ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ | ᠡᠵᠡᠮᠳᠡᠬᠦ ᠲᠣᠭᠲᠠᠴᠠ ᠠᠴᠠ 11 ᠳ᠋ᠦ᠋ᠭᠡᠷ | ᠰᠠᠷ᠎ᠠ ᠶᠢᠨ 29 ᠤ ᠡᠳᠦᠷ ᠤᠨ ᠦᠳᠡ ᠶᠢᠨ | ᠬᠤᠶᠢᠨ᠎ᠠ ᠰᠣᠨᠢᠨ ᠮᠡᠳᠡᠭᠡ ᠨᠡᠶᠢᠲᠡᠯᠡᠬᠦ | ᠬᠤᠷᠠᠯ ᠬᠤᠷᠠᠯᠳᠤᠭᠤᠯᠵᠤ᠂ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ | ᠪᠣᠳᠠᠲᠠᠢ ᠨᠠᠶᠢᠳᠠᠪᠤᠷᠢᠵᠢᠭᠤᠯᠵᠤ᠂ | ᠬᠢᠵᠢᠭ ᠤᠨ ᠪᠠᠶᠢᠳᠠᠯ ᠢ ᠰᠢᠢᠳᠪᠦᠷᠢᠯᠡᠬᠦ | ᠠᠵᠢᠯ ᠢ ᠪᠦᠲᠦᠮᠵᠢᠲᠡᠶ ᠰᠠᠶᠢᠲᠤᠷ ᠠᠳᠬᠤᠵᠤ | ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠪᠠ᠂ ᠬᠠᠮᠲᠤ ᠪᠠᠷ | ᠠᠩᠬᠠᠷᠴᠠᠭᠠᠶ᠎ᠠ︕ | ᠤᠷᠲᠤ ᠬᠤᠭᠤᠴᠠᠭ᠎ᠠ ᠪᠠᠷ ᠪᠢᠲᠡᠭᠦᠮᠵᠢᠯᠡᠨ | ᠡᠵᠡᠮᠳᠡᠬᠦ ᠪᠠᠶᠢᠳᠠᠯ ᠢ ᠡᠷᠬᠡᠪᠰᠢ | ᠵᠠᠯᠠᠷᠠᠭᠤᠯᠬᠤ ᠪᠠ ᠵᠠᠶᠢᠯᠠᠰᠬᠢᠬᠦ ᠬᠡᠷᠡᠭᠲᠡᠢ | ᠤᠷᠳᠤ ᠬᠤᠭᠤᠴᠠᠭ᠎ᠠ ᠪᠠᠷ ᠪᠢᠲᠡᠭᠦᠮᠵᠢᠯᠡᠨ | ᠡᠵᠡᠮᠳᠡᠬᠦ ᠨᠢ ᠠᠷᠠᠳ ᠤᠯᠠᠨ ᠤ ᠬᠡᠪ ᠤᠨ | ᠦᠢᠯᠡᠳᠪᠦᠷᠢᠯᠡᠯ ᠠᠮᠢᠳᠤᠷᠠᠯ ᠤᠨ ᠡᠮᠬᠢ | ᠵᠢᠷᠤᠮ ᠢ ᠲᠤᠶᠢᠯ ᠤᠨ ᠶᠡᠭᠡ ᠪᠠᠷ | ᠨᠥᠯᠥᠭᠡᠯᠡᠬᠦ ᠪᠠᠷ ᠪᠠᠷᠠᠬᠤ ᠦᠭᠡᠢ ᠠᠮᠠᠷᠬᠠᠨ | ᠪᠤᠬᠢᠨᠢᠳᠤᠬᠤ ᠰᠡᠳᠬᠢᠯᠭᠡ ᠶᠢ ᠡᠭᠦᠰᠬᠡᠵᠦ᠂ | ᠠᠮᠢᠳᠤᠷᠠᠯ ᠤᠨ ᠬᠦᠴᠢᠷᠳᠡᠯ ᠢ ᠪᠤᠢ | ᠪᠣᠯᠭᠠᠳᠠᠭ᠃ ᠡᠶᠢᠮᠦᠷᠬᠦᠦ ᠪᠠᠶᠢᠳᠠᠯ ᠢ | ᠡᠷᠬᠡᠪᠰᠢ ᠵᠠᠯᠠᠷᠠᠭᠤᠯᠬᠤ ᠪᠠ ᠵᠠᠶᠢᠯᠠᠰᠬᠢᠬᠦ | ᠬᠡᠷᠡᠭᠲᠡᠢ᠃ ᠡᠶᠢᠮᠦ ᠠᠴᠠ᠂ ᠡᠯ᠎ᠡ | ᠭᠠᠵᠠᠷ ᠤᠨ ᠬᠢᠨ ᠥᠨᠳᠥᠷ ᠳᠣᠣᠷ᠎ᠠ ᠳᠡᠰ ᠤᠨ | ᠲᠦᠭᠰᠢᠭᠦᠷᠢᠲᠦ ᠣᠷᠣᠨ ᠢ ᠬᠤᠪᠢᠶᠠᠷᠢᠯᠠᠬᠤ | ᠪᠠᠷᠢᠮᠵᠢᠶ᠎ᠠ ᠶᠢᠨ ᠪᠣᠯᠪᠠᠰᠤᠷᠠᠯ ᠢ ᠤᠯᠠᠮ | ᠨᠢᠭᠡ ᠠᠯᠬᠤᠮ ᠴᠢᠩᠭᠠᠳᠬᠠᠵᠤ᠂ ᠲᠦᠭᠰᠢᠭᠦᠷᠢᠲᠦ | ᠣᠷᠣᠨ ᠢ ᠬᠤᠪᠢᠶᠠᠷᠢᠯᠠᠨ ᠲᠣᠭᠲᠠᠭᠠᠬᠤ ᠪᠠ | ᠬᠠᠮᠢᠶᠠᠷᠬᠤ ᠶᠢ ᠵᠣᠬᠢᠶᠠᠨ ᠪᠠᠶᠢᠭᠤᠯᠤᠨ | ᠰᠠᠶᠢᠲᠤᠷ ᠬᠢᠵᠦ᠂ ᠵᠠᠷᠴᠢᠮ ᠳᠡᠭᠡᠷ᠎ᠡ ᠪᠠᠨ | ᠥᠨᠳᠥᠷ ᠳᠡᠰ ᠤᠨ ᠲᠦᠭᠰᠢᠭᠦᠷᠢᠲᠦ ᠣᠷᠣᠨ ᠢ | ᠡᠩ ᠤᠨ ᠪᠠᠶᠢᠳᠠᠯ ᠳᠤ ᠣᠷᠣᠴᠠ᠂ ᠠᠰᠠᠷ ᠢᠶᠠᠷ | ᠨᠢᠭᠡᠴᠢ ᠪᠣᠯᠭᠠᠨ ᠬᠤᠪᠢᠶᠠᠷᠢᠯᠠᠨ ᠲᠣᠭᠲᠠᠭᠠᠬᠤ | ᠬᠡᠷᠡᠭᠲᠡᠢ᠂ ᠳᠤᠷ᠎ᠠ ᠪᠠᠷ ᠢᠶᠠᠨ ᠥᠷᠭᠡᠳᠬᠡᠵᠦ | ᠪᠣᠯᠬᠤ ᠦᠭᠡᠢ᠃ ᠬᠢᠵᠢᠭ ᠤᠨ ᠪᠠᠶᠢᠳᠠᠯ ᠤᠨ | ᠬᠠᠯᠳᠠᠪᠤᠷᠢᠯᠠᠬᠤ ᠲᠦᠭᠰᠢᠭᠦᠷᠢ ᠨᠢ | ᠲᠣᠳᠣᠷᠬᠠᠢ ᠦᠭᠡᠢ ᠪᠤᠶᠤ ᠨᠡᠶᠢᠭᠡᠮ | ᠲᠣᠭᠤᠷᠢᠭ ᠲᠤ ᠥᠷᠭᠡᠨ ᠢᠶᠠᠷ | ᠬᠠᠯᠳᠠᠪᠤᠷᠢᠯᠠᠬᠤ ᠲᠦᠭᠰᠢᠭᠦᠷᠢ ᠣᠷᠣᠰᠢᠵᠤ | ᠪᠠᠶᠢᠭ᠎ᠠ ᠪᠠᠶᠢᠳᠠᠯ ᠳᠣᠣᠷ᠎ᠠ᠂ ᠥᠨᠳᠥᠷ ᠳᠡᠰ ᠤᠨ | ᠲᠦᠭᠰᠢᠭᠦᠷᠢᠲᠦ ᠣᠷᠣᠨ ᠤ ᠬᠤᠪᠢᠶᠠᠷᠢᠯᠠᠨ | ᠲᠣᠭᠲᠠᠭᠠᠬᠤ ᠬᠡᠪᠴᠢᠶ᠎ᠡ ᠶᠢ ᠵᠣᠬᠢᠬᠤ | ᠬᠡᠮᠵᠢᠶ᠎ᠡ ᠪᠠᠷ ᠥᠷᠭᠡᠳᠬᠡᠵᠦ ᠪᠣᠯᠣᠨ᠎ᠠ᠂ | ᠭᠡᠬᠦ ᠳᠤ ᠪᠠᠨ ᠴᠠᠭ ᠲᠤᠬᠠᠢ ᠳᠤ ᠨᠢ ᠪᠥᠭᠡᠮ | ᠬᠦᠴᠢᠯ ᠤᠨ ᠰᠢᠭᠰᠢᠨ ᠪᠠᠶᠢᠴᠠᠭᠠᠯᠲᠠ ᠪᠠ | ᠬᠢᠵᠢᠭ ᠤᠨ ᠪᠠᠶᠢᠳᠠᠯ ᠢ ᠰᠤᠳᠤᠯᠤᠨ | ᠮᠠᠭᠠᠳᠯᠠᠬᠤ ᠪᠠᠷ ᠳᠠᠮᠵᠢᠭᠤᠯᠤᠨ᠂ ᠲᠦᠷᠭᠡᠨ | ᠪᠢᠲᠡᠭᠦᠮᠵᠢᠯᠡᠵᠦ ᠲᠦᠷᠭᠡᠨ ᠲᠠᠶᠢᠯᠬᠤ | ᠬᠡᠷᠡᠭᠲᠡᠢ᠃ ᠲᠦᠭᠰᠢᠭᠦᠷᠢᠲᠦ ᠬᠥᠮᠥᠰ ᠢ | ᠮᠠᠭᠠᠳᠯᠠᠨ ᠲᠣᠭᠲᠠᠭᠠᠬᠤ ᠳᠤ ᠪᠠᠨ | ᠲᠤᠬᠠᠢ ᠶᠢᠨ ᠲᠠᠯᠠᠪᠤᠷ ᠤᠨ ᠬᠠᠯᠳᠠᠪᠤᠷᠢᠲᠦ | ᠡᠪᠡᠳᠴᠢᠨ ᠤ ᠪᠠᠶᠢᠴᠠᠭᠠᠯᠲᠠ ᠪᠠᠷ | ᠦᠨᠳᠦᠰᠦᠯᠡᠯ ᠪᠣᠯᠭᠠᠬᠤ ᠬᠡᠷᠡᠭᠲᠡᠢ᠂ ᠴᠠᠭ | ᠬᠤᠭᠤᠴᠠᠭ᠎ᠠ ᠪᠠ ᠣᠷᠣᠨ ᠵᠠᠢ ᠶᠢᠨ | ᠳᠠᠭᠠᠯᠲᠠ ᠪᠠᠷ ᠳᠠᠮᠵᠢᠭᠤᠯᠤᠨ | ᠬᠡᠪᠴᠢᠶ᠎ᠡ ᠶᠢ ᠨᠢ ᠥᠷᠭᠡᠳᠬᠡᠵᠦ᠂ ᠶᠡᠭᠡ | ᠬᠡᠪᠴᠢᠶ᠎ᠡ ᠪᠠᠷ ︽ᠠᠳᠡᠭᠦᠷᠡᠨ | ᠪᠢᠲᠡᠭᠦᠮᠵᠢᠯᠡᠵᠦ︾ ᠪᠣᠯᠬᠤ ᠦᠭᠡᠢ᠃ ᠬᠢᠵᠢᠭ ᠤᠨ | ᠪᠠᠶᠢᠳᠠᠯ ᠠᠴᠠ ᠪᠣᠯᠵᠤ ᠣᠯᠠᠨ ᠲᠦᠮᠡᠨ ᠳᠤ | ᠶᠠᠷᠰᠢᠭ ᠲᠦᠪᠡᠭ ᠤᠴᠠᠷᠠᠭᠤᠯᠬᠤ ᠶᠢ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠬᠤ | ᠬᠡᠷᠡᠭᠲᠡᠢ᠃ ᠥᠨᠳᠥᠷ ᠳᠡᠰ ᠤᠨ ᠲᠦᠭᠰᠢᠭᠦᠷᠢᠲᠦ | ᠣᠷᠣᠨ ᠢ ᠴᠢᠩᠭ᠎ᠠ ᠬᠠᠮᠢᠶᠠᠷᠤᠨ ᠡᠵᠡᠮᠳᠡᠵᠦ᠂ | ︽ᠭᠡᠷ ᠠᠴᠠ ᠪᠠᠨ ᠭᠠᠷᠬᠤ ᠦᠭᠡᠢ︾ ᠪᠠᠶᠢᠬᠤ ᠶᠢ | ᠪᠡᠶᠡᠯᠡᠭᠦᠯᠬᠦ ᠪᠠᠷ ᠪᠠᠷᠠᠬᠤ ᠦᠭᠡᠢ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ | ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠣᠯᠠᠨ ᠲᠦᠮᠡᠨ ᠤ ᠦᠨᠳᠦᠰᠦᠨ ᠠᠮᠢᠳᠤᠷᠠᠯ ᠪᠠ | ᠡᠪᠡᠳᠴᠢᠨ ᠦᠵᠡᠭᠦᠯᠵᠦ ᠡᠮ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ | ᠬᠡᠷᠡᠭᠲᠡᠢ᠃ ᠡᠭᠦᠨ ᠤ ᠵᠡᠷᠭᠡ ᠳᠤ᠂ | ᠪᠢᠲᠡᠭᠦᠮᠵᠢᠯᠡᠨ ᠡᠵᠡᠮᠳᠡᠬᠦ ᠪᠠ | ᠲᠤᠰᠠᠭᠠᠷᠯᠠᠬᠤ ᠬᠥᠮᠥᠰ ᠢ ᠬᠥᠲᠥᠯᠥᠨ | ᠵᠢᠯᠤᠭᠤᠳᠬᠤ ᠠᠵᠢᠯ ᠢ ᠰᠠᠶᠢᠲᠤᠷ ᠬᠢᠵᠦ᠂ | ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ | ᠵᠢᠷᠮᠦᠰᠦᠨ ᠵᠡᠷᠭᠡ ᠣᠨᠴᠠᠭᠠᠶ ᠬᠥᠮᠥᠰ ᠢ | ᠬᠠᠯᠠᠮᠵᠢᠯᠠᠨ ᠬᠠᠪᠰᠤᠷᠬᠤ ᠡᠷᠴᠢᠮ ᠢᠶᠠᠨ | ᠴᠢᠩᠭᠠᠷᠠᠭᠤᠯᠵᠤ᠂ ᠠᠷᠠᠳ ᠣᠯᠠᠨ ᠤ ᠪᠣᠳᠠᠲᠠᠢ | ᠬᠦᠴᠢᠷᠳᠡᠯ ᠢ ᠰᠠᠶᠢᠲᠤᠷ ᠰᠢᠢᠳᠪᠦᠷᠢᠯᠡᠬᠦ | ᠬᠡᠷᠡᠭᠲᠡᠢ᠃ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ | ᠡᠯ᠎ᠡ ᠲᠥᠷᠥᠯ ᠤᠨ ᠦᠶᠯᠡ ᠠᠵᠢᠯᠯᠠᠭ᠎ᠠ ᠶᠢ | ᠵᠠᠷᠯᠠᠨ ᠨᠡᠶᠢᠲᠡᠯᠡᠬᠦ᠂ ᠢᠯᠡ ᠪᠠᠷ | ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ | ᠬᠡᠷᠡᠭᠲᠡᠢ | ᠣᠳᠣᠬᠠᠨ ᠳᠤ ᠪᠥᠬᠦ ᠤᠯᠤᠰ ᠤᠨ ᠬᠢᠵᠢᠭ ᠤᠨ | ᠪᠠᠶᠢᠳᠠᠯ ᠶᠡᠷᠦᠩᠬᠡᠢ ᠳᠤ ᠪᠠᠨ ᠨᠡᠯᠢᠶᠡᠳ | ᠲᠦᠷᠭᠡᠨ ᠥᠷᠪᠢᠰᠬᠦ ᠬᠠᠨᠳᠤᠰᠢ ᠲᠠᠢ ᠪᠣᠯᠵᠤ᠂ | ᠬᠢᠵᠢᠭ ᠤᠨ ᠪᠠᠶᠢᠳᠠᠯ ᠤᠨ ᠬᠠᠮᠤᠷᠬᠤ | ᠬᠡᠪᠴᠢᠶ᠎ᠡ ᠥᠷᠭᠡᠳᠴᠦ᠂ ᠬᠡᠰᠡᠭ ᠭᠠᠵᠠᠷ | ᠣᠷᠣᠨ ᠳᠤ ᠬᠢᠵᠢᠭ ᠤᠨ ᠪᠠᠶᠢᠳᠠᠯ ᠤᠨ | ᠬᠡᠪᠴᠢᠶᠡᠵᠢᠯ ᠤᠨ ᠴᠢᠨᠠᠷᠲᠠᠢ ᠳᠠᠬᠢᠨ | ᠨᠡᠮᠡᠭᠳᠡᠬᠦ ᠠᠶᠤᠯ ᠲᠦᠭᠰᠢᠭᠦᠷᠢ ᠢᠯᠡᠷᠡᠵᠦ᠂ | ᠵᠠᠷᠢᠮ ᠭᠠᠵᠠᠷ ᠣᠷᠣᠨ ᠳᠤ ᠭᠤᠷᠪᠠᠨ ᠵᠢᠯ ᠤᠨ | ᠲᠤᠷᠰᠢᠬᠢ ᠬᠠᠮᠤᠭ ᠤᠨ ᠪᠤᠳᠤᠯᠢᠶᠠᠨᠲᠠᠢ᠂ | ᠬᠠᠮᠤᠭ ᠤᠨ ᠬᠦᠨᠳᠦ ᠨᠣᠴᠢᠲᠠᠢ ᠪᠠᠶᠢᠳᠠᠯ ᠳᠤ | ᠲᠤᠯᠭᠠᠷᠠᠵᠤ ᠪᠠᠶᠢᠨ᠎ᠠ᠃ | ᠤᠯᠤᠰ ᠤᠨ ︽ᠶᠢᠰᠦ ᠶᠢ ᠥᠯᠥ ᠵᠥᠪᠰᠢᠶᠡᠷᠡᠬᠦ︾ | ᠦᠭᠡ ᠦᠯᠡᠳᠡᠭᠡᠬᠦ ᠰᠠᠮᠪᠠᠷ᠎ᠠ ᠪᠠ ᠶᠠᠷᠢᠶ᠎ᠠ | ᠬᠡᠯᠡᠯᠴᠡᠭᠡᠨ ᠤ ᠪᠠᠶᠢᠳᠠᠯ ᠢᠶᠠᠷ ᠳᠡᠮᠵᠢᠨ | ᠣᠶᠢᠯᠠᠭᠠᠭᠰᠠᠨ ᠢᠶᠠᠷ᠂ ᠣᠳᠣᠬᠠᠨ ᠳᠤ ᠣᠯᠠᠨ | ᠲᠦᠮᠡᠨ ᠤ ᠲᠤᠰᠬᠠᠭᠰᠠᠨ ᠭᠤᠣᠯ ᠠᠰᠠᠭᠤᠳᠠᠯ ᠳᠤ | ᠡᠨᠡ ᠬᠡᠳᠦᠨ ᠲᠠᠯ᠎ᠠ ᠪᠠᠭᠲᠠᠨ᠎ᠠ᠄ ᠨᠢᠭᠡ ᠳᠤ᠂ | ᠵᠠᠷᠢᠮ ᠭᠠᠵᠠᠷ ᠣᠷᠣᠨ ᠤ ᠠᠪᠤᠭᠰᠠᠨ | ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠨᠢ ᠣᠨᠣᠪᠴᠢᠲᠠᠶ ᠪᠢᠰᠢ ᠪᠠᠶᠢᠵᠤ᠂ | ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠳᠤ ᠨᠡᠯᠢᠶᠡᠳ ᠶᠡᠭᠡ ᠨᠥᠯᠥᠭᠡ | ᠦᠵᠡᠭᠦᠯᠵᠦ ᠪᠠᠶᠢᠬᠤ ᠮᠥᠷᠲᠡᠭᠡᠨ ᠤᠯᠤᠰ ᠤᠨ | ᠲᠥᠷᠥ ᠶᠢᠨ ᠪᠣᠳᠣᠯᠭ᠎ᠠ ᠲᠠᠢ ᠨᠡᠶᠢᠴᠡᠬᠦ ᠦᠭᠡᠢ | ᠪᠠᠶᠢᠨ᠎ᠠ︔ ᠬᠤᠶᠠᠷ ᠲᠤ᠂ ᠣᠨᠴᠠ ᠵᠠᠷᠢᠮ | ᠦᠨᠳᠦᠰᠦᠨ ᠱᠠᠲᠤᠨ ᠤ ᠠᠵᠢᠯᠲᠠᠨ ᠤ ᠠᠵᠢᠯᠯᠠᠬᠤ | ᠠᠷᠭ᠎ᠠ ᠨᠢ ᠲᠠᠩ ᠴᠤᠯᠭᠤᠢ᠂ ᠣᠪᠣᠷ ᠨᠢ ᠮᠠᠭᠤ᠂ | ᠬᠦᠯᠢᠴᠡᠩᠭᠦᠢ ᠪᠤᠰᠤ᠂ ᠤᠯᠠᠨ ᠲᠦᠮᠡᠨ ᠲᠠᠢ | ᠨᠡᠪᠲᠡᠷᠡᠯᠴᠡᠬᠦ ᠨᠢ ᠰᠢᠯᠤᠭᠤᠨ ᠪᠢᠰᠢ᠂ | ᠵᠥᠷᠢᠴᠡᠯ ᠢ ᠠᠮᠠᠷᠬᠠᠨ ᠬᠤᠷᠴᠠᠳᠬᠠᠵᠤ | ᠪᠠᠶᠢᠨ᠎ᠠ︔ ᠭᠤᠷᠪᠠ ᠳᠤ᠂ ᠴᠥᠭᠡᠨ ᠲᠣᠭᠠᠨ ᠤ | ᠭᠠᠵᠠᠷ ᠣᠷᠣᠨ ᠤ ᠬᠢᠵᠢᠭ ᠲᠤ ᠬᠤᠯᠪᠣᠭᠳᠠᠭᠰᠠᠨ | ᠮᠡᠳᠡᠭᠡ ᠵᠠᠩᠭᠢ ᠶᠢ ᠴᠠᠭ ᠲᠤᠬᠠᠢ ᠳᠤ ᠨᠢ | ᠪᠦᠷᠢᠨ ᠭᠦᠢᠴᠡᠳ ᠨᠡᠶᠢᠲᠡᠯᠡᠭᠰᠡᠨ ᠦᠭᠡᠢ ᠠᠴᠠ | ᠪᠣᠯᠵᠤ ᠤᠯᠠᠨ ᠲᠦᠮᠡᠨ ᠳᠤ ᠠᠮᠠᠷᠬᠠᠨ ᠡ᠊ᠨᠳᠡᠭᠦᠦ | ᠣᠶᠢᠯᠠᠭᠠᠯᠲᠠ ᠥᠭᠴᠦ ᠪᠠᠶᠢᠨ᠎ᠠ᠃ | ᠱᠠᠲᠤ ᠱᠠᠲᠤ ᠪᠠᠷ ᠱᠠᠭᠠᠷᠳᠠᠯᠭ᠎ᠠ | ᠨᠡᠮᠡᠬᠦ ᠶᠢ ᠴᠡᠭᠴᠡᠯᠡᠨ ᠵᠠᠰᠠᠵᠤ᠂ ᠣᠷᠣᠨ | ᠨᠤᠲᠤᠭ ᠤᠨ ᠨᠠᠮ ᠤᠨ ᠬᠤᠷᠢᠶ᠎ᠠ ᠪᠣᠯᠣᠨ | ᠵᠠᠰᠠᠭ ᠤᠨ ᠣᠷᠳᠣᠨ ᠡᠷᠬᠡᠪᠰᠢ ᠬᠠᠷᠢᠶ᠎ᠠ | ᠣᠷᠣᠨ ᠤ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠵᠤ᠂ ᠤᠯᠤᠰ ᠤᠨ | ᠰᠡᠷᠭᠡᠶᠢᠯᠡᠨ ᠡᠵᠡᠮᠳᠡᠬᠦ ᠨᠢᠭᠡᠳᠦᠯᠲᠡᠢ | ᠲᠥᠷᠥ ᠶᠢᠨ ᠪᠣᠳᠣᠯᠭ᠎ᠠ ᠶᠢ ᠴᠢᠩᠭ᠎ᠠ | ᠬᠡᠷᠡᠭᠵᠢᠭᠦᠯᠵᠦ᠂ ᠳᠤᠷ᠎ᠠ ᠪᠠᠷ | ᠰᠤᠷᠭᠠᠭᠤᠯᠢ ᠶᠢ ᠪᠢᠲᠡᠭᠦᠮᠵᠢᠯᠡᠨ | ᠬᠢᠴᠢᠶᠡᠯ ᠢ ᠵᠣᠭᠰᠤᠭᠠᠬᠤ᠂ ᠠᠵᠢᠯ ᠢ | ᠵᠣᠭᠰᠣᠭᠠᠵᠤ ᠦᠢᠯᠡᠳᠪᠦᠷᠢᠯᠡᠯ ᠢ | ᠵᠣᠭᠰᠤᠭᠠᠬᠤ᠂ ᠪᠠᠰᠠ ᠵᠥᠪᠰᠢᠶᠡᠷᠡᠯ ᠦᠭᠡᠢ ᠪᠠᠷ | ᠵᠠᠮ ᠬᠠᠷᠢᠯᠴᠠᠭ᠎ᠠ ᠶᠢ ᠲᠠᠰᠤᠯᠬᠤ᠂ | ᠳᠤᠷ᠎ᠠ ᠪᠠᠷ ︽ᠲᠣᠭᠲᠠᠩᠭᠤᠢ︾ ᠬᠠᠮᠢᠶᠠᠷᠤᠯᠲᠠ | ᠶᠠᠪᠤᠭᠤᠯᠬᠤ᠂ ᠳᠤᠷ᠎ᠠ ᠪᠠᠷ ᠪᠢᠲᠡᠭᠦᠮᠵᠢᠯᠡᠨ | ᠡᠵᠡᠮᠳᠡᠬᠦ᠂ ᠣᠷᠳᠣ ᠬᠤᠭᠤᠴᠠᠭ᠎ᠠ ᠪᠠᠷ | ᠪᠢᠲᠡᠭᠦᠮᠵᠢᠯᠡᠯ ᠢ ᠲᠠᠶᠢᠯᠬᠤ ᠦᠭᠡᠢ᠂ | ᠳᠤᠷ᠎ᠠ ᠪᠠᠷ ᠡᠮᠴᠢᠯᠡᠭᠡ ᠶᠢ ᠵᠣᠭᠰᠤᠭᠠᠬᠤ | ᠵᠡᠷᠭᠡ ᠱᠠᠲᠤ ᠱᠠᠲᠤ ᠪᠠᠷ ᠱᠠᠭᠠᠷᠳᠠᠯᠭ᠎ᠠ | ᠨᠡᠮᠡᠬᠦ ᠡᠯ᠎ᠡ ᠲᠥᠷᠥᠯ ᠤᠨ ᠦᠶᠯᠡ | ᠠᠵᠢᠯᠯᠠᠭ᠎ᠠ ᠶᠢ ᠵᠠᠷᠯᠠᠨ ᠮᠡᠳᠡᠭᠳᠡᠬᠦ᠂ | ᠢᠯᠡ ᠪᠠᠷ ᠢᠯᠡᠴᠢᠯᠡᠬᠦ ᠡᠷᠴᠢᠮ ᠢᠶᠠᠨ | ᠴᠢᠩᠭᠠᠷᠠᠭᠤᠯᠵᠤ᠂ ᠬᠦᠨᠳᠦ ᠨᠣᠴᠢᠲᠠᠢ ᠦᠷ᠎ᠡ | ᠳ᠋ᠦᠩ ᠭᠠᠷᠭᠠᠭᠰᠠᠨ ᠪᠠᠶᠢᠪᠠᠯ ᠬᠠᠤᠯᠢ | ᠲᠣᠭᠲᠠᠭᠠᠯ ᠶᠣᠰᠣᠭᠠᠷ ᠴᠢᠩᠭ᠎ᠠ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ | ᠵᠢᠷᠤᠮᠵᠢᠭᠤᠨ ᠴᠢᠨᠠᠷ᠂ ᠪᠦᠲᠦᠮᠵᠢᠲᠦ ᠴᠢᠨᠠᠷ ᠪᠠ | ᠠᠶᠤᠯ ᠦᠭᠡᠢ ᠴᠢᠨᠠᠷ ᠢ ᠣᠨᠴᠠᠭᠠᠶᠢᠯᠠᠨ | ᠠᠩᠬᠠᠷᠬᠤ ᠬᠡᠷᠡᠭᠲᠡᠢ | ᠵᠠᠷᠢᠮ ᠭᠠᠵᠠᠷ ᠤᠨ ᠬᠢᠨ ᠠᠳᠠᠯᠢ ᠪᠤᠰᠤ | ᠬᠡᠯᠪᠡᠷᠢ ᠪᠠᠷ ᠪᠥᠭᠡᠮ ᠬᠦᠴᠢᠯ ᠢ ᠥᠪᠡᠰᠦᠪᠡᠨ | ᠴᠤᠭᠯᠠᠭᠤᠯᠬᠤ ᠠᠵᠢᠯ ᠢ ᠥᠷᠨᠢᠭᠦᠯᠬᠦ ᠪᠠᠷ | ᠲᠤᠷᠰᠢᠵᠤ ᠪᠠᠶᠢᠨ᠎ᠠ᠂ ᠭᠡᠪᠡᠴᠦ ᠪᠥᠭᠡᠮ | ᠬᠦᠴᠢᠯ ᠢ ᠥᠪᠡᠰᠦᠪᠡᠨ ᠴᠤᠭᠯᠠᠭᠤᠯᠬᠤ | ᠵᠢᠷᠤᠮᠵᠢᠭᠤᠨ ᠴᠢᠨᠠᠷ᠂ ᠪᠦᠲᠦᠮᠵᠢᠲᠦ ᠴᠢᠨᠠᠷ ᠪᠠ | ᠠᠶᠤᠯ ᠦᠭᠡᠢ ᠴᠢᠨᠠᠷ ᠢ ᠣᠨᠴᠠᠭᠠᠶᠢᠯᠠᠨ | ᠠᠩᠬᠠᠷᠴᠤ᠂ ᠪᠦᠷᠢᠨ ᠲᠡᠭᠦᠯᠳᠡᠷ | ᠬᠡᠷᠡᠭᠵᠢᠭᠦᠯᠬᠦ ᠲᠥᠰᠥᠯ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ | ᠮᠡᠷᠭᠡᠵᠢᠯ ᠤᠨ ᠵᠢᠯᠣᠭᠤᠳᠤᠯᠭ᠎ᠠ ᠪᠠᠨ | ᠴᠢᠩᠭᠠᠳᠬᠠᠬᠤ ᠬᠡᠷᠡᠭᠲᠡᠢ᠃ ᠤᠴᠢᠷ ᠨᠢ ᠦᠯᠢᠭᠡᠷ | ᠠᠪᠬᠤ ᠶᠢᠨ ᠶᠠᠰᠤ ᠴᠢᠨᠠᠷ ᠤᠨ ᠵᠢᠷᠤᠮᠵᠢᠭᠤᠨ | ᠴᠢᠨᠠᠷ ᠪᠠ ᠠᠶᠤᠯ ᠦᠭᠡᠢ ᠴᠢᠨᠠᠷ ᠪᠣᠯ ᠲᠤᠶᠢᠯ ᠤᠨ | ᠴᠢᠬᠤᠯᠠ ᠶᠤᠮ᠂ ᠡᠶᠢᠮᠦ ᠠᠴᠠ ᠪᠥᠭᠡᠮ ᠬᠦᠴᠢᠯ ᠢ | ᠥᠪᠡᠰᠦᠪᠡᠨ ᠴᠤᠭᠯᠠᠭᠤᠯᠬᠤ ᠳᠤ ᠴᠤ ᠦᠯᠢᠭᠡᠷ | ᠠᠪᠬᠤ ᠶᠢᠨ ᠶᠠᠰᠤ ᠴᠢᠨᠠᠷ ᠢ ᠪᠠᠲᠤᠯᠠᠬᠤ | ᠬᠡᠷᠡᠭᠲᠡᠢ᠃ | ᠣᠮᠢᠺᠷᠦᠨ ᠣᠨᠳᠣᠣᠰᠢᠭᠰᠠᠨ ᠸᠢᠷᠦ᠋ᠰ ᠵᠢᠴᠢ | ᠲᠡᠭᠦᠨ ᠤ ᠬᠤᠪᠢᠰᠤᠭᠰᠠᠨ ᠰᠠᠯᠪᠤᠷᠢ ᠶᠢᠨ | ᠡᠪᠡᠳᠴᠢᠯᠡᠭᠦᠯᠬᠦ ᠬᠦᠴᠦᠨ ᠪᠠ ᠬᠤᠣᠷᠲᠤ | ᠴᠢᠨᠠᠷ ᠨᠢ ᠠᠩᠬᠠᠨ ᠤ ᠸᠢᠷᠦ᠋ᠰ ᠪᠠ ᠳ᠋ᠧᠯᠲ᠋ᠠ | ᠵᠡᠷᠭᠡ ᠣᠨᠳᠣᠣᠰᠢᠭᠰᠠᠨ ᠸᠢᠷᠦ᠋ᠰ ᠲᠠᠢ | ᠬᠠᠷᠢᠴᠠᠭᠤᠯᠪᠠᠯ ᠢᠯᠡᠳᠲᠡ ᠪᠠᠭᠤᠷᠠᠵᠠᠢ | ᠣᠯᠠᠨ ᠤᠯᠤᠰ ᠤᠨ ᠪᠠ ᠤᠯᠤᠰ ᠤᠨ | ᠳᠣᠲᠣᠭᠠᠳᠤ ᠶᠢᠨ ᠬᠢᠨᠠᠨ ᠰᠢᠨᠵᠢᠯᠡᠭᠰᠡᠨ | ᠲᠤᠭ᠎ᠠ ᠪᠠᠷᠢᠮᠲᠠ ᠶᠢᠨ | ᠭᠡᠷᠡᠴᠢᠯᠡᠭᠰᠡᠨ ᠢᠶᠠᠷ᠂ ᠣᠮᠢᠺᠷᠦᠨ | ᠣᠨᠳᠣᠣᠰᠢᠭᠰᠠᠨ ᠸᠢᠷᠦ᠋ᠰ ᠵᠢᠴᠢ ᠲᠡᠭᠦᠨ ᠤ | ᠰᠠᠯᠪᠤᠷᠢᠯᠠᠨ ᠬᠤᠪᠢᠰᠤᠭᠰᠠᠨ BA.1᠂ BA.2᠂ BA.5᠂ BF. | 7᠂ BQ.1 ᠪᠠ ᠳᠠᠬᠢᠨ ᠨᠡᠶᠢᠯᠡᠭᠰᠡᠨ ᠴᠣᠭᠴᠠ | XBB ᠶᠢᠨ ᠡᠪᠡᠳᠴᠢᠯᠡᠭᠦᠯᠬᠦ ᠬᠦᠴᠦᠨ ᠪᠠ ᠬᠤᠣᠷᠲᠤ | ᠴᠢᠨᠠᠷ ᠨᠢ ᠠᠩᠬᠠᠨ ᠤ ᠸᠢᠷᠦ᠋ᠰ ᠪᠠ ᠳ᠋ᠧᠯᠲ᠋ᠠ | ᠵᠡᠷᠭᠡ ᠣᠨᠳᠣᠣᠰᠢᠭᠰᠠᠨ ᠸᠢᠷᠦ᠋ᠰ ᠲᠠᠢ | ᠬᠠᠷᠢᠴᠠᠭᠤᠯᠪᠠᠯ ᠢᠯᠡᠳᠲᠡ ᠪᠠᠭᠤᠷᠠᠭᠰᠠᠨ | ᠪᠠᠶᠢᠨ᠎ᠠ᠃ ᠤᠯᠤᠰ ᠤᠨ ᠭᠠᠳᠠᠭᠠᠳᠤ ᠶᠢᠨ | ᠰᠤᠳᠤᠯᠭᠠᠨ ᠠᠴᠠ ᠦᠵᠡᠪᠡᠯ᠂ ᠣᠮᠢᠺᠷᠦᠨ | ᠣᠨᠳᠣᠣᠰᠢᠭᠰᠠᠨ ᠸᠢᠷᠦ᠋ᠰ ᠠᠴᠠ ᠪᠣᠯᠤᠭᠰᠠᠨ | ᠬᠦᠨᠳᠦ ᠡᠪᠡᠳᠴᠢᠨ ᠳᠤ ᠨᠡᠷᠪᠡᠭᠳᠡᠬᠦ ᠪᠠ ᠦᠬᠦᠬᠦ | ᠬᠠᠷᠢᠴᠠᠯ ᠨᠢ ᠠᠩᠬᠠᠨ ᠤ ᠸᠢᠷᠦ᠋ᠰ ᠪᠠ ᠠᠩᠬᠠᠷᠤᠯ | ᠲᠠᠯᠪᠢᠵᠤ ᠪᠠᠶᠢᠭᠰᠠᠨ ᠣᠨᠳᠣᠣᠰᠢᠭᠰᠠᠨ | ᠸᠢᠷᠦ᠋ᠰ ᠠᠴᠠ ᠢᠯᠡᠳᠲᠡ ᠳᠣᠣᠷ᠎ᠠ ᠪᠠᠶᠢᠵᠤ᠂ | ᠡᠨᠡ ᠨᠢ ᠣᠮᠢᠺᠷᠦᠨ ᠣᠨᠳᠣᠣᠰᠢᠭᠰᠠᠨ | ᠸᠢᠷᠦ᠋ᠰ ᠤᠨ ᠣᠨᠴᠠᠯᠢᠭ ᠪᠣᠯᠬᠤ ᠪᠠᠷ ᠪᠠᠷᠠᠬᠤ | ᠦᠭᠡᠢ ᠸᠠᠺᠼᠢᠨ ᠤ ᠲᠠᠷᠢᠯᠭ᠎ᠠ ᠶᠢᠨ ᠬᠥᠮᠥᠰ ᠤᠨ | ᠡᠭᠡᠯᠢᠯᠡᠭᠡ ᠶᠢᠨ ᠬᠢᠷᠢ ᠲᠦᠪᠰᠢᠨ ᠢ | ᠳᠡᠭᠡᠭᠰᠢᠯᠡᠭᠦᠯᠦᠭᠰᠡᠨ ᠪᠠ ᠴᠠᠭ | ᠲᠤᠬᠠᠢ ᠳᠤ ᠨᠢ ᠡᠮᠴᠢᠯᠡᠭᠰᠡᠨ ᠵᠡᠷᠭᠡ ᠬᠦᠴᠦᠨ | ᠵᠦᠢᠯ ᠲᠠᠢ ᠬᠤᠯᠪᠣᠭ᠎ᠠ ᠲᠠᠢ ᠪᠠᠶᠢᠵᠤ | ᠮᠡᠳᠡᠨ᠎ᠡ᠃ ᠮᠠᠨ ᠤ ᠤᠯᠤᠰ ᠤᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠠᠴᠠ | ᠪᠣᠯᠤᠭᠰᠠᠨ ᠬᠦᠨᠳᠦ ᠡᠪᠡᠳᠴᠢᠨ ᠳᠤ | ᠨᠡᠷᠪᠡᠭᠳᠡᠭᠰᠡᠳ ᠵᠢᠴᠢ ᠲᠡᠭᠦᠨ ᠲᠠᠢ | ᠬᠤᠯᠪᠣᠭᠳᠠᠬᠤ ᠦᠬᠦᠯ ᠤᠨ ᠨᠣᠷᠮ᠎ᠠ ᠨᠢ | ᠨᠡᠯᠢᠶᠡᠳ ᠳᠣᠣᠷ᠎ᠠ ᠲᠦᠪᠰᠢᠨ ᠳᠤ ᠣᠷᠣᠰᠢᠵᠤ | ᠪᠠᠶᠢᠨ᠎ᠠ᠂ ᠡᠨᠡ ᠨᠢ ᠮᠠᠨ ᠤ ᠢᠳᠡᠪᠬᠢᠲᠡᠢ | ᠤᠷᠢᠳᠴᠢᠯᠠᠨ ᠰᠡᠷᠭᠡᠶᠢᠯᠡᠬᠦ ᠠᠷᠭ᠎ᠠ | ᠪᠣᠳᠣᠯᠭ᠎ᠠ ᠪᠠ ᠴᠢᠨᠠᠷ ᠰᠠᠶᠢᠲᠠᠢ ᠠᠪᠤᠷᠠᠨ | ᠵᠠᠰᠠᠬᠤ ᠬᠦᠴᠦᠨ ᠢ ᠨᠢᠭᠡᠳᠦᠯᠲᠡᠢ | ᠲᠥᠯᠥᠪᠵᠢᠭᠦᠯᠦᠭᠰᠡᠨ ᠲᠠᠢ ᠬᠤᠯᠪᠣᠭ᠎ᠠ ᠲᠠᠢ | ᠶᠤᠮ᠃ ᠬᠢᠲᠠᠳ ᠡᠮ ᠡᠮᠨᠡᠯᠭᠡ ᠨᠢ ᠪᠠᠰᠠ | ᠢᠳᠡᠪᠬᠢᠲᠡᠢ ᠦᠢᠯᠡᠳᠦᠯ ᠭᠠᠷᠭᠠᠭᠰᠠᠨ ᠪᠣᠯᠪᠠᠴᠤ | ᠰᠠᠭᠤᠷᠢ ᠴᠢᠨᠠᠷᠲᠠᠢ ᠡᠪᠡᠳᠴᠢᠨ ᠲᠠᠢ᠂ ᠥᠨᠳᠥᠷ | ᠨᠠᠰᠤᠲᠠᠢ ᠡᠪᠡᠳᠴᠢᠲᠡᠨ ᠪᠠ ᠸᠠᠺᠼᠢᠨ ᠤ | ᠲᠠᠷᠢᠯᠭ᠎ᠠ ᠬᠢᠭᠰᠡᠨ ᠦᠭᠡᠢ ᠬᠥᠮᠥᠰ ᠬᠡᠷᠪᠡ | ᠣᠮᠢᠺᠷᠦᠨ ᠣᠨᠳᠣᠣᠰᠢᠭᠰᠠᠨ ᠸᠢᠷᠦ᠋ᠰ ᠲᠤ | ᠨᠡᠷᠪᠡᠭᠳᠡᠭᠰᠡᠨ ᠤ ᠳᠠᠷᠠᠭ᠎ᠠ ᠮᠥᠨ ᠬᠦ ᠵᠣᠬᠢᠬᠤ | ᠬᠠᠷᠢᠴᠠᠯ ᠢᠶᠠᠷ ᠬᠦᠨᠳᠦ ᠡᠪᠡᠳᠴᠢᠨ ᠳᠤ | ᠨᠡᠷᠪᠡᠭᠳᠡᠵᠦ ᠮᠡᠳᠡᠨ᠎ᠡ᠃ ᠭᠡᠪᠡᠴᠦ ᠣᠲᠣ ᠶᠢᠨ | ᠪᠠᠶᠢᠭ᠎ᠠ ᠸᠠᠺᠼᠢᠨ ᠨᠢ ᠣᠮᠢᠺᠷᠦᠨ | ᠣᠨᠳᠣᠣᠰᠢᠭᠰᠠᠨ ᠸᠢᠷᠦ᠋ᠰ ᠤᠨ | ᠬᠠᠯᠳᠠᠪᠤᠷᠢᠯᠠᠯ ᠠᠴᠠ ᠪᠣᠯᠤᠭᠰᠠᠨ ᠬᠦᠨᠳᠦ | ᠡᠪᠡᠳᠴᠢᠨ ᠳᠤ ᠨᠡᠷᠪᠡᠭᠳᠡᠭᠰᠡᠳ ᠪᠠ ᠦᠬᠦᠬᠦ | ᠨᠤᠷᠮ᠎ᠠ ᠶᠢ ᠪᠠᠭᠠᠰᠬᠠᠬᠤ ᠳᠤ ᠮᠥᠨ ᠨᠡᠯᠢᠶᠡᠳ | ᠰᠠᠶᠢᠨ ᠦᠢᠯᠡᠳᠦᠯ ᠲᠠᠢ ᠶᠤᠮ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠡᠮᠴᠢᠯᠡᠭᠡᠨ ᠤ ᠠᠪᠤᠷᠠᠨ ᠵᠠᠰᠠᠯᠲᠠ ᠶᠢᠨ | ᠦᠢᠯᠡᠳᠦᠯᠭᠡ ᠠᠴᠠ ᠦᠵᠡᠪᠡᠯ᠂ ᠭᠤᠷᠪᠠᠨ | ᠲᠥᠷᠥᠯ ᠤᠨ ᠬᠥᠮᠥᠰ ᠬᠦᠨᠳᠦ ᠡᠪᠡᠳᠴᠢᠨ ᠳᠤ | ᠨᠡᠷᠪᠡᠭᠳᠡᠬᠦ ᠬᠠᠨᠳᠤᠰᠢ ᠲᠠᠢ | ᠨᠢᠭᠡ ᠳᠤ᠂ ᠨᠠᠰᠤᠲᠠᠶᠢᠴᠤᠳ᠃ 60 ᠨᠠᠰᠤᠨ ᠠᠴᠠ | ᠳᠡᠭᠡᠭᠰᠢᠬᠢ ᠨᠠᠰᠤᠲᠠᠶᠢᠴᠤᠳ ᠪᠣᠯ ᠰᠢᠨ᠎ᠡ | ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ | ᠳᠠᠷᠠᠭ᠎ᠠ ᠡᠪᠡᠳᠴᠢᠨ ᠨᠢ ᠬᠦᠨᠳᠦᠷᠡᠬᠦ | ᠠᠶᠤᠯᠲᠠᠢ ᠬᠥᠮᠥᠰ ᠪᠣᠯᠣᠨ᠎ᠠ᠃ 80 ᠨᠠᠰᠤᠨ ᠠᠴᠠ | ᠳᠡᠭᠡᠭᠰᠢᠬᠢ ᠨᠠᠰᠤᠲᠠᠶᠢᠴᠤᠳ ᠪᠣᠯ ᠨᠡᠩ ᠴᠤ | ᠡᠪᠡᠳᠴᠢᠨ ᠬᠦᠨᠳᠦᠷᠡᠬᠦ ᠠᠶᠤᠯ ᠶᠡᠬᠡᠲᠡᠢ ᠬᠥᠮᠥᠰ | ᠪᠣᠯᠣᠨ᠎ᠠ᠃ ᠡᠶᠢᠮᠦ ᠠᠴᠠ ᠨᠠᠰᠤᠲᠠᠶᠢᠴᠤᠳ ᠲᠠᠢ | ᠭᠡᠷ ᠪᠦᠯᠢ ᠪᠠ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠨᠢ ᠬᠠᠯᠳᠠᠪᠤᠷᠢᠯᠠᠯ ᠤᠨ | ᠲᠦᠭᠰᠢᠭᠦᠷᠢ ᠶᠢ ᠨᠠᠩ ᠢᠯᠡᠭᠦᠦ ᠰᠡᠷᠭᠡᠶᠢᠯᠡᠬᠦ | ᠬᠡᠷᠡᠭᠲᠡᠢ᠃ ᠬᠢᠵᠢᠭ ᠤᠨ ᠪᠠᠶᠢᠳᠠᠯ ᠡᠭᠦᠰᠬᠦ | ᠦᠶ᠎ᠡ ᠳᠤ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠨᠢ ᠪᠦᠲᠦᠮᠵᠢᠲᠡᠶ ᠠᠷᠭ᠎ᠠ | ᠬᠡᠮᠵᠢᠶ᠎ᠡ ᠠᠪᠴᠤ ᠪᠠᠶᠢᠭᠠᠳ | ᠨᠠᠰᠤᠲᠠᠶᠢᠴᠤᠳ ᠤᠨ | ᠬᠠᠯᠳᠠᠪᠤᠷᠢᠯᠠᠭᠳᠠᠬᠤ ᠠᠴᠠ ᠰᠡᠷᠭᠡᠶᠢᠯᠡᠬᠦ | ᠬᠡᠷᠡᠭᠲᠡᠢ᠃ ᠡᠭᠦᠨ ᠤ ᠬᠠᠮᠲᠤ ᠨᠠᠰᠤᠲᠠᠶᠢᠴᠤᠳ | ᠪᠠᠰᠠ ᠠᠮᠠᠪᠴᠢ ᠵᠡᠭᠦᠬᠦ᠂ ᠭᠠᠷ ᠢᠶᠠᠨ ᠰᠠᠶᠢᠲᠤᠷ | ᠤᠬᠢᠶᠠᠬᠤ᠂ ᠦᠷᠭᠦᠯᠵᠢ ᠰᠠᠯᠬᠢ | ᠨᠡᠪᠲᠡᠷᠡᠭᠦᠯᠬᠦ᠂ ᠴᠤᠭᠯᠠᠷᠠᠬᠤ ᠦᠭᠡᠢ ᠵᠡᠷᠭᠡ | ᠬᠤᠪᠢ ᠬᠥᠮᠥᠨ ᠤ ᠪᠦᠲᠦᠮᠵᠢᠲᠡᠶ | ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ | ᠠᠪᠬᠤ ᠬᠡᠷᠡᠭᠲᠡᠢ᠃ | ᠬᠤᠶᠠᠷ ᠲᠤ᠂ ᠰᠠᠭᠤᠷᠢ ᠴᠢᠨᠠᠷᠲᠠᠢ | ᠡᠪᠡᠳᠴᠢᠨ ᠳᠤ ᠨᠡᠷᠪᠡᠭᠳᠡᠭᠰᠡᠳ᠃ | ᠡᠮᠴᠢᠯᠡᠭᠡᠨ ᠤ ᠳᠤᠮᠳᠠ᠂ ᠰᠠᠭᠤᠷᠢ ᠴᠢᠨᠠᠷᠲᠠᠢ | ᠡᠪᠡᠳᠴᠢᠨ ᠲᠠᠢ᠂ ᠢᠯᠠᠩᠭᠤᠶ᠎ᠠ ᠵᠢᠷᠦᠬᠡ | ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ | ᠠᠮᠢᠰᠬᠤᠯ ᠤᠨ ᠰᠢᠰᠲ᠋ᠧᠮ ᠤᠨ ᠡᠪᠡᠳᠴᠢᠨ᠂ | ᠬᠠᠪᠤᠳᠠᠷ᠂ ᠤᠳᠠᠭᠠᠨ ᠴᠢᠨᠠᠷᠲᠠᠢ ᠪᠥᠭᠡᠷᠡᠨ ᠤ | ᠠᠵᠢᠯᠯᠠᠭ᠎ᠠ ᠪᠦᠷᠢᠨ ᠪᠤᠰᠤ ᠵᠡᠷᠭᠡ ᠰᠠᠭᠤᠷᠢ | ᠴᠢᠨᠠᠷᠲᠠᠢ ᠡᠪᠡᠳᠴᠢᠨ ᠲᠠᠢ ᠬᠥᠮᠥᠰ ᠰᠢᠨ᠎ᠡ | ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ | ᠳᠠᠷᠠᠭ᠎ᠠ ᠡᠪᠡᠳᠴᠢᠨ ᠨᠢ ᠬᠦᠨᠳᠦᠷᠡᠬᠦ | ᠲᠦᠭᠰᠢᠭᠦᠷᠢ ᠨᠢ ᠨᠠᠩ ᠶᠡᠭᠡ ᠪᠠᠶᠢᠳᠠᠭ᠃ | ᠭᠤᠷᠪᠠ ᠳᠤ᠂ ᠸᠠᠺᠼᠢᠨ ᠤ ᠲᠠᠷᠢᠯᠭ᠎ᠠ | ᠬᠢᠭᠰᠡᠨ ᠦᠭᠡᠢ ᠬᠥᠮᠥᠰ᠃ ᠸᠠᠺᠼᠢᠨ ᠤ | ᠲᠠᠷᠢᠯᠭ᠎ᠠ ᠨᠢ ᠡᠪᠡᠳᠴᠢᠨ ᠬᠦᠨᠳᠦᠷᠡᠬᠦ ᠪᠠ | ᠦᠬᠦᠯ ᠤᠨ ᠲᠦᠭᠰᠢᠭᠦᠷᠢ ᠶᠢ ᠪᠦᠲᠦᠮᠵᠢᠲᠡᠶ | ᠪᠠᠭᠤᠷᠠᠭᠤᠯᠵᠤ ᠪᠣᠯᠣᠨ᠎ᠠ᠃ ᠴᠡᠭᠡᠷᠯᠡᠬᠦ | ᠡᠪᠡᠳᠴᠢᠨ ᠦᠭᠡᠢ᠂ ᠲᠠᠷᠢᠯᠭ᠎ᠠ ᠬᠢᠬᠦ | ᠨᠥᠬᠦᠴᠡᠯ ᠳᠤ ᠨᠡᠶᠢᠴᠡᠬᠦ ᠬᠥᠮᠥᠰ᠂ | ᠢᠯᠠᠩᠭᠤᠶ᠎ᠠ ᠨᠠᠰᠤᠲᠠᠶᠢᠴᠤᠳ ᠰᠢᠨ᠎ᠡ | ᠲᠢᠲᠢᠮᠯᠢᠭ ᠸᠢᠷᠦ᠋ᠰ ᠤᠨ ᠸᠠᠺᠼᠢᠨ ᠢ | ᠲᠦᠷᠭᠡᠬᠡᠨ ᠳᠠᠷᠢᠵᠤ᠂ ᠪᠠᠲᠤᠳᠬᠠᠨ ᠲᠠᠷᠢᠬᠤ | ᠨᠥᠬᠦᠴᠡᠯ ᠳᠤ ᠨᠡᠶᠢᠴᠡᠪᠡᠯ ᠳᠠᠷᠤᠢ ᠲᠦᠷᠭᠡᠨ | ᠪᠠᠲᠤᠳᠬᠠᠬᠤ ᠲᠠᠷᠢᠯᠭ᠎ᠠ ᠶᠢ ᠲᠠᠷᠢᠬᠤ ᠶᠢ | ᠰᠠᠨᠠᠭᠤᠯᠬᠤ ᠬᠡᠷᠡᠭᠲᠡᠢ᠃ | ᠬᠤᠪᠢ ᠬᠥᠮᠥᠨ ᠪᠥᠭᠡᠮ ᠬᠦᠴᠢᠯ ᠤᠨ | ᠪᠠᠶᠢᠴᠠᠭᠠᠯᠲᠠ ᠬᠢᠬᠦ ᠦᠶ᠎ᠡ ᠶᠢᠨ | ᠬᠠᠯᠳᠠᠪᠤᠷᠢᠯᠠᠯ ᠤᠨ ᠲᠦᠭᠰᠢᠭᠦᠷᠢ ᠠᠴᠠ | ᠬᠡᠷᠬᠢᠨ ᠵᠠᠶᠢᠯᠠᠰᠬᠢᠬᠦ ᠪᠣᠶ︖ | ᠬᠤᠪᠢ ᠬᠥᠮᠥᠨ ᠪᠥᠭᠡᠮ ᠬᠦᠴᠢᠯ ᠤᠨ | ᠪᠠᠶᠢᠴᠠᠭᠠᠯᠲᠠ ᠬᠢᠬᠦ ᠶᠠᠪᠤᠴᠠ ᠳᠤ | ᠠᠮᠠᠪᠴᠢ ᠪᠠᠨ ᠰᠠᠶᠢᠲᠤᠷ ᠵᠡᠭᠦᠬᠦ ᠶᠢ | ᠵᠢᠷᠤᠮᠵᠢᠭᠤᠯᠵᠤ᠂ ᠴᠤᠭᠯᠠᠷᠠᠬᠤ ᠦᠭᠡᠢ | ᠪᠠᠶᠢᠬᠤ ᠶᠢᠨ ᠬᠠᠮᠲᠤ ᠡᠮᠦᠨ᠎ᠡ ᠬᠤᠶᠢᠨᠠᠬᠢ | ᠬᠥᠮᠥᠰ ᠲᠠᠢ ᠪᠠᠨ ᠨᠢᠭᠡ ᠮᠧᠲᠷ ᠠᠴᠠ ᠳᠡᠭᠡᠭᠰᠢ | ᠵᠠᠢ ᠶᠢ ᠪᠠᠲᠤᠯᠠᠵᠤ᠂ ᠲᠤᠬᠠᠢ ᠶᠢᠨ | ᠲᠠᠯᠠᠪᠤᠷ ᠤᠨ ᠠᠵᠢᠯᠲᠠᠨ ᠤ | ᠵᠢᠯᠣᠭᠤᠳᠤᠯᠭ᠎ᠠ ᠶᠢ ᠤᠬᠠᠮᠰᠠᠷ ᠠᠴᠠ ᠪᠠᠨ | ᠳᠠᠭᠠᠬᠤ ᠬᠡᠷᠡᠭᠲᠡᠢ᠃ ᠦᠯᠢᠭᠡᠷ ᠠᠪᠬᠤ | ᠶᠠᠪᠤᠴᠠ ᠳᠤ ᠡᠮᠦᠨᠡᠬᠢ ᠬᠥᠮᠥᠨ ᠶᠠᠪᠤᠭᠰᠠᠨ ᠤ | ᠳᠠᠷᠠᠭ᠎ᠠ ᠦᠯᠢᠭᠡᠷ ᠠᠪᠤᠭᠴᠢ ᠭᠠᠷ ᠢᠶᠠᠨ | ᠰᠠᠶᠢᠲᠤᠷ ᠠᠷᠢᠭᠤᠳᠬᠠᠭᠰᠠᠨ ᠤ ᠳᠠᠷᠠᠭ᠎ᠠ | ᠰᠠᠶ᠋ᠢ ᠤᠷᠤᠭᠰᠢ ᠪᠠᠨ ᠣᠴᠢᠵᠤ ᠥᠯᠢᠭᠡᠷ | ᠠᠪᠤᠭᠤᠯᠬᠤ ᠬᠡᠷᠡᠭᠲᠡᠢ᠃ ᠡᠭᠦᠨ ᠤ ᠬᠠᠮᠲᠤ᠂ | ᠦᠯᠢᠭᠡᠷ ᠠᠪᠬᠤ ᠦᠶ᠎ᠡ ᠳᠤ᠂ ᠦᠯᠢᠭᠡᠷ | ᠠᠪᠤᠭᠤᠯᠤᠭᠴᠢ ᠦᠯᠢᠭᠡᠷ ᠠᠪᠬᠤ ᠲᠠᠪᠴᠠᠩ | ᠳᠡᠭᠡᠷᠡᠬᠢ ᠶᠠᠮᠠᠷ ᠴᠤ ᠶᠠᠭᠤᠮ᠎ᠠ ᠶᠢ ᠬᠥᠨᠳᠡᠵᠦ | ᠪᠣᠯᠬᠤ ᠦᠭᠡᠢ᠂ ᠦᠯᠢᠭᠡᠷ ᠠᠪᠤᠭᠤᠯᠤᠭᠰᠠᠨ ᠤ | ᠳᠠᠷᠠᠭ᠎ᠠ ᠪᠠᠰᠠ ᠠᠮᠠᠪᠴᠢ ᠪᠠᠨ ᠲᠦᠷᠭᠡᠨ | ᠵᠡᠭᠦᠵᠦ᠂ ᠦᠯᠢᠭᠡᠷ ᠠᠪᠬᠤ ᠲᠠᠯᠠᠪᠤᠷ ᠠᠴᠠ | ᠲᠦᠷᠭᠡᠨ ᠵᠠᠶᠢᠯᠠᠬᠤ ᠬᠡᠷᠡᠭᠲᠡᠢ᠃ | ᠬᠤᠳᠠᠯ ᠬᠠᠭᠤᠷᠮᠠᠭ ᠪᠥᠭᠡᠮ ᠬᠦᠴᠢᠯ ᠤᠨ | ᠪᠠᠶᠢᠴᠠᠭ᠋ᠯᠲᠡ ᠶᠢᠨ ᠮᠡᠳᠡᠭᠦᠯᠦᠯᠲᠡ | ᠭᠠᠷᠭᠠᠭᠰᠠᠨ ᠬᠠᠤᠯᠢ ᠠᠴᠠ ᠵᠥᠷᠢᠴᠡᠭᠰᠡᠨ | ᠬᠦᠨᠳᠦ ᠨᠣᠴᠢᠲᠠᠢ ᠦᠶᠯᠡ ᠠᠵᠢᠯᠯᠠᠭ᠎ᠠ ᠶᠢ | ᠬᠠᠤᠯᠢ ᠲᠣᠭᠲᠠᠭᠠᠯ ᠶᠣᠰᠣᠭᠠᠷ ᠡᠷᠡᠰ ᠴᠢᠩᠭ᠎ᠠ | ᠰᠢᠢᠳᠪᠦᠷᠢᠯᠡᠨ᠎ᠡ | ᠪᠥᠭᠡᠮ ᠬᠦᠴᠢᠯ ᠤᠨ ᠪᠠᠶᠢᠴᠠᠭᠠᠨ ᠰᠢᠯᠭᠠᠬᠤ | ᠠᠵᠢᠯ ᠤᠨ ᠲᠠᠯ᠎ᠠ ᠪᠠᠷ᠂ ᠤᠯᠤᠰ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ᠶᠡᠷᠦ ᠠᠴᠠ ᠪᠠᠶᠢᠴᠠᠭᠠᠨ | ᠰᠢᠯᠭᠠᠬᠤ ᠬᠢᠷᠢ ᠬᠡᠮ ᠤᠨ ᠵᠥᠪᠰᠢᠶᠡᠷᠡᠨ | ᠣᠷᠣᠭᠤᠯᠬᠤ ᠪᠠ ᠶᠠᠰᠤ ᠴᠢᠨᠠᠷ ᠤᠨ ᠡᠵᠡᠮᠳᠡᠯ ᠢ | ᠴᠢᠩᠳᠠᠯᠠᠵᠤ᠂ ᠮᠡᠷᠭᠡᠵᠢᠯ ᠤᠨ ᠵᠢᠷᠤᠮᠵᠢᠯ ᠢ | ᠲᠠᠰᠤᠷᠠᠯᠲᠠ ᠦᠭᠡᠢ ᠰᠢᠯᠢᠳᠡᠭᠵᠢᠭᠦᠯᠬᠦ ᠶᠢᠨ | ᠬᠠᠮᠲᠤ᠂ ᠭᠤᠷᠪᠠᠳᠠᠭᠴᠢ ᠡᠲᠡᠭᠡᠳ ᠤᠨ | ᠪᠠᠶᠢᠴᠠᠭᠠᠨ ᠰᠢᠯᠭᠠᠬᠤ ᠪᠠᠶᠢᠭᠤᠯᠤᠮᠵᠢ ᠶᠢ | ᠪᠠᠭᠲᠠᠭᠠᠭᠰᠠᠨ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ᠬᠢᠨᠠᠯᠲᠠ | ᠬᠠᠮᠢᠶᠠᠷᠤᠯᠲᠠ ᠶᠢ ᠭᠤᠣᠯᠳᠠᠯᠭ᠎ᠠ ᠲᠠᠢ | ᠴᠢᠩᠭᠠᠳᠬᠠᠭᠰᠠᠭᠠᠷ ᠢᠷᠡᠵᠡᠶ᠃ ᠡᠨᠡ ᠵᠢᠯ ᠠᠴᠠ | ᠨᠠᠭᠠᠰᠢ᠂ ᠪᠡᠭᠡᠵᠢᠩ᠂ ᠠᠨᠾᠦ᠋ᠢ ᠶᠢᠨ ᠾᠧᠹᠧᠢ᠂ | ᠾᠧᠪᠧᠢ ᠶᠢᠨ ᠱᠢ ᠵᠢᠶᠠ ᠵᠤᠸᠠᠩ᠂ ᠾᠧᠨᠠᠨ ᠤ | ᠰᠢᠦᠢ ᠴᠠᠩ᠂ ᠥᠪᠥᠷ ᠮᠣᠩᠭᠤᠯ ᠵᠡᠷᠭᠡ ᠭᠠᠵᠠᠷ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ | ᠴᠥᠮ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢ ᠬᠢᠨᠠᠨ ᠬᠠᠮᠢᠶᠠᠷᠬᠤ | ᠳᠤᠮᠳᠠ ᠪᠠᠨ ᠪᠠᠶᠢᠴᠠᠭᠠᠨ ᠰᠢᠯᠭᠠᠬᠤ | ᠪᠠᠶᠢᠭᠤᠯᠤᠮᠵᠢ ᠳᠤ ᠬᠠᠤᠯᠢ ᠲᠣᠭᠲᠠᠭᠠᠯ ᠢ | ᠵᠥᠷᠢᠴᠡᠭᠰᠡᠨ ᠵᠠᠷᠢᠮ ᠠᠰᠠᠭᠤᠳᠠᠯ ᠣᠷᠣᠰᠢᠵᠤ | ᠪᠠᠶᠢᠬᠤ ᠶᠢ ᠣᠯᠵᠤ ᠮᠡᠳᠡᠭᠰᠡᠨ ᠪᠥᠭᠡᠳ ᠴᠥᠮ | ᠴᠢᠩᠭ᠎ᠠ ᠰᠢᠢᠳᠬᠡᠯ ᠥᠭᠴᠦ᠂ ᠬᠠᠤᠯᠢ ᠶᠢ | ᠵᠥᠷᠢᠴᠡᠭᠰᠡᠨ ᠵᠠᠷᠢᠮ ᠪᠠᠶᠢᠭᠤᠯᠤᠮᠵᠢ ᠪᠠ ᠬᠤᠪᠢ | ᠬᠥᠮᠥᠨ ᠠᠴᠠ ᠪᠠᠰᠠ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠭᠰᠡᠨ | ᠪᠠᠶᠢᠨ᠎ᠠ᠃ ᠲᠠᠷᠠᠭᠠᠴᠢ ᠶᠢᠨ ᠠᠯᠬᠤᠮ ᠳᠤ᠂ | ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠬᠤᠳᠠᠯ | ᠬᠠᠭᠤᠷᠮᠠᠭ ᠪᠠᠶᠢᠴᠠᠭᠠᠯᠲᠠ ᠶᠢᠨ | ᠮᠡᠳᠡᠭᠦᠯᠦᠯᠲᠡ ᠭᠠᠷᠭᠠᠭᠰᠠᠨ ᠬᠠᠤᠯᠢ ᠶᠢ | ᠵᠥᠷᠢᠴᠡᠭᠰᠡᠨ ᠬᠦᠨᠳᠦ ᠨᠣᠴᠢᠲᠠᠢ ᠦᠶᠯᠡ | ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ | ᠡᠷᠡᠰ ᠴᠢᠩᠭ᠎ᠠ ᠰᠢᠢᠳᠪᠦᠷᠢᠯᠡᠨ᠎ᠡ᠃ | ᠭᠡᠷ ᠲᠤ ᠪᠠᠨ ᠲᠤᠰᠠᠭᠠᠷᠯᠠᠵᠤ ᠪᠠᠶᠢᠭ᠎ᠠ | ᠬᠥᠮᠥᠰ ᠤᠨ ᠬᠠᠮᠲᠤ ᠰᠠᠭᠤᠭᠰᠠᠳ ᠢ ᠬᠡᠷᠬᠢᠨ | ᠬᠠᠮᠢᠶᠠᠷᠬᠤ ᠪᠣᠶ︖ | ᠭᠡᠷ ᠲᠤ ᠪᠠᠨ ᠲᠤᠰᠠᠭᠠᠷᠯᠠᠵᠤ ᠪᠠᠶᠢᠭ᠎ᠠ | ᠬᠥᠮᠥᠰ ᠤᠨ ᠬᠠᠮᠲᠤ ᠰᠠᠭᠤᠭᠰᠠᠳ ᠪᠤᠶᠤ ᠠᠰᠠᠷᠠᠵᠤ | ᠰᠤᠪᠢᠯᠠᠭᠴᠢᠳ ᠭᠡᠷ ᠲᠤ ᠪᠠᠨ ᠲᠤᠰᠠᠭᠠᠷᠯᠠᠬᠤ | ᠠᠨᠠᠭᠠᠬᠤ ᠤᠬᠠᠭᠠᠨ ᠤ ᠠᠵᠢᠭᠯᠠᠯᠲᠠ ᠬᠢᠬᠦ | ᠬᠠᠮᠢᠶᠠᠷᠤᠯᠲᠠ ᠶᠢᠨ ᠱᠠᠭᠠᠷᠳᠠᠯᠭ᠎ᠠ ᠶᠢ | ᠬᠠᠮᠲᠤ ᠳᠤ ᠨᠢ ᠵᠢᠷᠤᠮᠯᠠᠬᠤ ᠬᠡᠷᠡᠭᠲᠡᠢ᠃ | ᠨᠢᠭᠡ ᠳᠤ᠂ ᠭᠡᠷ ᠲᠤ ᠪᠠᠨ ᠲᠤᠰᠠᠭᠠᠷᠯᠠᠬᠤ | ᠬᠤᠭᠤᠴᠠᠭᠠᠨ ᠳᠤ ᠭᠠᠳᠠᠭᠰᠢ ᠭᠠᠷᠬᠤ ᠦᠭᠡᠢ | ᠪᠠᠶᠢᠬᠤ ᠶᠢ ᠴᠢᠩᠭ᠎ᠠ ᠪᠠᠷᠢᠮᠲᠠᠯᠠᠨ᠂ ᠠᠯᠢᠪᠠ | ᠪᠣᠯᠭᠤᠭᠠᠨ ᠦᠵᠡᠬᠦ ᠶᠢ ᠲᠡᠪᠴᠢᠬᠦ ᠬᠡᠷᠡᠭᠲᠡᠢ︔ | ᠡᠪᠡᠳᠴᠢᠨ ᠦᠵᠡᠭᠦᠯᠬᠦ ᠵᠡᠷᠭᠡ ᠠᠴᠠ ᠪᠣᠯᠣᠭᠠᠳ | ᠦᠨᠡᠨ ᠬᠦ ᠭᠠᠳᠠᠭᠰᠢ ᠭᠠᠷᠬᠤ ᠬᠡᠷᠡᠭᠴᠡᠭᠡ ᠲᠠᠢ | ᠬᠥᠮᠥᠰ ᠲᠤ᠂ ᠨᠡᠶᠢᠭᠡᠮ ᠲᠣᠭᠤᠷᠢᠭ ᠲᠤ | ᠭᠤᠶᠤᠴᠢᠯᠠᠯ ᠳᠡᠪᠰᠢᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ ᠲᠤᠰᠬᠠᠢ | ᠬᠥᠮᠥᠨ ᠲᠤᠰᠬᠠᠢ ᠲᠡᠷᠭᠡ ᠲᠣᠬᠢᠷᠠᠭᠤᠯᠵᠤ᠂ ᠬᠤᠪᠢ | ᠬᠥᠮᠥᠨ ᠤ ᠬᠠᠮᠠᠭᠠᠯᠠᠯᠲᠠ ᠶᠢ ᠪᠥᠬᠦ | ᠶᠠᠪᠤᠴᠠ ᠳᠤ ᠰᠠᠶᠢᠲᠤᠷ ᠬᠢᠵᠦ᠂ ᠪᠢᠲᠡᠭᠦᠦ | ᠴᠠᠭᠠᠷᠢᠭ ᠤᠨ ᠬᠠᠮᠢᠶᠠᠷᠤᠯᠲᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ | ᠬᠤᠶᠠᠷ ᠲᠤ᠂ ᠭᠡᠷ ᠲᠤ ᠪᠠᠨ ᠲᠤᠰᠠᠭᠠᠷᠯᠠᠵᠤ | ᠪᠠᠶᠢᠭ᠎ᠠ ᠬᠥᠮᠥᠰ ᠤᠨ ᠥᠷᠥᠭᠡᠨ ᠳᠤ ᠠᠯᠢ | ᠴᠢᠳᠠᠬᠤ ᠪᠠᠷ ᠣᠷᠣᠵᠤ ᠪᠣᠯᠬᠤ ᠦᠭᠡᠢ᠂ ᠵᠣᠷᠯᠣᠩ | ᠪᠤᠶᠤ ᠠᠮᠢᠳᠤᠷᠠᠯ ᠤᠨ ᠬᠡᠷᠡᠭᠰᠡᠯ ᠢ | ᠬᠠᠮᠲᠤ ᠪᠠᠷ ᠬᠡᠷᠡᠭᠯᠡᠬᠦ ᠠᠴᠠ | ᠵᠠᠶᠢᠯᠠᠰᠬᠢᠨ᠎ᠡ᠃ ᠬᠡᠷᠪᠡ ᠶᠠᠮᠠᠷ ᠨᠢᠭᠡᠨ | ᠰᠢᠭᠤᠳ ᠬᠦᠷᠦᠯᠴᠡᠬᠦ ᠪᠣᠯᠣᠮᠵᠢ ᠪᠤᠶᠤ | ᠪᠣᠬᠢᠷᠳᠤᠯ ᠪᠣᠳᠠᠰ ᠢ ᠰᠢᠢᠳᠪᠦᠷᠢᠯᠡᠬᠦ | ᠦᠶ᠎ᠡ ᠳᠤ ᠡᠷᠬᠡᠪᠰᠢ ᠥᠪᠡᠷ ᠤᠨ ᠪᠡᠶ᠎ᠡ ᠶᠢᠨ | ᠬᠠᠮᠠᠭᠠᠯᠠᠯᠲᠠ ᠶᠢ ᠰᠠᠶᠢᠲᠤᠷ ᠬᠢᠵᠦ᠂ ᠴᠠᠭ | ᠲᠤᠬᠠᠢ ᠳᠤ ᠨᠢ ᠭᠠᠷ ᠢᠶᠠᠨ ᠴᠡᠪᠡᠷᠯᠡᠵᠦ | ᠠᠷᠢᠭᠤᠳᠬᠠᠬᠤ ᠬᠡᠷᠡᠭᠲᠡᠢ᠃ | ᠭᠤᠷᠪᠠ ᠳᠤ᠂ ᠰᠠᠭᠤᠷᠢ ᠴᠢᠨᠠᠷᠲᠠᠢ | ᠡᠪᠡᠳᠴᠢᠨ ᠲᠠᠢ ᠬᠥᠮᠥᠰ ᠪᠠ ᠨᠠᠰᠤᠲᠠᠶᠢᠴᠤᠳ | ᠮᠡᠲᠦ ᠶᠢᠨ ᠬᠦᠨᠳᠦ ᠡᠪᠡᠳᠴᠢᠨ ᠳᠤ | ᠨᠡᠷᠪᠡᠭᠳᠡᠬᠦ ᠠᠶᠤᠯ ᠲᠦᠭᠰᠢᠭᠦᠷᠢ ᠲᠠᠢ | ᠬᠥᠮᠥᠰ ᠢᠶᠠᠷ ᠭᠡᠷ ᠲᠤ ᠪᠠᠨ ᠲᠤᠰᠠᠭᠠᠷᠯᠠᠬᠤ | ᠬᠥᠮᠥᠰ ᠤᠨ ᠠᠰᠠᠷᠠᠭᠴᠢ ᠪᠣᠯᠭᠠᠵᠤ ᠪᠣᠯᠬᠤ | ᠦᠭᠡᠢ᠃ | ᠥᠨᠳᠥᠷ ᠳᠡᠰ ᠤᠨ ᠲᠦᠭᠰᠢᠭᠦᠷᠢᠲᠦ ᠣᠷᠣᠨ ᠠᠴᠠ | ᠭᠠᠷᠴᠤ ᠢᠷᠡᠭᠰᠡᠨ ᠬᠥᠮᠥᠰ ᠭᠡᠷ ᠲᠤ ᠪᠠᠨ | ᠲᠤᠰᠠᠭᠠᠷᠯᠠᠬᠤ ᠬᠤᠭᠤᠴᠠᠭᠠᠨ ᠳᠤ ᠠᠷᠭ᠎ᠠ | ᠴᠢᠨᠠᠷ ᠢ ᠪᠠᠶᠢᠴᠠᠭᠠᠵᠤ ᠭᠠᠷᠭᠠᠪᠠᠯ ᠴᠠᠭ | ᠲᠤᠬᠠᠢ ᠳᠤ ᠨᠢ ᠮᠡᠳᠡᠭᠦᠯᠬᠦ ᠶᠢᠨ ᠬᠠᠮᠲᠤ 2 | ᠴᠠᠭ ᠤᠨ ᠳᠣᠲᠣᠷ᠎ᠠ ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠪᠤᠶᠤ | ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ | ᠰᠢᠯᠵᠢᠭᠦᠯᠦᠨ ᠬᠦᠷᠭᠡᠬᠦ ᠬᠡᠷᠡᠭᠲᠡᠢ | ᠬᠤᠷᠢᠨ ᠵᠦᠢᠯ ᠤᠨ ᠰᠢᠯᠢᠳᠡᠭᠵᠢᠭᠦᠯᠬᠦ | ᠠᠷᠭ᠎ᠠ ᠬᠡᠮᠵᠢᠶ᠎ᠡ ᠶᠢᠨ ᠲᠣᠭᠲᠠᠭᠠᠯ ᠢ | ᠦᠨᠳᠦᠰᠦᠯᠡᠪᠡᠯ᠂ ᠥᠨᠳᠥᠷ ᠳᠡᠰ ᠤᠨ | ᠲᠦᠭᠰᠢᠭᠦᠷᠢᠲᠦ ᠣᠷᠣᠨ ᠠᠴᠠ ᠭᠠᠷᠴᠤ ᠢᠷᠡᠭᠰᠡᠨ | ᠬᠥᠮᠥᠰ ᠲᠤ 7 ᠡᠳᠦᠷ ᠤᠨ ᠭᠡᠷ ᠲᠤ ᠪᠠᠨ | ᠲᠤᠰᠠᠭᠠᠷᠯᠠᠬᠤ ᠵᠠᠢ ᠬᠡᠷᠡᠭᠵᠢᠭᠦᠯᠵᠦ᠂ ᠡᠨᠡ | ᠬᠤᠭᠤᠴᠠᠭᠠᠨ ᠳᠤ ᠺᠣᠳ᠋ ᠣᠯᠭᠤᠬᠤ | ᠬᠠᠮᠢᠶᠠᠷᠤᠯᠲᠠ ᠶᠢ ᠬᠡᠷᠡᠭᠵᠢᠭᠦᠯᠦᠨ᠂ | ᠭᠠᠳᠠᠭᠰᠢ ᠭᠠᠷᠴᠤ ᠪᠣᠯᠬᠤ ᠦᠭᠡᠢ᠃ ᠭᠡᠷ ᠲᠤ ᠪᠠᠨ | ᠲᠤᠰᠠᠭᠠᠷᠯᠠᠭᠰᠠᠨ ᠤ 1᠂ 3᠂ 5᠂ 7 ᠳ᠋ᠤᠭᠠᠷ | ᠡᠳᠦᠷ ᠲᠤ ᠲᠣᠰ ᠲᠣᠰ ᠨᠢᠭᠡ ᠤᠳᠠᠭ᠎ᠠ ᠪᠥᠭᠡᠮ | ᠬᠦᠴᠢᠯ ᠤᠨ ᠪᠠᠶᠢᠴᠠᠭᠠᠯᠲᠠ ᠬᠢᠨ᠎ᠡ᠃ ᠬᠠᠮᠢᠶ᠎ᠠ | ᠪᠦᠬᠦᠢ ᠬᠥᠮᠥᠰ ᠨᠢ ᠭᠡᠷ ᠲᠤ ᠪᠠᠨ | ᠲᠤᠰᠠᠭᠠᠷᠯᠠᠬᠤ ᠬᠤᠭᠤᠴᠠᠭᠠᠨ ᠳᠤ | ᠭᠡᠷ ᠲᠤ ᠪᠠᠨ ᠲᠤᠰᠠᠭᠠᠷᠯᠠᠬᠤ | ᠬᠠᠮᠢᠶᠠᠷᠤᠯᠲᠠ ᠶᠢᠨ ᠬᠠᠮᠢᠶ᠎ᠠ ᠪᠦᠬᠦᠢ | ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ | ᠠᠷᠭ᠎ᠠ ᠴᠢᠨᠠᠷ ᠢ ᠪᠠᠶᠢᠴᠠᠭᠠᠵᠤ | ᠢᠯᠡᠷᠡᠭᠦᠯᠬᠦ ᠳᠤ ᠭᠦᠷᠪᠡᠯ ᠴᠠᠭ | ᠲᠤᠬᠠᠢ ᠳᠤ ᠨᠢ ᠮᠡᠳᠡᠭᠦᠯᠬᠦ ᠶᠢᠨ ᠬᠠᠮᠲᠤ 2 | ᠴᠠᠭ ᠤᠨ ᠳᠣᠲᠣᠷ᠎ᠠ ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠪᠤᠶᠤ | ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ | ᠰᠢᠯᠵᠢᠭᠦᠯᠦᠨ ᠬᠦᠷᠭᠡᠵᠦ ᠲᠤᠰᠠᠭᠠᠷᠯᠠᠨ | ᠠᠵᠢᠭᠯᠠᠬᠤ ᠪᠠ ᠡᠮᠨᠡᠨ ᠵᠠᠰᠠᠭᠤᠯᠵᠤ᠂ ᠬᠠᠮᠲᠤ | ᠰᠠᠭᠤᠭ᠎ᠠ ᠬᠥᠮᠥᠰ ᠲᠤ ᠪᠥᠭᠡᠮ ᠬᠦᠴᠢᠯ ᠤᠨ | ᠪᠠᠶᠢᠴᠠᠭᠠᠯᠲᠠ ᠬᠢᠬᠦ ᠶᠢ ᠱᠠᠭᠠᠷᠳᠠᠬᠤ ᠶᠢᠨ | ᠬᠠᠮᠲᠤ ᠲᠦᠭᠰᠢᠭᠦᠷᠢ ᠶᠢ ᠰᠤᠳᠤᠯᠤᠨ | ᠮᠠᠭᠠᠳᠯᠠᠵᠤ᠂ ᠬᠠᠮᠢᠶ᠎ᠠ ᠪᠦᠬᠦᠢ | ᠲᠦᠭᠰᠢᠭᠦᠷᠢᠲᠦ ᠬᠥᠮᠥᠰ ᠢ ᠮᠥᠷᠳᠡᠨ | ᠬᠠᠮᠢᠶᠠᠷᠬᠤ ᠬᠡᠷᠡᠭᠲᠡᠢ᠃ | ᠨᠠᠰᠤᠲᠠᠶᠢᠴᠤᠳ ᠵᠡᠷᠭᠡ ᠪᠠᠭᠤᠷᠠᠢ ᠬᠥᠮᠥᠰ | ᠰᠢᠨ᠎ᠡ ᠲᠢᠲᠢᠮᠯᠢᠭ ᠸᠢᠷᠦ᠋ᠰ ᠲᠤ | ᠨᠡᠷᠪᠡᠭᠳᠡᠭᠰᠡᠨ ᠤ ᠳᠠᠷᠠᠭ᠎ᠠ ᠠᠮᠠᠷᠬᠠᠨ | ᠡᠪᠡᠳᠴᠢᠨ ᠨᠢ ᠬᠦᠨᠳᠦᠷᠡᠵᠦ᠂ ᠬᠦᠨᠳᠦ | ᠲᠦᠭᠰᠢᠭᠦᠷᠢᠲᠡᠢ ᠡᠪᠡᠳᠴᠢᠨ ᠴᠢᠨᠠᠭᠰᠢᠯᠠᠨ | ᠦᠬᠦᠵᠦ ᠮᠡᠳᠡᠨ᠎ᠡ᠂ ᠡᠶᠢᠮᠦ ᠠᠴᠠ ᠰᠢᠨ᠎ᠡ | ᠲᠢᠲᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠬᠢᠪᠡᠯ ᠬᠠᠮᠤᠭ ᠤᠨ ᠶᠡᠭᠡ ᠠᠰᠢᠭ | ᠬᠦᠷᠲᠡᠵᠦ ᠪᠣᠯᠣᠨ᠎ᠠ | 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2. | 394 ᠳ᠋ᠦᠩᠰᠢᠭᠤᠷ ᠬᠥᠮᠥᠨ ᠲᠠᠷᠢᠯᠭ᠎ᠠ ᠳᠠᠷᠢᠵᠤ᠂ 2. | 28165 ᠳ᠋ᠦᠩᠰᠢᠭᠤᠷ ᠬᠥᠮᠥᠨ ᠪᠥᠬᠦ ᠶᠠᠪᠤᠴᠠ ᠶᠢᠨ | ᠲᠠᠷᠢᠯᠭ᠎ᠠ ᠬᠢᠬᠦ ᠶᠢ ᠪᠡᠶᠡᠯᠡᠭᠦᠯᠵᠦ᠂ | ᠬᠠᠮᠤᠷᠤᠭᠰᠠᠨ ᠬᠥᠮᠥᠨ ᠤ ᠲᠤᠭ᠎ᠠ ᠪᠠ ᠪᠥᠬᠦ | ᠶᠠᠪᠤᠴᠠ ᠶᠢᠨ ᠲᠠᠷᠢᠯᠭ᠎ᠠ ᠬᠢᠭᠰᠡᠨ ᠬᠥᠮᠥᠨ ᠤ | ᠲᠤᠭ᠎ᠠ ᠲᠣᠰ ᠲᠣᠰ ᠨᠠᠰᠤᠲᠠᠶᠢᠴᠤᠳ ᠤᠨ 90.68% ᠪᠠ | 86.42% ᠢ ᠡᠵᠡᠯᠡᠨ᠂ 1.81511 ᠳ᠋ᠦᠩᠰᠢᠭᠤᠷ ᠬᠥᠮᠥᠨ | ᠡᠭᠡᠯᠢᠯᠡᠭᠡ ᠶᠢᠨ ᠪᠠᠲᠤᠳᠬᠠᠬᠤ ᠲᠠᠷᠢᠯᠭ᠎ᠠ | ᠬᠢᠪᠡ᠃ ᠡᠭᠦᠨ ᠳᠤ 80 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠲᠤ ᠲᠠᠷᠢᠯᠭ᠎ᠠ ᠬᠢᠭᠰᠡᠨ | ᠬᠥᠮᠥᠨ ᠤ ᠲᠤᠭ᠎ᠠ 2742.6 ᠲᠦᠮᠡ ᠪᠠᠶᠢᠵᠤ᠂ 2356.3 | ᠲᠦᠮᠡᠨ ᠬᠥᠮᠥᠨ ᠪᠥᠬᠦ ᠶᠠᠪᠤᠴᠠ ᠶᠢᠨ ᠲᠠᠷᠢᠯᠭ᠎ᠠ | ᠬᠢᠬᠦ ᠶᠢ ᠪᠡᠶᠡᠯᠡᠭᠦᠯᠵᠦ᠂ ᠬᠠᠮᠤᠷᠤᠭᠰᠠᠨ | ᠬᠥᠮᠥᠨ ᠤ ᠲᠤᠭ᠎ᠠ ᠪᠠ ᠪᠥᠬᠦ ᠶᠠᠪᠤᠴᠠ ᠶᠢᠨ | ᠲᠠᠷᠢᠯᠭ᠎ᠠ ᠬᠢᠭᠰᠡᠨ ᠬᠥᠮᠥᠨ ᠤ ᠲᠤᠭ᠎ᠠ ᠲᠣᠰ | ᠲᠣᠰ 80 ᠨᠠᠰᠤᠨ ᠠᠴᠠ ᠳᠡᠭᠡᠭᠰᠢᠬᠢ ᠬᠥᠮᠥᠨ | ᠠᠮᠠ ᠶᠢᠨ 76.6%᠂ 65.8% ᠶᠢ ᠡᠵᠡᠯᠡᠨ᠂ 1445.6 | ᠲᠦᠮᠡᠨ ᠬᠥᠮᠥᠨ ᠡᠭᠡᠯᠢᠯᠡᠭᠡ ᠶᠢᠨ ᠪᠠᠲᠤᠳᠬᠠᠬᠤ | ᠲᠠᠷᠢᠯᠭ᠎ᠠ ᠬᠢᠪᠡ᠃ | ᠨᠠᠰᠤᠲᠠᠶᠢᠴᠤᠳ ᠤᠨ ᠲᠠᠷᠢᠯᠭ᠎ᠠ ᠬᠢᠬᠦ ᠶᠢ | ᠤᠯᠠᠮ ᠨᠢᠭᠡ ᠠᠯᠬᠤᠮ ᠲᠦᠷᠭᠡᠳᠬᠡᠬᠦ ᠶᠢᠨ | ᠲᠥᠯᠥᠭᠡ᠂ ᠲᠥᠷᠥ ᠶᠢᠨ ᠶᠠᠪᠤᠳᠠᠯ ᠤᠨ | ᠬᠤᠷᠢᠶᠠᠨ ᠤ ᠬᠤᠯᠪᠤᠭᠠᠯᠠᠨ ᠰᠡᠷᠭᠡᠶᠢᠯᠡᠵᠦ | ᠬᠤᠯᠪᠤᠭᠠᠯᠠᠨ ᠡᠵᠡᠮᠳᠡᠬᠦ ᠲᠣᠭᠲᠠᠴᠠ ᠶᠢᠨ | ᠶᠡᠷᠦᠩᠬᠡᠶᠢᠯᠡᠭᠰᠡᠨ ᠳᠤᠭᠤᠶᠢᠯᠠᠩ ᠠᠴᠠ | ᠨᠠᠰᠤᠲᠠᠶᠢᠴᠤᠳ ᠤᠨ ᠰᠢᠨ᠎ᠡ ᠲᠢᠲᠢᠮᠯᠢᠭ | ᠸᠢᠷᠦ᠋ᠰ ᠤᠨ ᠸᠠᠺᠼᠢᠨ ᠤ ᠲᠠᠷᠢᠯᠭ᠎ᠠ ᠶᠢ | ᠴᠢᠩᠭᠠᠳᠬᠠᠬᠤ ᠠᠵᠢᠯ ᠤᠨ ᠲᠥᠰᠥᠯ ᠢ | ᠳᠠᠷᠤᠮᠠᠯᠯᠠᠨ ᠲᠠᠷᠬᠠᠭᠠᠵᠤ᠂ ᠲᠣᠭᠲᠠᠴᠠ ᠶᠢ | ᠪᠦᠷᠢᠨᠰᠢᠭᠦᠯᠬᠦ᠂ ᠪᠠᠶᠢᠳᠠᠯ ᠢ ᠣᠶᠢᠯᠠᠭᠠᠬᠤ᠂ | ᠦᠢᠯᠡᠴᠢᠯᠡᠭᠡ ᠶᠢ ᠰᠢᠯᠢᠳᠡᠭᠵᠢᠭᠦᠯᠬᠦ᠂ | ᠨᠠᠷᠢᠯᠢᠭᠵᠢᠭᠤᠯᠤᠨ ᠤᠬᠠᠭᠤᠯᠬᠤ ᠵᠡᠷᠭᠡ | ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ᠃ | ᠲᠠᠷᠠᠭᠠᠴᠢ ᠶᠢᠨ ᠠᠯᠬᠤᠮ ᠳᠤ᠂ ᠪᠢᠳᠡ | ᠲᠥᠰᠥᠯ ᠤᠨ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠲᠤᠭᠤᠰᠢᠯᠠᠭᠤᠯᠵᠤ᠂ ᠡᠯ᠎ᠡ | ᠭᠠᠵᠠᠷ ᠤᠨ ᠬᠢᠨ ᠢ ᠵᠢᠯᠣᠭᠤᠳᠤᠨ ᠨᠠᠷᠢᠨ | ᠨᠢᠮᠪᠠᠢ ᠵᠣᠬᠢᠶᠠᠨ ᠪᠠᠶᠢᠭᠤᠯᠤᠨ | ᠪᠠᠶᠢᠷᠢᠯᠠᠭᠤᠯᠵᠤ᠂ ᠲᠠᠷᠢᠯᠭ᠎ᠠ ᠶᠢᠨ | ᠦᠢᠯᠡᠴᠢᠯᠡᠭᠡ ᠶᠢ ᠰᠢᠯᠢᠳᠡᠭᠵᠢᠭᠦᠯᠦᠨ᠂ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠶᠢᠨ ᠡᠭᠡᠯᠢᠯᠡᠭᠡ ᠶᠢ | ᠴᠢᠩᠭᠠᠳᠬᠠᠬᠤ ᠪᠠ ᠨᠠᠰᠤᠲᠠᠶᠢᠴᠤᠳ ᠤᠨ | ᠲᠠᠷᠢᠯᠭ᠎ᠠ ᠶᠢᠨ ᠠᠵᠢᠯ ᠢ ᠰᠠᠶᠢᠲᠤᠷ ᠬᠢᠨ᠎ᠡ᠃ | ᠪᠠᠰᠠ ᠨᠠᠰᠤᠲᠠᠶᠢᠴᠤᠳ᠂ ᠢᠯᠠᠩᠭᠤᠶ᠎ᠠ 80 | ᠨᠠᠰᠤᠨ ᠠᠴᠠ ᠳᠡᠭᠡᠭᠰᠢᠬᠢ ᠨᠠᠰᠤᠲᠠᠶᠢᠴᠤᠳ | ᠢᠳᠡᠪᠬᠢᠲᠡᠢ ᠪᠠᠷ | ᠰᠠᠨᠠᠭᠠᠴᠢᠯᠠᠭ᠎ᠠ ᠠᠴᠠ ᠪᠠᠨ ᠸᠠᠺᠼᠢᠨ ᠤ | ᠲᠠᠷᠢᠯᠭ᠎ᠠ ᠬᠢᠵᠦ᠂ ᠬᠤᠪᠢ ᠬᠥᠮᠥᠨ ᠤ ᠡᠷᠡᠭᠦᠯ | ᠮᠡᠨᠳᠦ ᠪᠠᠨ ᠬᠠᠮᠠᠭᠠᠯᠠᠬᠤ ᠶᠢ ᠬᠦᠰᠡᠵᠦ | ᠪᠠᠶᠢᠨ᠎ᠠ᠃ | ᠥᠨᠳᠥᠷ ᠨᠠᠰᠤᠲᠠᠢ ᠨᠠᠰᠤᠲᠠᠶᠢᠴᠤᠳ ᠪᠠ | ᠬᠠᠪᠤᠳᠠᠷ ᠡᠪᠡᠳᠴᠢᠨ ᠳᠤ ᠨᠡᠷᠪᠡᠭᠳᠡᠭᠰᠡᠳ | ᠵᠡᠷᠭᠡ ᠭᠤᠣᠯᠳᠠᠯᠭ᠎ᠠ ᠲᠠᠢ ᠬᠥᠮᠥᠰ ᠢ | ᠰᠢᠨᠵᠢᠯᠡᠬᠦ ᠤᠬᠠᠭᠠᠨᠴᠢ ᠪᠠᠷ ᠲᠥᠷᠥᠯ | ᠬᠤᠪᠢᠶᠠᠨ ᠡᠮᠨᠡᠨ ᠵᠠᠰᠠᠬᠤ ᠬᠡᠷᠡᠭᠲᠡᠢ | ᠥᠨᠳᠥᠷ ᠨᠠᠰᠤᠲᠠᠢ ᠨᠠᠰᠤᠲᠠᠶᠢᠴᠤᠳ ᠪᠠ ᠬᠠᠪᠤᠳᠠᠷ | ᠡᠪᠡᠳᠴᠢᠨ ᠳᠤ ᠨᠡᠷᠪᠡᠭᠳᠡᠭᠰᠡᠳ᠂ | ᠣᠨᠴᠠᠭᠠᠶᠢᠯᠠᠨ ᠬᠠᠪᠤᠳᠠᠷ ᠡᠪᠡᠳᠴᠢᠨ ᠢ ᠡᠮᠨᠡᠨ | ᠵᠠᠰᠠᠬᠤ ᠬᠤᠭᠤᠴᠠᠭᠠᠨ ᠳᠤ ᠪᠠᠶᠢᠭ᠎ᠠ | ᠡᠪᠡᠳᠴᠢᠲᠡᠨ ᠪᠣᠯ ᠬᠦᠨᠳᠦ ᠡᠪᠡᠳᠴᠢᠨ ᠳᠤ | ᠠᠮᠠᠷᠬᠠᠨ ᠨᠡᠷᠪᠡᠭᠳᠡᠳᠡᠭ ᠲᠦᠭᠰᠢᠭᠦᠷᠢ | ᠶᠡᠬᠡᠲᠡᠢ ᠬᠥᠮᠥᠰ ᠲᠤ ᠲᠣᠭᠠᠴᠠᠭᠳᠠᠨ᠎ᠠ᠂ | ᠡᠶᠢᠮᠦ ᠠᠴᠠ ᠡᠮᠨᠡᠨ ᠵᠠᠰᠠᠬᠤ ᠶᠠᠪᠤᠴᠠ ᠳᠤ | ᠣᠨᠴᠠᠭᠠᠶᠢᠯᠠᠨ ᠠᠩᠬᠠᠷᠬᠤ ᠬᠡᠷᠡᠭᠲᠡᠢ᠃ ᠡᠩ | ᠲᠡᠷᠢᠭᠦᠨ ᠳᠤ ᠥᠨᠳᠥᠷ ᠨᠠᠰᠤᠲᠠᠢ | ᠨᠠᠰᠤᠲᠠᠶᠢᠴᠤᠳ ᠲᠤ ᠠᠪᠴᠤ ᠬᠡᠯᠡᠪᠡᠯ᠂ | ᠪᠢᠳᠡᠨ ᠤ ᠮᠡᠳᠡᠬᠦ ᠪᠠᠷ ᠥᠨᠳᠥᠷ ᠨᠠᠰᠤᠲᠠᠢ | ᠨᠠᠰᠤᠲᠠᠶᠢᠴᠤᠳ ᠶᠡᠷᠦ ᠨᠢ ᠰᠠᠭᠤᠷᠢ ᠴᠢᠨᠠᠷᠲᠠᠢ | ᠡᠪᠡᠳᠴᠢᠨ ᠳᠤ ᠨᠡᠷᠪᠡᠭᠳᠡᠵᠦ᠂ ᠵᠠᠷᠢᠮ ᠰᠠᠭᠤᠷᠢ | ᠴᠢᠨᠠᠷᠲᠠᠢ ᠡᠪᠡᠳᠴᠢᠨ ᠨᠢ ᠪᠠᠰᠠ ᠨᠡᠯᠢᠶᠡᠳ | ᠬᠦᠨᠳᠦ ᠪᠠᠶᠢᠵᠤ᠂ ᠵᠠᠷᠢᠮ ᠨᠠᠰᠤᠲᠠᠨ ᠣᠯᠠᠨ | ᠵᠦᠢᠯ ᠤᠨ ᠰᠠᠭᠤᠷᠢ ᠴᠢᠨᠠᠷᠲᠠᠢ ᠡᠪᠡᠳᠴᠢᠨ ᠳᠤ | ᠨᠡᠷᠪᠡᠭᠳᠡᠭᠰᠡᠨ ᠪᠣᠯᠬᠤᠷ᠂ ᠰᠢᠨ᠎ᠡ ᠲᠢᠲᠢᠮᠯᠢᠭ | ᠸᠢᠷᠦ᠋ᠰ ᠲᠤ ᠨᠡᠷᠪᠡᠭᠳᠡᠪᠡᠯ᠂ ᠨᠢᠭᠡ | ᠲᠠᠯ᠎ᠠ ᠪᠠᠷ ᠵᠠᠷᠢᠮ ᠰᠠᠭᠤᠷᠢ ᠴᠢᠨᠠᠷᠲᠠᠢ | ᠡᠪᠡᠳᠴᠢᠨ ᠢ ᠨᠢ ᠬᠦᠨᠳᠦᠷᠡᠭᠦᠯᠵᠦ ᠮᠡᠳᠡᠨ᠎ᠡ᠃ | ᠬᠠᠪᠤᠳᠠᠷ ᠡᠪᠡᠳᠴᠢᠨ ᠢ ᠡᠮᠨᠡᠨ ᠵᠠᠰᠠᠬᠤ | ᠬᠤᠭᠤᠴᠠᠭᠠᠨ ᠳᠤ ᠪᠠᠶᠢᠭ᠎ᠠ ᠡᠪᠡᠳᠴᠢᠲᠡᠨ ᠳᠤ | ᠠᠪᠴᠤ ᠬᠡᠯᠡᠪᠡᠯ᠂ ᠮᠡᠰᠡ ᠵᠠᠰᠠᠯ ᠪᠤᠶᠤ | ᠰᠠᠴᠤᠷᠠᠭ ᠬᠢᠮᠢ ᠶᠢᠨ ᠵᠠᠰᠠᠯ ᠠᠴᠠ ᠪᠣᠯᠵᠤ | ᠡᠭᠡᠯᠢᠯᠡᠭᠡ ᠶᠢᠨ ᠴᠢᠳᠠᠪᠤᠷᠢ ᠨᠢ | ᠪᠠᠭᠤᠷᠠᠳᠠᠭ᠂ ᠡᠶᠢᠮᠦ ᠠᠴᠠ ᠮᠥᠨ ᠴᠦ | ᠡᠪᠡᠳᠴᠢᠨ ᠨᠢ ᠬᠦᠨᠳᠦᠷᠡᠬᠦ ᠠᠶᠤᠯ ᠲᠠᠢ | ᠲᠦᠭᠰᠢᠭᠦᠷᠢᠲᠦ ᠬᠥᠮᠥᠰ ᠪᠣᠯᠣᠨ᠎ᠠ᠃ ᠪᠢᠳᠡᠨ ᠤ | ᠮᠡᠳᠡᠭᠡᠵᠢ ᠪᠠᠷ᠂ ᠬᠠᠪᠤᠳᠠᠷ ᠡᠪᠡᠳᠴᠢᠨ ᠤ | ᠵᠠᠰᠠᠯᠭ᠎ᠠ ᠶᠢᠨ ᠬᠤᠭᠤᠴᠠᠭᠠᠨ ᠳᠠᠬᠢ | ᠡᠪᠡᠳᠴᠢᠲᠡᠨ ᠤ ᠬᠠᠪᠤᠳᠠᠷ ᠤᠨ ᠵᠠᠰᠠᠯᠭ᠎ᠠ ᠶᠢ | ᠲᠠᠰᠤᠯᠳᠠᠭᠤᠯᠵᠤ ᠪᠣᠯᠬᠤ ᠦᠭᠡᠢ᠂ ᠡᠨᠡ ᠨᠢ ᠮᠥᠨ | ᠴᠦ ᠪᠢᠳᠡᠨ ᠤ ᠪᠠᠷᠢᠮᠲᠠᠯᠠᠭᠰᠠᠭᠠᠷ ᠢᠷᠡᠭᠰᠡᠨ | ᠰᠠᠭᠤᠷᠢ ᠴᠢᠨᠠᠷᠲᠠᠢ ᠡᠪᠡᠳᠴᠢᠨ ᠪᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠢ ᠵᠠᠪᠠᠯ | ᠬᠠᠮᠲᠤ ᠳᠤ ᠨᠢ ᠵᠠᠰᠠᠬᠤ ᠵᠠᠷᠴᠢᠮ ᠪᠣᠯᠣᠨ᠎ᠠ᠃ | ᠡᠶᠢᠮᠦ ᠠᠴᠠ ᠡᠶᠢᠮᠦᠷᠬᠦᠦ ᠪᠠᠶᠢᠳᠠᠯ ᠳᠣᠣᠷ᠎ᠠ᠂ | ᠡᠷᠬᠡᠪᠰᠢ ᠡᠶᠢᠮᠦᠷᠬᠦᠦ | ᠬᠠᠯᠳᠠᠪᠤᠷᠢᠯᠠᠭᠰᠠᠳ ᠢ ᠰᠢᠨᠵᠢᠯᠡᠬᠦ | ᠤᠬᠠᠭᠠᠨᠴᠢ ᠪᠠᠷ ᠲᠥᠷᠥᠯ ᠬᠤᠪᠢᠶᠠᠨ ᠡᠮᠨᠡᠨ | ᠵᠠᠰᠠᠵᠤ᠂ ᠠᠪᠤᠷᠠᠨ ᠵᠠᠰᠠᠬᠤ ᠠᠵᠢᠯ ᠢ ᠲᠣᠬᠢᠲᠠᠢ | ᠰᠠᠶᠢᠲᠤᠷ ᠬᠢᠵᠦ᠂ ᠰᠠᠭᠤᠷᠢ ᠴᠢᠨᠠᠷᠲᠠᠢ | ᠡᠪᠡᠳᠴᠢᠨ ᠢ ᠢᠳᠡᠪᠬᠢᠲᠡᠢ ᠡᠮᠨᠡᠨ ᠵᠠᠰᠠᠵᠤ᠂ | ᠡᠪᠡᠳᠴᠢᠲᠡᠨ ᠤ ᠡᠷᠡᠭᠦᠯ ᠮᠡᠨᠳᠦ ᠪᠠ ᠠᠮᠤᠷ | ᠲᠦᠪᠰᠢᠨ ᠢ ᠪᠠᠲᠤᠯᠠᠬᠤ ᠬᠡᠷᠡᠭᠲᠡᠢ᠃ | ︽ᠬᠥᠮᠥᠨ ᠤ ᠠᠮᠢ ᠨᠠᠰᠤ ᠮᠢᠩᠭᠠᠨ ᠯᠠᠩ ᠠᠯᠲᠠ | ᠮᠥᠩᠭᠦᠨ ᠠᠴᠠ ᠴᠤ ᠴᠤᠬᠠᠭ︾ ᠭᠡᠳᠡᠭᠴᠢᠯᠡᠨ᠂ | ᠡᠮᠴᠢᠯᠡᠭᠡᠨ ᠤ ᠠᠪᠤᠷᠠᠨ ᠵᠠᠰᠠᠬᠤ ᠠᠵᠢᠯ ᠤᠨ | ᠳᠤᠮᠳᠠ ᠪᠠᠨ ᠪᠢᠳᠡ ︽ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ | ᠣᠨᠣᠯᠵᠢᠬᠤᠨ ᠢ ᠢᠮᠠᠭᠲᠠ ᠪᠠᠷᠢᠮᠲᠠᠯᠠᠵᠤ᠂ | ᠬᠥᠮᠥᠨ ᠢᠶᠠᠷ ᠦᠨᠳᠦᠰᠦ ᠪᠣᠯᠭᠠᠬᠤ | ᠵᠣᠷᠢᠯᠲᠠ ᠶᠢ ᠪᠠᠷᠢᠮᠲᠠᠯᠠᠵᠤ᠂ ᠥᠨᠳᠥᠷ | ᠨᠠᠰᠤᠲᠠᠢ ᠨᠠᠰᠤᠲᠠᠶᠢᠴᠤᠳ᠂ ᠡᠪᠡᠳᠴᠢᠨ ᠳᠤ | ᠨᠡᠷᠪᠡᠭᠳᠡᠭᠰᠡᠳ ᠵᠡᠷᠭᠡ ᠭᠤᠣᠯᠳᠠᠯᠭ᠎ᠠ ᠲᠠᠢ | ᠬᠥᠮᠥᠰ ᠤᠨ ᠡᠮᠴᠢᠯᠡᠭᠡᠨ ᠤ ᠠᠵᠢᠯ ᠢ | ᠵᠣᠬᠢᠰᠲᠠᠢ ᠰᠠᠶᠢᠲᠤᠷ ᠵᠣᠬᠢᠶᠠᠨ ᠪᠠᠶᠢᠭᠤᠯᠵᠤ᠂ | ᠡᠪᠡᠳᠴᠢᠲᠡᠨ ᠢ ᠬᠠᠮᠤᠭ ᠤᠨ ᠰᠠᠶᠢᠨ ᠠᠪᠤᠷᠠᠨ | ᠵᠠᠰᠠᠬᠤ ᠪᠠ ᠬᠠᠷᠠᠭᠠᠯᠵᠠᠨ ᠰᠤᠪᠢᠯᠠᠬᠤ ᠶᠢ | ᠪᠠᠲᠤᠯᠠᠵᠤ᠂ ᠡᠪᠡᠳᠴᠢᠲᠡᠨ ᠤ ᠡᠷᠲᠡᠬᠡᠨ | ᠡᠷᠡᠭᠦᠯᠵᠢᠬᠦ ᠶᠢ ᠠᠬᠢᠭᠤᠯᠬᠤ ᠬᠡᠷᠡᠭᠲᠡᠢ᠃ |