠯ ᠤᠨ ᠳᠡᠰ ᠢ ᠲᠣᠭᠲᠠᠭᠠᠬᠤ ᠶᠢᠨ ᠠᠷᠭ᠎ᠠ ᠦᠭᠡᠢ ᠪᠠᠶᠢᠪᠠᠯ᠂ ᠬᠢᠷᠢ ᠬᠡᠮ ᠲᠠᠢ ᠭᠤᠷᠪᠠᠳᠠᠬᠢ ᠡᠲᠡᠭᠡᠳ ᠤᠨ ᠰᠢᠯᠭᠠᠨ ᠲᠣᠭᠲᠠᠭᠠᠬᠤ ᠪᠠᠶᠢᠭᠤᠯᠤᠮᠵᠢ ᠶᠢ ᠤᠷᠢᠵᠤ ᠭᠡᠷ ᠪᠠᠶᠢᠰᠢᠩ ᠤᠨ ᠠᠶᠤᠯᠭᠦᠶ ᠶᠢᠨ ᠰᠢᠯᠭᠠᠨ ᠲᠣᠭᠲᠠᠭᠠᠯᠲᠠ ᠬᠢᠯᠭᠡᠵᠦ ᠪᠣᠯᠤᠨ᠎ᠠ᠃ ᠠᠶᠤᠯᠲᠠᠶ ᠭᠡᠷ ᠪᠠᠶᠢᠰᠢᠩ ᠢᠶᠠᠷ ᠬᠢᠨᠠᠨ ᠲᠣᠭᠳᠠᠭᠠᠭᠳᠠᠭᠰᠠᠨ ᠪᠠᠶᠢᠪᠠᠯ᠂ ᠭᠡᠷ ᠪᠠᠶᠢᠰᠢᠩ ᠤᠨ ᠥᠮᠴᠢᠯᠡᠭᠴᠢ ᠨᠢ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠰᠢᠢᠳᠪᠦᠷᠢᠯᠡᠭᠰᠡᠨ ᠰᠠᠨᠠᠭᠤᠯᠭ᠎ᠠ ᠶᠣᠰᠣᠭᠠᠷ ᠴᠠᠭ ᠲᠤᠬᠠᠶ ᠳᠤᠨᠢ ᠪᠠᠬᠢᠯᠡᠵᠦ ᠰᠡᠯᠪᠢᠨ ᠵᠠᠰᠠᠬᠤ ᠪᠤᠶᠤ ᠲᠠᠬᠢᠨ ᠪᠠᠶᠢᠭᠤᠯᠵᠤ᠂ ᠪᠠᠬᠢᠯᠡᠵᠦ ᠰᠡᠯᠪᠢᠨ ᠵᠠᠰᠠᠬᠤ ᠪᠤᠶᠤ ᠲᠠᠬᠢᠨ ᠪᠠᠶᠢᠭᠤᠯᠬᠤ ᠠᠴᠠ ᠡᠮᠦᠨ᠎ᠡ ᠬᠡᠷᠡᠭᠯᠡᠬᠦ ᠪᠠᠨ ᠡᠷᠬᠡᠪᠰᠢ ᠵᠣᠭᠰᠤᠬᠤ ᠬᠡᠷᠡᠭᠲᠡᠶ᠃      ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠵᠢᠯ ᠤᠨ ᠠᠬᠢᠴᠠ ᠶᠢᠨ ᠪᠠᠶᠢᠳᠠᠯ ᠢᠶᠠᠨ 2021 ᠣᠨ ᠤ 7 ᠰᠠᠷ᠎ᠠ ᠶᠢᠨ 30 ᠤ ᠡᠳᠦᠷ ᠠᠴᠠ ᠡᠮᠦᠨ᠎ᠡ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠮᠡᠳᠡᠭᠦᠯᠦᠭᠡᠷᠡᠶ᠃      ᠮᠠᠯᠵᠢᠬᠤ ᠲᠠᠷᠢᠶᠠᠯᠠᠬᠤ ᠣᠷᠣᠨ ᠤ ᠬᠡᠷ ᠪᠠᠶᠢᠰᠢᠩ ᠢ‌‍ᠲ᠋ᠠᠷᠠᠭᠠᠯᠠᠨ ᠪᠠᠶᠢᠴᠠᠭᠠᠬᠤ ᠬᠠᠷᠢᠯᠴᠠᠬᠤ ᠬᠥᠮᠦᠨ᠄ ᠯᠢᠦ ᠶᠦᠨ ᠯᠦᠩ 15049660797      ᠬᠤᠲᠠ ᠪᠠᠯᠭᠠᠰᠤᠨ ᠤ ᠬᠡᠷ ᠪᠠᠶᠢᠰᠢᠩ ᠢ‌‍ᠲ᠋ᠠᠷᠠᠭᠠᠯᠠᠨ ᠪᠠᠶᠢᠴᠠᠭᠠᠬᠤ ᠬᠠᠷᠢᠯᠴᠠᠬᠤ ᠬᠥᠮᠦᠨ᠄ ᠯᠢᠦ ᠶᠦᠩ ᠬᠠᠶ 15344130000      ᠲᠢᠶᠠᠨ ᠴᠤᠤ ᠰᠢᠶᠦ᠋ᠨ 15947555288          ᠳᠠᠭᠠᠯᠳᠤᠭᠤᠯᠤᠯ᠄ ︽ᠬᠡᠷ ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ︾ ᠤᠨ ᠲᠠᠶᠢᠯᠤᠮᠵᠢ
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号