ᠠᠷᠤ ᠬᠤᠷᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2022/11/3
       11 ᠰᠠᠷ᠎ᠠ ᠶᠢᠨ 2 ᠤᠨ ᠡᠳᠦᠷ᠂ ᠠᠷᠤ ᠬᠤᠷᠴᠢᠨ ᠬᠤᠰᠢᠭᠤᠨ ᠲᠤᠳᠤᠷᠠᠬᠢ ᠳᠤᠮᠳᠠ ᠪᠠ ᠥᠨᠳᠥᠷ ᠲᠥᠭᠰᠢᠭᠦᠷᠢᠳᠦ ᠣᠷᠣᠨ ᠳᠤ ᠪᠠᠶᠢᠭ᠎ᠠ ᠬᠥᠮᠦᠰ᠂ ᠲᠥᠪᠯᠡᠷᠡᠭᠦᠯᠦᠨ ᠲᠤᠰᠠᠭᠠᠷᠯᠠᠬᠳᠠᠵᠦ ᠪᠠᠶᠢᠭ᠎ᠠ ᠬᠥᠮᠦᠰ᠂ ᠬᠡᠷ ᠲᠡᠭᠡᠨ ᠲᠤᠰᠠᠭᠠᠷᠯᠠᠬᠳᠠᠵᠦ ᠪᠠᠶᠢᠭ᠎ᠠ ᠬᠥᠮᠦᠰ᠂ ᠬᠡᠷ ᠲᠡᠭᠡᠨ ᠰᠠᠭᠤᠵᠦ ᠡᠷᠡᠭᠦᠯ ᠮᠡᠨᠳᠤ ᠶᠢᠨ ᠬᠢᠨᠠᠨ ᠬᠡᠮᠵᠢᠯᠳᠡ ᠬᠢᠯᠭᠡᠵᠦ ᠪᠠᠶᠢᠭ᠎ᠠ ᠬᠥᠮᠦᠰ᠂ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠴᠠᠭᠠᠬᠤ ᠶᠣᠰᠣᠲᠠᠶ ᠪᠥᠭᠦ ᠬᠥᠮᠦᠰ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠨᠡᠶᠢᠲᠡ 10687 ᠬᠥᠮᠦᠨ ᠠᠴᠠ ᠥᠯᠢᠭᠡᠷ ᠡᠳ᠋ ᠠᠪᠴᠤ᠂ ᠪᠠᠶᠢᠴᠠᠭᠠᠯᠳᠠ ᠶᠢᠨ ᠳ᠋ᠦᠩ ᠨᠢ ᠴᠥᠮ ᠪᠢᠯᠢᠭ ᠴᠢᠨᠠᠷ ᠲᠠᠢ ᠪᠠᠶᠢᠪᠠ᠃        ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ᠂ ᠬᠡᠮ ᠰᠣᠭᠤᠭ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠬᠤ ᠶᠢᠨ ᠲᠥᠯᠥᠭᠡ᠂ ᠪᠥᠬᠦ ᠬᠤᠰᠢᠭᠤᠨ ᠳᠤ ᠦᠷᠭᠦᠯᠵᠢᠯᠡᠨ ᠲᠤᠬᠳᠠᠩᠭᠤᠢ ᠬᠠᠮᠢᠶᠠᠷᠤᠯᠲᠠ ᠶᠢᠨ ᠠᠷᠭ᠎ᠠ ᠭᠡᠮᠵᠢᠶ᠎ᠡ ᠶᠢ ᠬᠡᠷᠡᠭᠵᠢᠭᠦᠯᠵᠦ᠂ 11 ᠰᠠᠷ᠎ᠠ ᠶᠢᠨ 3 ᠤ ᠡᠳᠦᠷ ᠤᠨ 5 ᠴᠠᠭ ᠠᠴᠠ ᠡᠬᠢᠯᠡᠨ ᠪᠥᠬᠦ ᠤᠷᠤᠨ ᠬᠡᠴᠡ  ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠤᠬᠠᠮᠰᠠᠷ ᠠᠴᠠ ᠪᠠᠨ ᠵᠢᠷᠤᠮᠯᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠰᠠᠨᠠᠭᠠᠴᠢᠯᠠᠭ᠎ᠠ ᠠᠴᠠ ᠪᠠᠨ ᠤᠷᠤᠯᠴᠠᠨ ᠬᠠᠮᠵᠢᠯᠴᠠᠵᠦ᠂ ᠠᠯᠪᠠᠨ  ᠤ ᠲᠠᠯ᠎ᠠ ᠶᠢᠨ ᠡᠷᠬᠡ ᠰᠦᠷᠲᠦ ᠮᠡᠳᠡᠭᠡ ᠵᠠᠩᠭᠢ ᠶᠢ ᠴᠠᠭ ᠲᠤᠬᠠᠶ ᠳᠤᠨᠢ ᠠᠩᠬᠠᠷᠴᠤ᠂ ᠴᠤᠤᠷᠬᠠᠯ ᠲᠠᠯᠪᠢᠬᠤ ᠥᠬᠡᠶ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ ᠪᠠᠶᠢᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ  ᠲᠠᠢ ᠲᠡᠮᠡᠴᠡᠭᠦ ᠠᠵᠢᠯ ᠤᠨ ᠦᠷ᠎ᠡ ᠪᠦᠲᠦᠭᠡᠯ ᠢᠶᠠᠨ ᠬᠠᠮᠲᠤ ᠪᠠᠷ ᠰᠠᠬᠢᠨ ᠬᠠᠮᠠᠭᠠᠯᠠᠶ᠎ᠠ᠃                     ᠠᠷᠤ ᠬᠤᠷᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ                       ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ  ᠬᠢᠵᠢᠭ ᠤᠨ  ᠪᠠᠶᠢᠳᠠᠯ ᠢ                     ᠠᠷᠭᠠᠴᠠᠭᠠᠬᠤ      ᠠᠵᠢᠯ       ᠤᠨ      ᠵᠢᠯᠣᠭᠤᠳᠬᠤ      ᠭᠠᠵᠠᠷ                                2022 ᠣᠨ ᠤ 11 ᠰᠠᠷ᠎ᠠ ᠶᠢᠨ 2 ᠤᠨ ᠡᠳᠦᠷ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号