ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ | ᠲᠠᠯ᠎ᠠ ᠪᠠᠷ ᠠᠬᠢᠭᠤᠯᠵᠤ ᠂ ᠬᠤᠨᠲᠤ ᠪᠠᠯᠭᠠᠰᠤ ᠶᠢ ᠠᠷᠤ ᠬᠤᠷᠴᠢᠨ | ᠬᠤᠰᠢᠭᠤᠨ ᠤ ᠦᠬᠡᠷ ᠲᠡᠵᠢᠭᠡᠬᠦ ᠭᠤᠤᠯᠳᠠᠯᠭ᠎ᠠ ᠲᠠᠢ ᠮᠠᠯᠵᠢᠬᠤ | ᠲᠣᠮᠣ ᠪᠠᠯᠭᠠᠰᠤ ᠪᠠ ᠲᠠᠯ᠎ᠠ ᠨᠤᠲᠤᠭ ᠤᠨ ᠠᠯᠠᠰᠢᠨ ᠦᠬᠡᠷ ᠤᠨ | ᠤᠨᠴᠠᠯᠢᠬᠳᠤ ᠪᠠᠯᠭᠠᠰᠤ ᠪᠣᠯᠭᠠᠨ᠎ᠠ | — ᠬᠤᠨᠳᠦ ᠪᠠᠯᠭᠠᠰᠦ ᠶᠢᠨ ᠨᠠᠮ ᠤᠨ | ᠬᠤᠷᠢᠶ᠎ᠠ ᠶᠢᠨ ᠱᠦᠵᠢ ᠬᠡᠰᠢᠭᠳᠦᠭ᠌ᠳᠠᠬᠤ | | | | | | ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ | ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠦ ᠤᠬᠠᠭᠤᠯᠤᠨ ᠲᠤᠭᠤᠰᠢᠯᠠᠭᠤᠯᠬᠤ ᠪᠣᠯ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠨᠠᠮ ᠪᠦᠬᠦ ᠤᠯᠤᠰ ᠤᠨ ᠲᠡᠷᠢᠭᠦᠨ ᠴᠢᠬᠤᠯᠠ | ᠤᠯᠤᠰ ᠲᠦᠷᠦ ᠶᠢᠨ ᠡᠭᠦᠷᠭᠡ ᠮᠥᠨ᠃ | ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠲᠠᠰᠢᠷᠠᠮ ᠳᠤ᠂ ᠪᠠᠯᠭᠠᠰᠤᠨ ᠤ ᠨᠠᠮ ᠤᠨ ᠬᠤᠷᠢᠶ᠎ᠠ ᠨᠢ | ᠪᠠᠯᠭᠠᠰᠤ᠂ ᠭᠠᠴᠠᠭ᠎ᠠ ᠬᠤᠶᠠᠷ ᠱᠠᠲᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠵᠣᠬᠢᠶᠠᠨ ᠪᠠᠶᠢᠭᠤᠯᠵᠤ | ᠬᠠᠮᠳᠤᠪᠡᠷ ᠬᠤᠷᠠᠯ ᠤᠨ ᠡᠬᠢᠯᠡᠯᠲᠡ ᠶᠢᠨ ᠶᠣᠰᠣᠯᠠᠯ ᠢ ᠦᠵᠡᠵᠦ᠂ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ | ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠯ᠎ᠠ ᠪᠠᠷ ᠨᠠᠷᠢᠨ ᠨᠢᠭᠲᠠ ᠪᠠᠶᠢᠷᠢᠯᠠᠭᠤᠯᠤᠯᠲᠠ ᠬᠢᠵᠡᠢ᠃ 10 ᠳ᠋ᠤᠭᠠᠷ | ᠰᠠᠷ᠎ᠠ ᠶᠢᠨ ᠣᠨᠣᠯ ᠤᠨ ᠭᠤᠤᠯᠯᠠᠬᠤ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠳᠡᠭᠡᠷ᠎ᠡ ᠬᠤᠯᠪᠣᠭᠳᠠᠯ ᠪᠥᠬᠦᠶ | ᠠᠭᠤᠯᠭ᠎ᠠ ᠶᠢ ᠳᠣᠭᠢᠷᠠᠭᠤᠯᠵᠤ᠂ ᠪᠠᠯᠭᠠᠰᠤᠨ ᠤ ᠠᠯᠪᠠᠨ ᠤ ᠸᠢᠴᠠᠲ ᠲᠠᠪᠴᠠᠩ ᠪᠤᠯᠬᠤ ︽ᠬᠤᠨᠲᠤ ᠶᠢᠨ ᠲᠠᠭᠤᠨ︾ | ᠳᠤ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ︾ ᠲᠤᠰᠬᠠᠶ ᠪᠤᠯᠤᠩ ᠭᠠᠷᠭᠠᠵᠤ᠂ ᠮᠣᠩᠭᠤᠯ ᠬᠢᠲᠠᠳ ᠬᠤᠤᠰ ᠬᠡᠯᠡ ᠪᠠᠷ ᠬᠤᠷᠠᠯ ᠤᠨ | ᠮᠡᠳᠡᠭᠦᠯᠦᠯᠲᠡ ᠪᠣᠯᠤᠨ ᠭᠤᠤᠯ ᠠᠭᠤᠯᠭ᠎ᠠ ᠶᠢᠨ ᠵᠠᠳᠠᠯᠤᠯᠲᠠ ᠶᠢ ᠨᠡᠶᠢᠲᠡᠯᠡᠵᠦ ᠰᠤᠷᠤᠯᠴᠠᠭᠤᠯᠪᠠ᠃ ᠲᠠᠷᠠᠭᠠᠴᠢ ᠶᠢᠨ | ᠠᠯᠬᠤᠮ ᠳᠤ᠂ ᠪᠢᠳᠡ ᠬᠤᠰᠢᠭᠤᠨ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠤᠭᠠᠷ ᠠᠵᠢᠯ ᠢᠶᠠᠨ ᠨᠠᠷᠢᠯᠢᠭ | ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨ ᠭᠦᠨᠵᠡᠭᠡᠢ ᠰᠤᠷᠤᠯᠴᠠᠨ | ᠣᠶᠢᠯᠠᠭᠠᠵᠤ᠂ ᠪᠣᠳᠠᠲᠠᠢ ᠪᠠᠷ ᠲᠤᠭᠤᠰᠢᠯᠠᠭᠤᠯᠤᠨ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ | ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠵᠤ᠂ ᠦᠨᠳᠦᠰᠦᠨ ᠱᠠᠳᠤ ᠶᠢ | ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠨᠠᠮ ᠤᠨ ᠤᠳᠤᠷᠢᠳᠤᠯᠭ᠎ᠠ ᠶᠢ ᠪᠦᠲᠦᠮᠵᠢᠲᠡᠶ ᠪᠠᠷ ᠪᠡᠶᠡᠯᠡᠭᠦᠯᠬᠦ ᠪᠠᠲᠤ ᠴᠢᠩᠭ᠎ᠠ ᠲᠠᠶᠢᠴᠢᠨ | ᠪᠠᠬᠢᠯᠡᠯᠲᠡ ᠪᠣᠯᠭᠠᠨ ᠪᠠᠶᠢᠭᠤᠯᠵᠤ᠂ ᠨᠠᠮ ᠤᠨ ᠭᠡᠰᠢᠭᠦᠳ ᠤᠨ ᠬᠤᠰᠢᠭᠤᠴᠢ ᠵᠢᠱᠢᠶᠡᠴᠢ ᠦᠢᠯᠡᠳᠦᠯ ᠢᠶᠠᠨ | ᠪᠠᠳᠠᠷᠠᠭᠤᠯᠬᠤ ᠶᠢ ᠵᠣᠷᠢᠭᠵᠢᠭᠤᠯᠵᠤ᠂ ᠨᠠᠮ ᠤᠨ ᠭᠡᠰᠢᠭᠦᠨ ᠤ ᠡᠩᠨᠡᠭᠡᠨ ᠤ ᠲᠡᠷᠢᠭᠦᠨ ᠤ ᠴᠢᠨᠠᠷ ᠪᠠ ᠴᠡᠪᠡᠷ ᠴᠢᠨᠠᠷ ᠢ | ᠪᠠᠲᠤᠯᠠᠬᠤ ᠬᠡᠷᠡᠭᠲᠡᠶ᠃ ᠪᠠᠯᠭᠠᠰᠦ ᠭᠠᠴᠠᠭᠠᠨ ᠤ ᠨᠠᠮ ᠤᠨ ᠭᠡᠰᠢᠭᠦᠨ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠣᠬᠢᠶᠠᠨ ᠪᠠᠶᠢᠭᠤᠯᠤᠭᠴᠢ᠂ ᠲᠦᠯᠬᠢᠨ | ᠠᠬᠢᠭᠤᠯᠤᠭᠴᠢ᠂ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ ᠪᠠᠷ ᠪᠠᠷᠠᠬᠤ ᠦᠭᠡᠢ᠂ ᠨᠡᠩ ᠴᠤ ᠨᠤᠲᠤᠭ | ᠤᠰᠤ ᠪᠠᠨ ᠪᠦᠳᠦᠭᠡᠨ ᠪᠠᠶᠢᠭᠤᠯᠬᠤ᠂ ᠠᠷᠠᠳ ᠲᠦᠮᠡᠨ ᠳᠤ ᠦᠢᠯᠡᠴᠢᠯᠡᠬᠦ ᠲᠠᠭᠠᠭᠤᠯᠤᠭᠴᠢ᠂ ᠲᠦᠷᠦᠭᠦᠯᠡᠭᠴᠢ᠂ | ᠡᠭᠦᠳᠦᠨ ᠨᠡᠭᠡᠭᠡᠭᠴᠢ ᠪᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠲᠦᠷᠦᠭᠦᠯᠡᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠨ ᠨᠠᠶᠢᠳᠠᠪᠤᠷᠢᠵᠢᠭᠤᠯᠵᠤ ᠦᠨᠳᠦᠰᠦᠯᠡᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠪᠠᠰᠠ ︽ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ | ᠬᠥᠭᠵᠢᠭᠦᠯᠬᠦ ᠶᠢ ᠪᠠᠷᠢᠮᠲᠠᠯᠠᠬᠤ ᠬᠡᠷᠡᠭᠲᠡᠢ︾ ᠭᠡᠵᠦ ᠵᠢᠭᠠᠵᠤ ᠭᠠᠷᠭᠠᠵᠠᠢ᠂ ᠡᠨᠡ ᠨᠢ ᠪᠢᠳᠡᠨ ᠤ ᠴᠢᠷᠮᠠᠶᠢᠬᠤ ᠴᠢᠭᠯᠡᠯ ᠢ | ᠨᠡᠩ ᠲᠣᠳᠣᠷᠬᠠᠢ ᠪᠣᠯᠭᠠᠵᠤ᠂ ᠠᠵᠢᠯ ᠤᠨ ᠬᠠᠷᠠᠯᠲᠠ ᠶᠢ ᠨᠡᠩ ᠲᠣᠳᠣᠷᠬᠠᠢ ᠪᠣᠯᠭᠠᠵᠤ᠂ ᠤᠷᠤᠭᠰᠢᠯᠠᠯᠲᠠ ᠶᠢᠨ | ᠠᠯᠬᠤᠴᠠ ᠶᠢ ᠨᠡᠩ ᠪᠠᠲᠤ ᠪᠠᠬᠢ ᠪᠣᠯᠭᠠᠵᠠᠢ᠃ ᠮᠠᠨ ᠤ ᠪᠠᠯᠭᠠᠰᠤ ᠨᠠᠮ ᠤᠨ ᠪᠠᠶᠢᠭᠤᠯᠤᠯᠲᠠ ᠪᠠᠷ ᠬᠥᠲᠥᠯᠦᠨ | ᠳᠠᠭᠠᠭᠤᠯᠬᠤ᠂ ᠵᠢᠱᠢᠶ᠎ᠡ ᠦᠵᠡᠭᠦᠯᠦᠨ ᠳᠠᠶᠢᠴᠢᠯᠠᠬᠤ᠂ ᠣᠯᠠᠨ ᠲᠦᠮᠡᠨ ᠣᠷᠣᠯᠴᠠᠬᠤ ᠠᠵᠢᠯ ᠤᠨ ᠰᠡᠳᠬᠢᠮᠵᠢ ᠶᠢ | ᠪᠠᠷᠢᠮᠲᠠᠯᠠᠨ᠂ ︽ᠠᠮᠢ ᠠᠬᠤᠶ ᠪᠠᠷ ᠪᠠᠯᠭᠠᠰᠤ ᠪᠠᠶᠢᠭᠤᠯᠬᠤ᠂ ᠲᠥᠷᠥᠯ ᠵᠦᠢᠯ ᠢᠶᠠᠷ ᠪᠠᠯᠭᠠᠰᠤ ᠶᠢ ᠬᠦᠴᠦᠷᠬᠡᠭᠵᠢᠭᠦᠯᠬᠦ᠂ | ᠠᠵᠤ ᠦᠢᠯᠡᠰ ᠢᠶᠠᠷ ᠪᠠᠯᠭᠠᠰᠤ ᠶᠢ ᠬᠥᠭᠵᠢᠭᠦᠯᠬᠦ᠂ ᠵᠠᠰᠠᠯᠲᠠ ᠪᠠᠷ ᠪᠠᠯᠭᠠᠰᠤ ᠶᠢ ᠲᠣᠭᠲᠠᠭᠤᠨ ᠪᠠᠶᠢᠯᠭᠠᠬᠤ︾ ᠶᠢ | ᠴᠢᠩᠭ᠎ᠠ ᠠᠳᠬᠤᠵᠤ᠂ ᠣᠷᠤᠨ ᠭᠠᠵᠠᠷ ᠤᠨ ᠳᠠᠪᠠᠭᠤᠯᠢᠭ ᠠᠴᠠ ᠡᠭᠦᠰᠴᠦ᠂ ᠬᠤᠨᠲᠤ ᠪᠠᠯᠭᠠᠰᠤ ᠶᠢ ᠠᠷᠤ ᠬᠤᠷᠴᠢᠨ | ᠬᠤᠰᠢᠭᠤᠨ ᠤ ᠦᠬᠡᠷ ᠲᠡᠵᠢᠭᠡᠬᠦ ᠭᠤᠤᠯᠳᠠᠯᠭ᠎ᠠ ᠲᠠᠢ ᠮᠠᠯᠵᠢᠬᠤ ᠲᠣᠮᠣ ᠪᠠᠯᠭᠠᠰᠤ ᠪᠠ ᠲᠠᠯ᠎ᠠ ᠨᠤᠲᠤᠭ ᠤᠨ ᠠᠯᠠᠰᠢᠨ | ᠦᠬᠡᠷ ᠤᠨ ᠤᠨᠴᠠᠯᠢᠬᠳᠤ ᠪᠠᠯᠭᠠᠰᠤ ᠪᠣᠯᠭᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ | ᠠᠯᠠᠰᠢᠨ ᠦᠬᠡᠷ ᠤᠨ ᠲᠤᠭ᠎ᠠ ᠶᠢ 10 ᠲᠦᠮᠡᠨ ᠲᠤᠯᠤᠭᠠᠢ ᠳᠤ ᠬᠦᠷᠭᠡᠵᠦ᠂ ᠠᠷᠤ ᠬᠤᠷᠴᠢᠨ ᠬᠤᠰᠢᠭᠤᠨ ᠤ | ᠠᠯᠠᠰᠢᠨ ᠦᠬᠡᠷ ᠤᠨ ᠠᠵᠤ ᠦᠢᠯᠡᠰ ᠤᠨ ᠭᠤᠤᠯᠳᠠᠯᠭ᠎ᠠ ᠲᠠᠢ ᠪᠠᠯᠭᠠᠰᠤ᠂ ᠵᠣᠣ ᠤᠳᠠ ᠠᠯᠠᠰᠢᠨ ᠦᠬᠡᠷ ᠤᠨ | ᠡᠭᠦᠯᠳᠡᠷ ᠪᠤᠶᠢᠵᠢᠭᠤᠯᠬᠤ ᠭᠤᠤᠯ ᠰᠠᠭᠤᠷᠢᠨ ᠭᠠᠵᠠᠷ ᠪᠤᠯᠭᠠᠵᠤ᠂ ᠴᠡᠪᠡᠷ ᠡᠭᠦᠯᠳᠡᠷ ᠢ ᠦᠷᠡᠵᠢᠭᠦᠯᠦᠨ | ᠪᠤᠶᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡᠪᠡᠷ | ᠳᠡᠭᠡᠭᠰᠢᠯᠡᠭᠦᠯᠵᠦ᠂ ᠮᠠᠯᠴᠢᠳ ᠤᠨ ᠣᠷᠤᠯᠭ᠎ᠠ ᠶᠢ ᠨᠡᠮᠡᠭᠳᠡᠭᠦᠯᠦᠨ᠎ᠡ᠃ | ᠮᠠᠨ ᠤ ᠪᠠᠯᠭᠠᠰᠤ ᠨᠢ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠪᠠᠷ | ᠰᠢᠪᠲᠤᠯᠤᠯᠲᠠ ᠪᠣᠯᠭᠠᠵᠤ᠂ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠪᠠᠷ ᠭᠤᠤᠯᠳᠠᠯᠭ᠎ᠠ ᠪᠣᠯᠭᠠᠨ᠂ | ᠮᠠᠯᠴᠢᠳ ᠤᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ ︽ᠭᠤᠷᠪᠠᠨ ᠪᠠᠶᠢᠴᠠ ᠨᠢᠭᠡᠴᠢᠯᠡᠭᠰᠡᠨ︾ | ᠵᠠᠭᠪᠤᠷ ᠢ ᠲᠦᠭᠡᠮᠡᠯᠵᠢᠭᠦᠯᠦᠨ᠂ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠶᠡᠬᠡᠪᠡᠷ ᠠᠬᠢᠭᠤᠯᠵᠤ᠂ ᠠᠯᠠᠰᠢᠨ | ᠦᠬᠡᠷ ᠠᠯᠠᠰᠢᠨ ᠬᠤᠨᠢ ᠶᠢ ᠬᠥᠭᠵᠢᠭᠦᠯᠬᠦ ᠳᠤ ᠳᠠᠪᠠᠭᠤᠯᠢᠭ ᠨᠥᠬᠦᠴᠡᠯ ᠢ ᠴᠢᠷᠮᠠᠶᠢᠨ ᠡᠭᠦᠳᠴᠦ᠂ ᠵᠣᠬᠢᠬᠤ | ᠬᠡᠪᠴᠢᠶᠡᠵᠢᠭᠦᠯᠦᠨ ᠡᠵᠡᠩᠨᠡᠵᠦ ᠡᠷᠴᠢᠮᠵᠢᠭᠦᠯᠦᠨ ᠦᠢᠯᠡᠳᠪᠤᠷᠢᠯᠡᠬᠦ ᠰᠢᠨ᠎ᠡ ᠬᠡᠯᠪᠡᠷᠢ ᠶᠢᠨ ᠬᠡᠯᠬᠢᠶᠡᠴᠢᠯᠡᠭᠰᠡᠨ ᠵᠠᠭᠪᠤᠷ ᠢ | ᠠᠯᠬᠤᠮ ᠠᠯᠬᠤᠮ ᠢᠶᠠᠷ ᠪᠣᠶ ᠪᠣᠯᠭᠠᠨ᠎ᠠ᠃ | ᠳᠠᠷᠠᠭᠠᠴᠢ ᠶᠢᠨ ᠠᠯᠬᠤᠮ ᠳᠤ᠂ ᠬᠤᠨᠲᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠲᠤᠬᠠᠶ ᠬᠥᠭᠡᠭᠡᠴᠡᠯᠳᠦᠯ ᠪᠠ ᠬᠦᠰᠡᠯ ᠡᠷᠡᠮᠡᠯᠵᠡᠯ ᠢᠶᠠᠷ ᠢᠮᠠᠭᠲᠠ ᠠᠵᠢᠯ ᠤᠨ ᠢᠶᠠᠨ ᠲᠤᠰᠤᠯᠲᠠ ᠪᠠ | ᠡᠬᠢᠯᠡᠯᠲᠡ ᠶᠢᠨ ᠴᠡᠭ ᠪᠣᠯᠭᠠᠵᠤ᠂ ᠮᠠᠨ ᠤ ᠪᠠᠯᠭᠠᠰᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠦᠬᠦ | ᠵᠢᠯ ᠤᠨ ᠢᠯᠠᠯᠲᠠ ᠶᠢ ᠲᠡᠮᠡᠴᠡᠨ ᠣᠯᠵᠤ᠂ ᠰᠡᠳᠬᠢᠴᠡ ᠪᠠᠨ ᠶᠠᠷᠢᠵᠤ᠂ ᠠᠷᠭ᠎ᠠ ᠠᠪᠴᠠᠯ ᠢᠶᠠᠨ ᠶᠠᠷᠢᠵᠤ᠂ | ᠬᠥᠭᠵᠢᠯᠲᠡ ᠶᠢ ᠡᠷᠢᠯᠬᠢᠯᠡᠵᠦ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠦᠵᠡᠯ | ᠰᠠᠨᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠬᠦ ᠶᠢ ᠤᠯᠠᠮ ᠨᠢᠭᠡ | ᠠᠯᠬᠤᠮ ᠬᠥᠲᠥᠯᠥᠨ ᠵᠢᠯᠣᠭᠤᠳᠴᠤ᠂ ᠬᠦᠴᠦᠨ ᠴᠢᠳᠠᠯ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ | ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠳᠡᠭᠡᠷ᠎ᠡ ᠲᠦᠪᠯᠡᠷᠡᠭᠦᠯᠵᠦ᠂ ᠭᠦᠨᠵᠡᠭᠡᠢ ᠰᠤᠷᠤᠯᠴᠠᠨ ᠪᠣᠳᠠᠲᠠᠢ ᠬᠡᠷᠡᠭᠯᠡᠵᠦ᠂ | ᠦᠨᠡᠨᠬᠦ ᠠᠳᠬᠤᠨ ᠪᠣᠳᠠᠲᠠᠢ ᠠᠵᠢᠯᠯᠠᠵᠤ᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠬᠥᠭᠵᠢᠯᠲᠡ ᠶᠢ ᠬᠥᠰᠡᠷᠳᠡᠭᠦᠯᠬᠦ | ᠦᠭᠡᠢ᠂ ᠤᠯᠠᠨ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠷ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠬᠤᠨᠲᠤ ᠪᠠᠯᠭᠠᠰᠤᠨ ᠳᠤ ᠦᠨᠳᠦᠰᠦᠯᠡᠭᠦᠯᠵᠦ᠂ ᠴᠡᠴᠡᠭᠯᠡᠬᠦᠯᠵᠦ᠂ ᠵᠢᠮᠢᠰᠯᠡᠭᠦᠯᠬᠦ ᠶᠢ | ᠭᠤᠶᠢᠪᠢᠰᠢ ᠦᠭᠡᠢ ᠠᠬᠢᠭᠤᠯᠵᠤ᠂ ᠬᠤᠨᠲᠤ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | ᠰᠤᠷᠪᠤᠯᠵᠢᠯᠠᠭᠴᠢ᠄ ᠦᠯᠵᠡᠶᠢᠬᠡᠰᠢᠭ | | |