ᠲᠦᠷ ᠴᠠᠭ ᠤᠨ ᠴᠢᠨᠠᠷᠲᠠᠶ ᠪᠠᠷᠢᠯᠭ᠎ᠠ ᠪᠠᠷᠢᠬᠤ᠂ ᠪᠤᠳᠠᠰ ᠤᠨ ᠮᠠᠲ᠋ᠧᠷᠢᠶᠠᠯ ᠣᠪᠣᠭᠠᠯᠠᠬᠤ᠂ ᠵᠠᠮ ᠡᠵᠡᠯᠡᠨ ᠪᠠᠷᠢᠯᠭ᠎ᠠ ᠪᠠᠷᠢᠬᠤ ᠶᠢ ᠬᠢᠨᠠᠨ ᠵᠥᠪᠰᠢᠶᠡᠷᠡᠬᠦ
ᠨᠡᠶᠢᠲᠡᠯᠡᠭᠰᠡᠨ ᠴᠠᠭ᠄
2021/8/25
     ᠬᠦᠯᠢᠶᠡᠨ ᠰᠢᠢᠳᠪᠦᠷᠢᠯᠡᠬᠦ ᠨᠥᠬᠦᠴᠡᠯ      ︵ᠨᠢᠭᠡ︶ ᠵᠥᠪᠰᠢᠶᠡᠷᠡᠬᠦ ᠨᠥᠬᠦᠴᠡᠯ᠄ 1. ᠣᠨᠴᠠᠭᠠᠢ ᠪᠠᠶᠢᠳᠠᠯ ᠠᠴᠠ ᠪᠣᠯᠣᠭᠠᠳ ᠬᠤᠳᠠ ᠶᠢᠨ ᠵᠠᠮ ᠢ ᠦᠨᠡᠨᠬᠦ ᠲᠥᠷ ᠴᠠᠭ ᠡᠵᠡᠯᠡᠨ ᠬᠡᠷᠡᠭᠯᠡᠬᠦ ᠴᠢᠬᠤᠯᠠ ᠲᠠᠢ ᠪᠠᠶᠢᠬᠤ᠃ 2. ᠬᠤᠲᠠ ᠶᠢᠨ ᠦᠵᠡᠮᠵᠢ ᠣᠷᠴᠢᠨ ᠲᠣᠭᠤᠷᠢᠨ ᠪᠠ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠥᠭᠡᠯᠡᠬᠦ ᠥᠬᠡᠶ᠃ ︵ᠬᠤᠶᠠᠷ︶ ᠥᠯᠥ ᠵᠦᠪᠰᠢᠶᠡᠷᠡᠬᠦ ᠪᠠᠶᠢᠳᠠᠯ᠄ 1. ᠭᠤᠶᠤᠴᠢᠯᠠᠭᠰᠠᠨ ᠵᠦᠢᠯ ᠨᠢ ᠬᠠᠤᠯᠢ ᠶᠣᠰᠣᠭᠠᠷ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ 2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠦᠨᠡᠨ ᠪᠣᠳᠠᠲᠠᠢ ᠪᠢᠰᠢ᠃ ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ ᠳᠤ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠪᠠᠶᠢᠬᠤ ᠦᠭᠡᠢ᠃      ᠲᠤᠭᠲᠠᠭᠠᠭᠰᠠᠨ ᠦᠨᠳᠦᠰᠦᠯᠡᠯ        ︽ᠬᠤᠳᠠ ᠶᠢᠨ ᠬᠤᠳᠠ ᠶᠢᠨ ᠦᠵᠡᠮᠵᠢ ᠪᠠ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠦᠷᠢᠮ︾ ︵1992 ᠣᠨ ᠤ 6 ᠰᠠᠷ᠎ᠠ ᠶᠢᠨ 28 ᠤ ᠡᠳᠦᠷ ᠤᠨ ᠲᠦᠷᠤ ᠶᠢᠨ ᠶᠠᠪᠤᠳᠠᠯ ᠤᠨ ᠬᠤᠷᠢᠶᠠᠨ ᠤ ᠵᠠᠷᠯᠢᠭ 101 ᠳ᠋ᠦ᠋ᠭᠡᠷ ᠲᠣᠭᠠᠲᠤ᠂ 2011 ᠣᠨ ᠤ 1 ᠰᠠᠷ᠎ᠠ ᠶᠢᠨ 1 ᠤ ᠡᠳᠦᠷ ᠵᠠᠰᠠᠪᠤᠷᠢ ᠣᠷᠣᠭᠤᠯᠪᠠ︶ ᠤᠨ ᠠᠷᠪᠠᠨ ᠳᠥᠷᠪᠡᠳᠦᠭᠡᠷ ᠵᠦᠢᠯ᠄ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠵᠡᠭᠡᠯᠢ ᠭᠤᠳᠤᠮᠵᠢ ᠶᠢᠨ ᠬᠤᠶᠠᠷ ᠲᠠᠯ᠎ᠠ ᠪᠠ ᠤᠯᠠᠨ ᠨᠡᠶᠢᠲᠡ ᠶᠢᠨ ᠲᠠᠯᠠᠪᠤᠷ ᠲᠤ ᠪᠤᠳᠠᠰ ᠤᠨ ᠮᠠᠲ᠋ᠧᠷᠢᠶᠠᠯ ᠣᠪᠣᠭᠠᠯᠠᠵᠤ᠂ ᠪᠠᠷᠢᠯᠭ᠎ᠠ᠂ ᠪᠠᠷᠢᠯᠭ᠎ᠠ ᠶᠢᠨ ᠵᠦᠢᠯ ᠪᠤᠶᠤ ᠪᠤᠰᠤᠳ ᠲᠥᠬᠦᠭᠡᠷᠦᠮᠵᠢ ᠶᠢ ᠪᠠᠶᠢᠭᠤᠯᠵᠤ ᠪᠣᠯᠬᠤ ᠦᠭᠡᠢ᠃ ᠪᠦᠳᠦᠭᠡᠨ ᠪᠠᠶᠢᠭᠤᠯᠬᠤ ᠵᠡᠷᠭᠡ ᠣᠨᠴᠠᠭᠠᠶ ᠬᠡᠷᠡᠭᠴᠡᠭᠡ ᠠᠴᠠ ᠪᠤᠯᠵᠤ᠂ ᠵᠡᠭᠡᠯᠢ ᠭᠤᠳᠤᠮᠵᠢ ᠶᠢᠨ ᠬᠤᠶᠠᠷ ᠲᠠᠯ᠎ᠠ ᠪᠠ ᠤᠯᠠᠨ ᠨᠡᠶᠢᠲᠡ ᠶᠢᠨ ᠲᠠᠯᠠᠪᠤᠷ ᠲᠤ ᠪᠤᠳᠠᠰ ᠤᠨ ᠪᠣᠰᠤ ᠮᠠᠲ᠋ᠧᠷᠢᠶᠠᠯ ᠢ ᠲᠦᠷ ᠣᠪᠣᠭᠠᠯᠠᠬᠤ᠂ ᠡᠭᠦᠷᠢᠳᠡ ᠶᠢᠨ ᠪᠤᠰᠤ ᠴᠢᠨᠠᠷᠲᠠᠢ ᠪᠠᠷᠢᠯᠭ᠎ᠠ᠂ ᠪᠠᠷᠢᠯᠭ᠎ᠠ ᠶᠢᠨ ᠵᠦᠢᠯ ᠪᠤᠶᠤ ᠪᠤᠰᠤᠳ ᠲᠥᠬᠦᠭᠡᠷᠦᠮᠵᠢ ᠶᠢ ᠪᠠᠶᠢᠭᠤᠯᠬᠤ ᠳᠤ ᠬᠦᠷᠪᠡᠯ᠂ ᠡᠷᠬᠡᠪᠰᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠤᠭᠰᠠᠨ ᠤ ᠲᠠᠷᠠᠭ᠎ᠠ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ  ᠭᠠᠷ  ᠭᠦᠢᠴᠡᠳᠬᠡᠯ  ᠬᠢᠬᠦ  ᠬᠡᠷᠡᠭᠲᠡᠶ᠃      ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ      ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ ᠭᠦᠶ᠋ᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠦᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠬᠤᠶᠢᠲᠤ ᠲᠠᠯ᠎ᠠ ᠶᠢᠨ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠤᠶᠠᠳᠤᠭᠠᠷ ᠳᠠᠪᠬᠤᠷᠯᠢᠭ ᠤᠨ 6 ᠳ᠋ᠤᠭᠠᠷ ᠨᠣᠮᠧᠷᠲᠤ ᠴᠣᠩᠬᠤᠪᠴᠢ      ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶     ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃     ᠨᠠᠷᠢᠨ ᠠᠭᠤᠯᠭ᠎ᠠ ᠶᠢ ᠨᠢ ᠲᠤᠤᠷᠡᠬᠢ ᠰᠦᠯᠵᠢᠶᠡᠨ ᠬᠠᠶ᠋ᠢᠭ ᠢᠶᠠᠷ ᠦᠵᠡᠭᠡᠷᠡᠢ᠄   http://zwfw.nmg.gov.cn/handle_affairs_detail?item_detail_id=bb4497086b03fa83016b0cc9aded70da®ionCode=150421000000&highlight=personal&record=istrue
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号