ᠪᠠᠶ᠋ᠬᠠᠦ᠋ᠨᠳᠦᠷ ᠰᠣᠮᠣ ᠶᠢᠨ ᠨᠠᠮ ᠤᠨ ᠬᠤᠷᠢᠶ᠎ᠠ ᠶᠢᠨ ᠱᠦᠵᠢ ᠴᠢᠯᠠᠭᠤᠨᠪᠠᠭᠠᠨ᠎ᠠ ᠶᠢᠨ ᠲᠤᠰᠬᠠᠢ ᠰᠣᠷᠪᠣᠯᠵᠢᠯᠠᠭ᠎ᠠ
ᠨᠡᠶᠢᠲᠡᠯᠡᠭᠰᠡᠨ ᠴᠠᠭ᠄
2021/8/31
       2021 ᠣᠨ ᠤ 7 ᠰᠠᠷ᠎ᠠ ᠶᠢᠨ ᠰᠡᠭᠦᠯᠴᠢ ᠪᠠᠷ ᠬᠤᠷᠠᠯᠳᠤᠭᠰᠠᠨ ᠳᠣᠮᠳᠠᠳᠣ ᠤᠯᠤᠰ ᠤᠨ ᠡᠪ ᠬᠠᠮᠲᠤ ᠨᠠᠮ ᠤᠨ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ︽ᠠᠷᠪᠠᠨ ᠳᠦᠷᠪᠡᠳᠦᠭᠡᠷ ᠲᠠᠪᠣᠨ ᠵᠢᠯ︾ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠲᠦᠢᠯ ᠤᠨ ᠴᠢᠬᠤᠯᠠ ᠶᠡᠭᠡ ᠬᠤᠷᠠᠯ ᠪᠣᠯᠣᠨ᠎ᠠ᠃        ᠮᠠᠨ ᠤ ᠰᠦᠯᠵᠢᠶ᠎ᠡ ᠨᠢ ᠠᠷᠤ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠪᠡᠯᠡᠳᠬᠡᠭᠰᠡᠨ ︽ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠨᠠᠮ ︵ᠠᠵᠢᠯᠯᠠᠬᠤ︶ ᠤᠨ ᠬᠤᠷᠢᠶ᠎ᠠ ᠶᠢᠨ ᠱᠦᠵᠢ ᠨᠠᠷ ᠯᠤᠭ᠎ᠠ ᠶᠢᠨ ᠶᠠᠷᠢᠯᠴᠠᠯᠭ᠎ᠠ︾ ᠶᠢ ᠲᠠ ᠪᠦᠬᠦᠨ ᠳᠤ ᠳᠠᠮᠵᠢᠭᠤᠯᠤᠨ ᠬᠦᠷᠭᠡᠬᠦ ᠪᠣᠯᠣᠯ᠎ᠠ᠃        ᠪᠠᠶ᠋ᠬᠠᠦ᠋ᠨᠳᠦᠷ ᠰᠣᠮᠣ          ︽ᠪᠣᠬᠢᠷᠳᠣᠯ ᠦᠭᠡᠢ ᠮᠠᠯ ᠠᠵᠤ ᠠᠬᠤᠢ ᠶᠢᠨ ᠰᠠᠭᠤᠷᠢᠨ᠂ ᠪᠠᠶᠢᠭᠠᠯᠢᠯᠢᠭ ᠨᠡᠭᠦᠳᠡᠯ ᠮᠠᠯᠵᠢᠯ ᠤᠨ ᠳᠠᠷᠬᠠᠨ ᠣᠷᠣᠨ᠂ ᠠᠮᠢ ᠠᠬᠤᠢ ᠶᠢᠨ ᠵᠢᠭᠤᠯᠴᠢᠯᠠᠯ ᠤᠨ ᠲᠠᠭᠰᠢᠨ ᠣᠷᠣᠨ︾ ᠢ ᠪᠦᠲᠦᠭᠡᠨ ᠪᠠᠶᠢᠭᠤᠯᠤᠨ᠎ᠠ        ᠪᠠᠶ᠋ᠬᠠᠦ᠋ᠨᠳᠦᠷ ᠰᠣᠮᠣ ᠶᠢᠨ ᠨᠠᠮ ᠤᠨ ᠬᠤᠷᠢᠶ᠎ᠠ ᠶᠢᠨ ᠱᠦᠵᠢ ᠴᠢᠯᠠᠭᠤᠨᠪᠠᠭᠠᠨ᠎ᠠ ᠨᠦᠬᠦᠷ ᠰᠣᠷᠪᠣᠯᠵᠢᠯᠠᠭ᠎ᠠ ᠬᠦᠯᠢᠶᠡᠬᠦ ᠳᠡᠭᠡᠨ᠄ ᠪᠢ ᠪᠠᠶ᠋ᠬᠠᠦ᠋ᠨᠳᠦᠷ ᠰᠣᠮᠣ ᠶᠢᠨ ᠨᠠᠮ ᠤᠨ ᠬᠤᠷᠢᠶ᠎ᠠ ᠶᠢᠨ ᠱᠦᠵᠢ᠂ ᠮᠦᠨᠴᠦ ᠨᠢᠭᠡᠨ ᠨᠠᠮ ᠤᠨ ᠲᠦᠯᠦᠭᠡᠯᠡᠭᠴᠢ ᠪᠣᠯᠣᠭᠰᠠᠨ ᠤ ᠬᠤᠪᠢ ᠳᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯᠳᠠᠯᠭ᠎ᠠ ᠶᠢ ᠳᠣᠪᠣᠶᠢᠯᠭᠠᠨ᠂ ᠣᠨᠴᠠᠯᠢᠭ ᠢᠶᠠᠨ ᠢᠯᠡᠷᠡᠭᠦᠯᠵᠦ᠂ ᠪᠦᠬᠦ ᠰᠣᠮᠣ ᠶᠢᠨ ᠴᠢᠨᠠᠷ ᠰᠠᠶᠢᠲᠠᠢ ᠬᠦᠭᠵᠢᠯᠲᠡ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠲᠡᠭᠡᠪᠡᠯ᠂ ᠪᠤᠳᠠᠲᠠᠢ ᠳᠡᠭᠡᠷ᠎ᠡ ᠶᠠᠭᠠᠬᠢᠵᠦ ᠪᠡᠶᠡᠯᠡᠭᠦᠯᠬᠦ ᠪᠠᠷ ᠪᠠᠶᠢᠭ᠎ᠠ ᠨᠠᠷᠢᠨ ᠤᠴᠢᠷ ᠢ ᠣᠶᠢᠯᠠᠭᠠᠶ᠎ᠠ ᠭᠡᠪᠡᠯ           ︽ᠶᠠᠷᠢᠯᠴᠠᠯᠭ᠎ᠠ︾ ᠶᠢᠨ ᠸᠢᠳᠢᠤ᠋ ᠪᠢᠴᠢᠯᠭᠡ ᠳᠤ ᠠᠩᠬᠠᠷᠣᠯ ᠢᠶᠠᠨ ᠬᠠᠨᠳᠤᠭᠤᠯᠤᠭᠠᠷᠠᠢ᠃        ︽ᠶᠠᠷᠢᠯᠴᠠᠯᠭ᠎ᠠ︾ ᠶᠢᠨ ᠸᠢᠳᠢᠤ᠋ ᠪᠢᠴᠢᠯᠭᠡ ᠶᠢᠨ ᠬᠣᠯᠪᠤᠭᠠᠰᠤ          ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ᠪᠠᠶ᠋ᠬᠠᠦ᠋ᠨᠳᠦᠷ ᠰᠣᠮᠣ ᠶᠢᠨ ᠨᠠᠮ ᠤᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠤᠯᠤᠰ ᠤᠨ ᠣᠨᠴᠠᠯᠢᠭ  ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠣ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠭᠦᠯᠡᠯᠲᠡ᠂ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠦᠪᠦᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ ᠲᠣᠭᠲᠠᠭᠤᠨ ᠤ ᠳᠣᠮᠳᠠ ᠣᠷᠣᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ ᠂ ᠰᠢᠨ᠎ᠡ ᠬᠦᠭᠵᠢᠯᠲᠡ ᠶᠢᠨ ᠱᠠᠲᠣᠨ ᠳᠤ ᠰᠠᠭᠤᠷᠢᠯᠠᠵᠤ᠂ ᠰᠢᠨ᠎ᠡ ᠬᠦᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠰᠢᠨ᠎ᠡ ᠬᠦᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠦᠷ᠎ᠡ ᠪᠦᠲᠦᠭᠡᠯ ᠢ ᠡᠷᠡᠰ ᠭᠤᠶᠢᠪᠢᠰᠢ ᠦᠭᠡᠢ ᠪᠠᠬᠢᠵᠢᠭᠦᠯᠦᠨ᠂ ᠠᠮᠢ ᠠᠬᠤᠢ ᠶᠢ ᠲᠡᠷᠢᠭᠦᠨ ᠳᠤ ᠪᠣᠳᠣᠯᠬᠢᠯᠠᠬᠤ᠂ ᠪᠣᠬᠢᠷᠳᠣᠯ ᠦᠭᠡᠢ ᠬᠦᠭᠵᠢᠯᠲᠡ ᠪᠠᠷ ᠣᠳᠣᠷᠢᠳᠣᠮᠵᠢ ᠪᠣᠯᠭᠠᠭᠰᠠᠨ ︽ᠪᠣᠬᠢᠷᠳᠣᠯ ᠦᠭᠡᠢ ᠮᠠᠯ ᠠᠵᠣ ᠠᠬᠤᠢ ᠶᠢᠨ ᠰᠠᠭᠤᠷᠢᠨ᠂ ᠪᠠᠶᠢᠭᠠᠯᠢᠯᠢᠭ ᠨᠡᠭᠦᠳᠡᠯ ᠮᠠᠯᠵᠢᠯ ᠤᠨ ᠳᠠᠷᠬᠠᠨ ᠣᠷᠣᠨ᠂ ᠠᠮᠢ ᠠᠬᠤᠢ ᠶᠢᠨ ᠵᠢᠭᠤᠯᠴᠢᠯᠠᠯ ᠤᠨ ᠲᠠᠭᠰᠢᠨ ᠣᠷᠣᠨ︾ ᠢ ᠪᠦᠲᠦᠭᠡᠨ ᠪᠠᠶᠢᠭᠤᠯᠬᠤ ᠪᠠᠶᠢᠯᠳᠣᠬᠤ ᠪᠣᠳᠣᠯᠭ᠎ᠠ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠳᠣᠣᠷᠠᠬᠢ ᠲᠠᠪᠤᠨ ᠲᠠᠯ᠎ᠠ ᠶᠢᠨ ᠠᠵᠢᠯ ᠢ ᠬᠦᠴᠦᠯᠡᠨ ᠰᠠᠶᠢᠲᠤᠷ ᠠᠳᠬᠤᠬᠤ ᠪᠠᠷ ᠪᠣᠢ᠃        ︵ᠨᠢᠭᠡ︶ ᠦᠵᠡᠯ ᠰᠠᠨᠠᠭ᠎ᠠ ᠤᠯᠤᠰ ᠲᠥᠷᠦ ᠶᠢᠨ ᠲᠠᠨᠢᠯᠲᠠ ᠵᠣᠭᠰᠣᠯᠲᠠ ᠪᠠᠨ ᠤᠯᠠᠮ ᠨᠢᠭᠡ ᠠᠯᠬᠤᠮ ᠪᠠᠲᠤᠳᠬᠠᠵᠤ᠂ ᠨᠠᠮ ᠤᠨ ᠣᠳᠣᠷᠢᠳᠣᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠤᠯᠤᠰ ᠲᠥᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠷᠢᠮᠲᠠᠯᠠᠨ᠎ᠠ᠃ ᠦᠵᠡᠯ ᠰᠠᠨᠠᠭ᠎ᠠ ᠤᠯᠤᠰ ᠲᠥᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠲᠡᠦᠬᠡ ᠶᠢᠨ ᠰᠣᠷᠣᠯᠴᠠᠯᠭ᠎ᠠ ᠬᠦᠮᠦᠵᠢᠯ ᠢ ᠡᠷᠴᠢᠮᠲᠡᠢ ᠦᠷᠨᠢᠭᠦᠯᠵᠦ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠬᠦ︾ ᠦᠢᠯᠡᠳᠦᠯᠭᠡ ᠶᠢᠨ ᠠᠵᠢᠯᠯᠠᠭᠠᠨ ᠢ ᠣᠷᠣᠭᠰᠢᠲᠠᠢ ᠶᠠᠪᠤᠭᠳᠠᠭᠤᠯᠵᠤ᠂ ᠦᠷᠭᠦᠯᠵᠢᠳᠡ ᠪᠠᠷᠢᠮᠲᠠᠯᠠᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠂ ᠪᠠᠭᠤᠷᠠᠢ ᠰᠣᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠦᠴᠦᠯᠡᠨ ᠴᠡᠭᠴᠡᠯᠡᠵᠦ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠵᠤ᠂ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠬᠦᠮᠦᠵᠢᠯ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠤᠯᠤᠰ ᠲᠥᠷᠦ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃        ︵ᠬᠤᠶᠠᠷ︶ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠤᠨ ᠬᠦᠭᠵᠢᠯᠲᠡ ᠶᠢᠨ ᠲᠠᠯ᠎ᠠ ᠪᠠᠷ ᠰᠢᠨ᠎ᠡ ᠠᠬᠢᠴᠠ ᠲᠠᠢ ᠪᠣᠯᠭᠠᠬᠤ ᠪᠠᠷ ᠴᠢᠷᠮᠠᠶᠢᠨ᠎ᠠ᠃ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠶᠡᠬᠡᠪᠡᠷ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠮᠠᠯ ᠠᠵᠤ ᠠᠬᠤᠢ ᠶᠢᠨ ᠡᠭᠦᠯᠳᠡᠷ ᠰᠠᠶᠢᠵᠢᠷᠠᠭᠤᠯᠤᠯᠲᠠ ᠶᠢ ᠬᠦᠴᠦᠯᠡᠨ ᠴᠢᠩᠭᠠᠷᠠᠭᠤᠯᠵᠤ᠂ ᠭᠠᠵᠠᠷ ᠣᠷᠣᠨ ᠤ ᠨᠡᠷᠡᠲᠦ ᠲᠡᠮᠳᠡᠭ ᠢ ᠡᠭᠦᠳᠬᠦ ᠶᠢ ᠦᠨᠡᠨ ᠬᠦ ᠰᠠᠶᠢᠲᠤᠷ ᠠᠳᠬᠤᠨ᠎ᠠ᠃        ︵ᠭᠤᠷᠪᠠ︶ ᠬᠦᠳᠡᠭᠡ ᠲᠤᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠠᠬᠢᠴᠠ  ᠲᠠᠢ ᠪᠣᠯᠬᠤ ᠪᠠᠷ ᠴᠢᠷᠮᠠᠶᠢᠨ᠎ᠠ᠃ ᠬᠦᠳᠡᠭᠡ ᠲᠤᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠣᠳᠣ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢ ᠬᠦᠴᠦᠯᠡᠨ ᠳᠡᠭᠡᠭᠰᠢᠯᠡᠭᠦᠯᠦᠨ᠎ᠡ᠃        ︵ᠳᠥᠷᠪᠡ︶ ᠠᠷᠠᠳ ᠤᠨ ᠠᠮᠢᠳᠣᠷᠠᠯ ᠤᠨ ᠪᠠᠲᠤᠯᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠥᠭᠡᠷᠡᠴᠢᠯᠡᠯᠲᠡ ᠬᠦᠭᠵᠢᠯᠲᠡ ᠶᠢᠨ ᠲᠠᠯ᠎ᠠ ᠪᠠᠷ ᠰᠢᠨ᠎ᠡ ᠠᠬᠢᠴᠠ ᠲᠠᠥ ᠪᠣᠯᠬᠤ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠵᠦ᠂ ᠠᠷᠠᠳ ᠤᠨ ᠦᠨᠳᠦᠰᠦᠨ ᠠᠮᠢᠳᠣᠷᠠᠯ ᠤᠨ ᠨᠠᠭᠠᠳᠣ ᠵᠠᠬ᠎ᠠ ᠶᠢᠨ ᠪᠠᠷᠢᠮᠵᠢᠶ᠎ᠡ ᠶᠢ ᠦᠨᠡᠨ ᠬᠦ ᠪᠠᠲᠤᠯᠠᠨ᠎ᠠ᠃ ᠡᠯ᠎ᠡ ᠵᠦᠢᠯ ᠤᠨ ᠨᠡᠶᠢᠭᠡᠮ ᠤᠨ ᠦᠢᠯᠡᠰ ᠢ ᠪᠦᠬᠦ ᠬᠦᠴᠦᠨ ᠢᠶᠠᠷ ᠢᠶᠠᠨ ᠬᠦᠭᠵᠢᠭᠦᠯᠦᠨ᠎ᠡ᠃        ︵ᠲᠠᠪᠤ︶ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠶᠢ ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠠᠮᠣᠷ ᠲᠥᠪᠰᠢᠨ ᠤ ᠲᠦᠷᠦᠭᠳᠡᠯ ᠤᠨ ᠲᠠᠯ᠎ᠠ ᠪᠠᠷ ᠲᠠᠰᠣᠷᠠᠯᠲᠠ ᠦᠭᠡᠢ ᠰᠢᠨ᠎ᠡ ᠠᠬᠢᠴᠠ ᠲᠠᠢ ᠪᠣᠯᠭᠠᠨ᠎ᠠ᠃ ᠲᠥᠪ ᠭᠤᠣᠯᠴᠢ ᠰᠢᠳᠣᠷᠭᠤ ᠶᠤᠰᠤ ᠶᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠰᠣᠶᠣᠯ ᠤᠨ ᠦᠢᠯᠡᠰ ᠢ ᠴᠡᠴᠡᠭᠯᠡᠭᠦᠯᠦᠨ ᠬᠦᠭᠵᠢᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠷᠭᠦᠯᠵᠢᠯᠡᠨ ᠬᠠᠮᠠᠭᠠᠯᠠᠵᠤ᠂ ᠳᠣᠮᠳᠠᠳᠣ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠦᠨᠳᠦᠰᠦᠲᠡᠨ ᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠮᠦᠵᠢᠯ ᠢ ᠴᠢᠩᠭᠠᠳᠬᠠᠨ᠎ᠠ᠃        ᠰᠢᠨ᠎ᠡ ᠡᠬᠢᠯᠡᠯᠲᠡ ᠶᠢᠨ ᠴᠡᠭ ᠰᠢᠨ᠎ᠡ ᠬᠦᠰᠡᠯ ᠡᠷᠡᠮᠡᠯᠵᠡᠯ ᠢ ᠡᠪᠦᠷᠯᠡᠨ᠂ ᠰᠢᠨ᠎ᠡ ᠠᠶᠠᠨ ᠵᠠᠮ ᠰᠢᠨ᠎ᠡ ᠬᠦᠰᠡᠯ ᠲᠡᠮᠡᠦᠯᠦᠯ ᠢ ᠠᠴᠢᠶᠠᠯᠠᠨ᠎ᠠ᠃ ᠪᠠᠶ᠋ᠬᠠᠦ᠋ᠨᠳᠦᠷ ᠰᠣᠮᠣ ᠨᠢ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠣᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠨᠡᠩ ᠡᠷᠡᠰ ᠪᠠᠲᠤ ᠢᠲᠡᠭᠡᠯ ᠵᠣᠷᠢᠭ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠪᠤᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠵᠣᠷᠢᠭᠲᠠᠢ ᠪᠠᠷ ᠣᠷᠣᠭᠰᠢᠯᠠᠨ ᠳᠠᠪᠰᠢᠵᠤ᠂ ᠵᠡᠮ ᠨᠡᠭᠡᠭᠡᠨ ᠰᠢᠨ᠎ᠡ ᠶᠢ ᠡᠭᠦᠳᠴᠦ᠂ ᠠᠵᠤ ᠠᠬᠤᠢ ᠬᠦᠭᠵᠢᠭᠰᠡᠨ᠂ ᠨᠡᠶᠢᠭᠡᠮ ᠡᠶ᠎ᠡ ᠵᠣᠬᠢᠴᠠᠩᠭᠤᠢ᠂ ᠠᠷᠠᠳ ᠲᠦᠮᠡᠨ ᠵᠣᠯ ᠵᠢᠷᠭᠠᠯ ᠲᠠᠢ ᠰᠢᠨ᠎ᠡ ᠪᠠᠶ᠋ᠬᠠᠦ᠋ᠨᠳᠦᠷ ᠢ ᠪᠦᠲᠦᠭᠡᠨ ᠪᠠᠶᠢᠭᠤᠯᠬᠤ ᠪᠠᠷ ᠴᠢᠷᠮᠠᠶᠢᠨ ᠲᠡᠮᠡᠴᠡᠵᠦ᠂ ᠦᠷᠭᠡᠨ ᠣᠯᠠᠨ ᠮᠠᠯᠴᠢᠨ ᠲᠦᠮᠡᠨ ᠳᠡᠭᠡᠨ ᠬᠠᠨᠤᠮᠵᠢᠲᠠᠢ ᠬᠠᠷᠢᠭᠤᠯᠲᠠ ᠪᠠᠷᠢᠬᠤ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号