2022 ᠣᠨ ᠤ 1 ᠰᠠᠷ᠎ᠠ ᠶᠢᠨ 23 ᠤ ᠡᠳᠦᠷ᠂ ᠮᠠᠨ ᠤ ᠲᠥᠪ ᠭᠤᠤ ᠪᠸᠢ ᠳ᠋ᠢᠶᠠᠨ ᠬᠤᠲᠠ ᠶᠢᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠣᠳᠣᠷᠢᠳᠬᠤ | ᠳᠤᠭᠤᠶᠢᠠᠯᠩ ᠤᠨ ᠠᠯᠪᠠᠨ ᠭᠡᠷ ᠠᠴᠠ ᠶᠠᠪᠤᠭᠤᠯᠤᠭᠰᠠᠨ ᠬᠠᠮᠵᠢᠯᠴᠠᠨ ᠪᠠᠶᠢᠴᠠᠭᠠᠬᠤ ᠵᠠᠬᠢᠳᠠᠯ ᠢ ᠲᠤᠰᠴᠤ᠂ | ᠵᠠᠬᠢᠳᠠᠯ ᠳᠤ ᠠᠷᠣ ᠬᠤᠷᠴᠢᠨ ᠬᠤᠰᠢᠭᠤᠨ ᠳᠤ ᠨᠢᠭᠡᠨ ᠲᠣᠳᠤᠯᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ | ᠣᠶᠢᠷᠠᠳᠤᠭᠴᠢ ᠪᠣᠢ ᠭᠡᠵᠦ ᠳᠤᠷᠠᠳᠴᠠᠢ᠃ ᠲᠤᠰ ᠨᠢᠭᠲᠠ ᠣᠶᠢᠷᠠᠲᠤᠭᠴᠢ ᠨᠢᠭᠡᠨᠲᠡ ᠬᠤᠶᠠᠷ ᠤᠳᠠᠭ᠎ᠠ ᠶᠢᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠲᠠᠷᠢᠯᠭ᠎ᠠ ᠪᠠᠨ ᠲᠠᠷᠢᠭᠰᠠᠨ ᠪᠠᠶᠢᠨ᠎ᠠ᠂ 1 ᠰᠠᠷ᠎ᠠ ᠶᠢᠨ 23 ᠤ | ᠡᠳᠦᠷ ᠤᠨ ᠬᠤᠶᠠᠷ ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠴᠦᠮ ᠪᠢᠯᠢᠭ | ᠴᠢᠨᠠᠷᠲᠠᠢ ᠪᠠᠶᠢᠵᠤ᠂ ᠣᠳᠣᠬᠠᠨ ᠳᠤ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠡᠪ ᠤᠨ ᠪᠣᠰᠤ ᠪᠠᠶᠢᠳᠠᠯ ᠦᠭᠡᠢ᠂ | ᠶᠠᠭ ᠲᠦᠪᠯᠡᠷᠡᠭᠦᠯᠦᠨ ᠲᠤᠰᠠᠭᠠᠷᠯᠠᠬᠤ ᠴᠡᠭ ᠲᠤ ᠲᠤᠰᠠᠭᠠᠷᠯᠠᠵᠤ ᠡᠮᠴᠢᠯᠡᠭᠡᠨ ᠤ ᠠᠵᠢᠭᠯᠠᠯᠲᠠ ᠬᠢᠵᠦ ᠪᠠᠶᠢᠨ᠎ᠠ᠃ | ᠣᠳᠣ ᠲᠡᠭᠦᠨ ᠤ ᠠᠶᠠᠯᠠᠯ ᠤᠨ ᠵᠠᠮ ᠮᠦᠷ ᠢ ᠨᠡᠶᠢᠲᠡᠯᠡᠶ᠎ᠡ᠄ | 1 ᠰᠠᠷ᠎ᠠ ᠶᠢᠨ 22 ᠤᠨ ᠡᠳᠦᠷ᠂ 7᠄ 30~8᠄ 30 ᠲᠤ ᠵᠡᠭᠦᠨ ᠵᠠᠬ᠎ᠠ ᠳᠡᠯᠭᠡᠭᠦᠷ ᠤᠨ ᠡᠭᠡᠴᠢ ᠦᠬᠢᠨ | ᠳᠡᠭᠦᠦ ᠭᠤᠯᠢᠷ ᠢᠳᠡᠭᠡᠨ ᠤ ᠬᠤᠭᠤᠯᠠᠨ ᠭᠡᠷ ᠲᠤ ᠦᠷᠯᠦᠭᠡ ᠶᠢᠨ ᠬᠤᠭᠤᠯᠠ ᠢᠳᠡᠪᠡ ︵ᠸᠢᠴᠠᠲ ᠢᠶᠠᠷ ᠲᠤᠭᠠᠴᠠᠭ᠎ᠠ | ᠬᠢᠭᠰᠡᠨ ᠴᠠᠭ ᠨᠢ 8 ᠴᠠᠭ 21 ᠮᠢᠨᠦ᠋ᠲ︶᠃ | 1 ᠰᠠᠷ᠎ᠠ ᠶᠢᠨ 22 ᠤᠨ ᠡᠳᠦᠷ᠂ 16᠄ 30~ 17᠄ 00 ᠤᠨ ᠬᠤᠭᠤᠷᠤᠨᠳᠤ ᠴᠢᠪᠠᠭ᠎ᠠ ᠪᠠᠯᠭᠠᠰᠤᠨ ᠤ | ᠬᠠᠭᠤᠴᠢᠨ ᠬᠤᠲᠠ ᠲᠣᠭᠤᠷᠢᠭ ᠤᠨ ᠶᠠᠠ ᠽᠢ ᠬᠤᠣᠰ ᠤᠶᠠᠩᠭ᠎ᠠ ᠪᠦᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ ᠳᠡᠯᠭᠡᠭᠦᠷ ︵ᠳᠡᠯᠭᠡᠭᠦᠷ ᠤᠨ ᠪᠠᠶᠢᠭ᠎ᠠ ᠭᠠᠵᠠᠷ᠄ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠵᠡᠭᠦᠨ | ᠡᠮᠦᠨ᠎ᠡ᠂ ᠵᠠᠮ ᠤᠨ ᠡᠰᠡᠷᠭᠦ ᠲᠠᠯ᠎ᠠ ᠳᠤ︶ ᠠᠴᠠ ᠴᠠᠭᠠᠨ ᠰᠠᠷ᠎ᠠ ᠶᠢᠨ ᠬᠤᠣᠰ ᠤᠶᠠᠩᠭ᠎ᠠ ︵ᠸᠢᠴᠠᠲ ᠢᠶᠠᠷ | ᠲᠣᠭᠠᠴᠠᠭ᠎ᠠ ᠬᠢᠭᠰᠡᠨ ᠴᠠᠭ 16᠄ 55 ᠮᠢᠨᠦ᠋ᠲ︶ ᠬᠤᠳᠠᠯᠳᠣᠨ ᠠᠪᠤᠪᠠ᠃ | ᠳᠡᠭᠡᠷ᠎ᠡ ᠳᠤᠷᠠᠳᠤᠭᠰᠠᠨ ᠴᠠᠭ ᠬᠤᠭᠤᠴᠠᠭᠠᠨ ᠳᠤ ᠨᠢᠭᠲᠠ ᠣᠶᠢᠷᠠᠲᠤᠭᠴᠢ ᠲᠠᠢ ᠠᠳᠠᠯᠢ ᠠᠵᠢᠯᠯᠠᠭᠠᠨ ᠤ ᠵᠠᠮ | ᠮᠦᠷ ᠲᠠᠢ ᠬᠦᠮᠦᠰ ᠳᠠᠷᠤᠢ ᠲᠦᠷᠭᠡᠨ ᠰᠠᠨᠠᠭᠠᠴᠢᠯᠠᠭ᠎ᠠ ᠠᠴᠠ ᠪᠠᠨ ᠨᠡᠶᠢᠭᠡᠮ ᠲᠤᠭᠤᠷᠢᠭ᠂ ᠪᠠᠶᠢᠭᠤᠯᠭ᠎ᠠ ᠨᠢᠭᠡᠴᠢ᠂ | ᠵᠣᠴᠢᠳ ᠤᠨ ᠪᠠᠭᠤᠳᠠᠯ ᠵᠡᠷᠭᠡ ᠳᠤ ᠮᠡᠳᠡᠭᠦᠯᠵᠦ᠂ ᠲᠦᠪᠯᠡᠷᠡᠭᠦᠯᠦᠨ ᠲᠤᠰᠠᠭᠠᠷᠯᠠᠬᠤ᠂ ᠭᠡᠷ ᠲᠡᠭᠡᠨ ᠲᠤᠰᠠᠭᠠᠷᠯᠠᠬᠤ᠂ | ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ᠂ ᠪᠦᠭᠡᠮ ᠬᠦᠴᠢᠯ ᠤᠨ ᠪᠠᠶᠢᠴᠠᠭᠠᠯᠲᠠ ᠬᠢᠬᠦ ᠵᠡᠷᠭᠡ ᠡᠯ᠎ᠡ ᠵᠦᠢᠯ ᠤᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ ᠬᠡᠷᠪᠡ ᠨᠢᠭᠤᠭᠰᠠᠨ ᠪᠣᠶᠣ | ᠬᠤᠳᠠᠯ ᠢᠶᠠᠷ ᠮᠡᠳᠡᠭᠦᠯᠵᠦ᠂ ᠬᠢᠵᠢᠭ ᠤᠨ ᠪᠠᠶᠢᠳᠠᠯ ᠳᠡᠯᠭᠡᠷᠡᠭᠰᠡᠨ ᠦᠷ᠎ᠡ ᠳ᠋ᠦᠩ ᠭᠠᠷᠭᠠᠭᠰᠠᠨ ᠪᠠᠶᠢᠪᠠᠯ᠂ ᠬᠠᠤᠯᠢ | ᠶᠤᠰᠤᠭᠠᠷ ᠬᠠᠮᠢᠶ᠎ᠠ ᠪᠦᠬᠦᠢ ᠬᠦᠮᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠠᠷᠣ ᠬᠤᠷᠴᠢᠨ ᠬᠤᠰᠢᠭᠤᠨ ᠤ ᠡᠪᠡᠳᠴᠢᠨ ᠲᠠᠬᠤᠯ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠦᠷᠭᠡᠨ | ᠣᠯᠠᠨ ᠰᠠᠭᠤᠭᠠᠯᠢ ᠠᠷᠠᠳ ᠲᠤ ᠰᠠᠨᠠᠭᠤᠯᠬᠤ ᠨᠢ᠂ ᠠᠶᠤᠵᠤ ᠰᠠᠨᠳᠤᠷᠬᠤ ᠦᠭᠡᠢ᠂ ᠴᠤᠤᠷᠬᠠᠯ ᠢ ᠢᠲᠡᠭᠡᠬᠦ ᠦᠭᠡᠢ᠂ | ᠴᠣᠣᠷᠬᠠᠯ ᠲᠠᠷᠬᠠᠭᠠᠬᠤ ᠦᠭᠡᠢ ᠪᠠᠶᠢᠵᠤ᠂ ᠰᠠᠨᠠᠭᠠᠴᠢᠯᠠᠭ᠎ᠠ ᠠᠴᠠ ᠪᠠᠨ ᠬᠤᠪᠢ ᠬᠦᠮᠦᠨ ᠤ ᠬᠠᠮᠠᠭᠠᠯᠠᠯᠲᠠ ᠶᠢ ᠰᠠᠶᠢᠲᠤᠷ | ᠬᠢᠵᠦ᠂ ᠠᠮᠤᠷ ᠲᠥᠪᠰᠢᠨ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠬᠡᠷᠡᠭᠲᠡᠢ᠃ ᠪᠥᠭᠡᠮᠨᠡᠷᠡᠯᠳᠦᠬᠦ ᠦᠭᠡᠢ᠂ | ᠴᠦᠭᠡᠨ ᠴᠣᠭᠯᠠᠷᠠᠵᠤ᠂ ᠡᠷᠡᠭᠦᠯ ᠴᠢᠬᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠡᠷᠬᠢᠮᠯᠡᠬᠦ ᠬᠡᠷᠡᠭᠲᠡᠢ᠃ ᠸᠠᠺᠽᠢᠨ ᠤ | ᠲᠠᠷᠢᠯᠭ᠎ᠠ ᠬᠢᠭᠡᠳᠦᠢ ᠪᠣᠯ ᠰᠠᠨᠠᠭᠠᠴᠢᠯᠠᠭ᠎ᠠ ᠠᠴᠠ ᠪᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠽᠢᠨ ᠤ | ᠲᠠᠷᠢᠯᠭ᠎ᠠ ᠬᠢᠬᠦ ᠬᠡᠷᠡᠭᠲᠡᠢ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ | ᠳᠠᠷᠤᠶᠢᠬᠠᠨ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠶᠢᠨ ᠬᠠᠮᠲᠤ 14 | ᠡᠳᠦᠷ ᠤᠨ ᠠᠵᠢᠯᠯᠠᠭᠠᠨ ᠤ ᠵᠠᠮ ᠮᠦᠷ ᠵᠢᠴᠢ ᠣᠶᠢᠷᠠᠲᠤᠭᠰᠠᠨ ᠥᠩᠭᠡᠷᠡᠯᠲᠡ ᠪᠠᠨ ᠰᠠᠨᠠᠭᠠᠴᠢᠯᠠᠭ᠎ᠠ ᠠᠴᠠ ᠪᠠᠨ | ᠮᠡᠳᠡᠭᠳᠡᠬᠦ ᠬᠡᠷᠡᠭᠲᠡᠢ᠃ ᠡᠮᠨᠡᠭᠦᠯᠬᠦ ᠪᠦᠬᠦ ᠶᠠᠪᠤᠴᠠ ᠳᠤ ᠠᠮᠠᠪᠴᠢ ᠵᠡᠭᠦᠵᠦ᠂ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠃ | | | ᠠᠷᠤ ᠬᠤᠷᠴᠢᠨ ᠬᠤᠰᠢᠭᠤᠨ ᠤ ᠡᠪᠡᠳᠴᠢᠨ ᠲᠠᠬᠤᠯ ᠢ ᠰᠡᠷᠭᠡᠶᠢᠯᠡᠨ ᠬᠢᠵᠠᠭᠠᠷᠯᠠᠬᠤ ᠲᠥᠪ | 2022 ᠣᠨ ᠤ 1 ᠰᠠᠷ᠎ᠠ ᠶᠢᠨ 23 ᠤ ᠡᠳᠦᠷ | | |