ᠠᠷᠤ ᠬᠤᠷᠴᠢᠨ ᠬᠤᠰᠢᠭᠤᠨ ᠤ ᠬᠡᠰᠡᠭ ᠭᠠᠵᠠᠷ ᠤᠷᠤᠨ ᠤ ᠬᠢᠵᠢᠭ ᠤᠨ ᠲᠦᠭᠰᠢᠭᠦᠷᠢ ᠶᠢᠨ ᠳᠡᠰ ᠲᠤ ᠲᠤᠬᠢᠷᠠᠭᠤᠯᠤᠯᠳᠠ ᠬᠢᠭᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2022/11/3
                        ﹇2022﹈ 156 ᠳ᠋ᠤᠭᠠᠷ ᠲᠤᠭᠠᠳᠤ        ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾ ᠤᠨ ᠲᠣᠭᠲᠠᠭᠠᠯ ᠪᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠶᠡᠷᠦᠩᠬᠡᠶᠢᠯᠡᠭᠰᠡᠨ ᠦᠨᠡᠯᠡᠨ ᠵᠢᠱᠢᠯᠳᠡ ᠶᠤᠰᠤᠭᠠᠷ᠂ ᠠᠷᠤ ᠬᠤᠷᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠲᠤᠤᠷᠠᠬᠢ 4 ᠳᠤᠮᠳᠠ ᠲᠦᠭᠰᠢᠭᠦᠷᠢᠲᠦ ᠣᠷᠣᠨ ᠢ ᠲᠤᠤᠷ᠎ᠠ ᠲᠥᠭᠰᠢᠭᠦᠷᠢᠳᠦ ᠣᠷᠣᠨ ᠪᠤᠯᠭᠠᠬᠤ ᠪᠠᠷ ᠰᠤᠳᠤᠯᠤᠨ ᠲᠤᠬᠳᠠᠭᠠᠪᠠ᠄        1. ᠪᠠᠷᠠᠭᠤᠨᠰᠢ ᠪᠠᠨ ᠵᠢᠶ ᠲᠦᠩ ᠵᠠᠮ ᠤᠨ ᠬᠤᠶᠢᠲᠤ ᠬᠡᠰᠡᠭ ᠭᠥᠷᠳᠡᠯ᠎ᠡ᠂ ᠬᠤᠶᠢᠰᠢ ᠪᠠᠨ ᠰᠢᠨ ᠨᠥᠡᠭ ᠼᠦᠨ ᠪᠠᠶᠢᠰᠢᠩᠲᠤ ᠲᠣᠭᠤᠷᠢᠭ ᠭᠥᠷᠳᠡᠯ᠎ᠡ᠂ ᠵᠡᠭᠦᠨᠰᠢ ᠪᠠᠨ ᠤᠤᠯ ᠤᠨ 303 ᠤᠯᠤᠰ ᠤᠨ ᠵᠠᠮ ᠭᠥᠷᠳᠡᠯ᠎ᠡ᠂ ᠡᠮᠦᠨᠡᠰᠢ ᠪᠠᠨ ᠬᠠᠨ ᠯᠢᠨ ᠪᠠᠷᠠᠭᠤᠨ ᠵᠡᠭᠡᠯᠢ ᠭᠥᠷᠳᠡᠯᠡᠬᠢ ᠭᠡᠰᠡᠭ ᠢᠶᠠᠷ ᠬᠦᠷᠢᠶᠡᠯᠡᠭᠳᠡᠭᠰᠡᠨ ᠣᠷᠣᠨ︔        2. ᠰᠢᠨ ᠾᠧ ᠶᠤᠸᠠᠨ ᠰᠠᠭᠤᠭᠠᠯᠢ ᠲᠣᠭᠤᠷᠢᠭ ᠤᠨ 4 ᠨᠤᠮᠧᠷᠳᠤ ᠠᠰᠠᠷ︔        3. ᠱᠧᠩ ᠱᠢ ᠵᠢᠶᠠ ᠶᠤᠸᠠᠨ ᠰᠠᠭᠤᠭᠠᠯᠢ ᠲᠣᠭᠤᠷᠢᠭ ᠤᠨ 8 ᠨᠤᠮᠧᠷᠳᠤ ᠠᠰᠠᠷ ᠤᠨ 6 ᠨᠤᠮᠧᠷᠳᠤ ᠨᠢᠭᠡᠴᠡ︔        4. ᠹᠦ᠋ ᠼᠠᠩ ᠶᠤᠸᠠᠨ ᠰᠠᠭᠤᠭᠠᠯᠢ ᠲᠣᠭᠤᠷᠢᠭ ︵ᠡᠷᠭᠢᠨ ᠲᠣᠭᠤᠷᠢᠨ ᠤ ᠬᠢᠨᠢ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ ᠪᠠᠭᠲᠠᠨ᠎ᠠ︶᠃        ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ᠃                      ᠠᠷᠤ ᠬᠤᠷᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ                      ᠬᠠᠯᠳᠠᠪᠤᠷᠢᠯᠠᠬᠰᠠᠨ ᠠᠭᠤᠰᠬᠢᠨ ᠤ ᠦᠷᠪᠢᠰᠦᠯ ᠤᠨ  ᠬᠢᠵᠢᠭ ᠤᠨ  ᠪᠠᠶᠢᠳᠠᠯ ᠢ                      ᠠᠷᠭᠠᠴᠠᠭᠠᠬᠤ      ᠠᠵᠢᠯ       ᠤᠨ      ᠵᠢᠯᠣᠭᠤᠳᠬᠤ      ᠭᠠᠵᠠᠷ                               2022 ᠣᠨ ᠤ 11 ᠰᠠᠷ᠎ᠠ ᠶᠢᠨ 2 ᠤᠨ ᠡᠳᠦᠷ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号