ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠠᠨᠰᠦ᠋ᠮ᠎ᠡ ᠰᠤᠮᠦ ᠪᠠᠨ ᠠᠮᠤᠷ ᠠᠮᠤᠭᠤᠯᠠᠩ ᠰᠠᠶᠢᠨ ᠰᠠᠶᠢᠬᠠᠨ ᠪᠠᠶᠠᠨ ᠲᠠᠩᠰᠤᠭ ᠤᠳᠤᠬᠢᠴᠢᠯᠠᠭᠰᠠᠨ ᠮᠠᠯᠵᠢᠬᠤ ᠤᠷᠤᠨ ᠪᠤᠯᠭᠠᠨ ᠪᠦᠳᠦᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2022/12/17
           ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ            ᠨᠠᠶᠢᠳᠠᠪᠤᠷᠢᠵᠢᠭᠤᠯᠵᠦ᠂  ᠬᠠᠨᠰᠦ᠋ᠮ᠎ᠡ  ᠰᠤᠮᠦ ᠪᠠᠨ  ᠠᠮᠤᠷ  ᠠᠮᠤᠭᠤᠯᠠᠩ            ᠰᠠᠶᠢᠨ  ᠰᠠᠶᠢᠬᠠᠨ  ᠪᠠᠶᠠᠨ  ᠲᠠᠩᠰᠤᠭ  ᠤᠳᠤᠬᠢᠴᠢᠯᠠᠭᠰᠠᠨ  ᠮᠠᠯᠵᠢᠬᠤ            ᠤᠷᠤᠨ           ᠪᠤᠯᠭᠠᠨ        ᠪᠦᠳᠦᠭᠡᠨ         ᠪᠠᠶᠢᠭᠤᠯᠤᠨ᠎ᠠ                                       —  ᠬᠠᠨᠰᠦ᠋ᠮ᠎ᠡ ᠰᠣᠮᠣ ᠶᠢᠨ ᠨᠠᠮ ᠤᠨ                                            ᠬᠤᠷᠢᠶ᠎ᠠ ᠶᠢᠨ ᠱᠦᠵᠢ   ᠪᠠᠢ · ᠭᠡᠷᠡᠯᠲᠦ
       ᠨᠠᠮ ᠤᠨ ᠬᠤᠷᠢᠳᠣᠭᠠᠷ ᠶᠡᠭᠡ ᠬᠤᠷᠠᠯ ᠤᠨ ᠮᠡᠳᠡᠭᠦᠯᠦᠯᠲᠡ ᠶᠢ ᠰᠤᠨᠤᠰᠤᠭᠠᠳ ᠨᠠᠳᠠ ᠳᠤ ᠮᠠᠰᠢ ᠶᠡᠭᠡ ᠣᠯᠣᠯᠲᠠ ᠲᠦᠷᠦᠭᠳᠡᠯ ᠲᠠᠢ᠃ ᠬᠤᠷᠢᠳᠤᠭᠠᠷ ᠶᠡᠭᠡ ᠬᠤᠷᠠᠯ ᠢ ᠰᠤᠷᠤᠯᠴᠠᠭᠠᠳ ᠮᠢᠨᠤ ᠨᠢᠳᠤᠨ ᠬᠠᠷᠠᠭ᠎ᠠ ᠨᠡᠭᠡᠭᠡᠭᠳᠡᠵᠦ᠂ ᠠᠵᠢᠯ ᠤᠨ ᠰᠡᠳᠬᠢᠴᠡ ᠦᠷᠭᠡᠨ ᠳᠡᠯᠭᠡᠷ ᠪᠤᠯᠵᠠᠢ᠃ ᠨᠠᠮ ᠤᠨ ᠬᠤᠷᠢᠳᠣᠭᠠᠷ ᠶᠡᠭᠡ ᠬᠤᠷᠠᠯ ᠤᠨ ᠵᠤᠷᠢᠭ ᠰᠠᠨᠠᠭ᠎ᠠ ᠲᠠᠢ ᠤᠶᠠᠯᠳᠤᠭᠤᠯᠵᠦ ᠪᠢ ᠮᠠᠨ ᠤ ᠬᠠᠨᠰᠦ᠋ᠮ᠎ᠡ ᠰᠤᠮᠦ ᠶᠢᠨ ᠠᠵᠤ ᠠᠬᠤᠢ᠂ ᠨᠡᠶᠢᠭᠡᠮ ᠤᠨ ᠬᠦᠭᠵᠢᠯᠲᠡ ᠶᠢᠨ ᠲᠤᠬᠠᠢ ᠭᠤᠷᠪᠠᠨ ᠲᠠᠯ᠎ᠠ ᠪᠠᠷ ᠶᠠᠷᠢᠶ᠎ᠠ᠃        ᠨᠢᠭᠡ᠂ ᠣᠷᠴᠢᠨ ᠲᠤᠭᠤᠷᠢᠨ ᠢ ᠰᠠᠶᠢᠵᠢᠷᠠᠭᠤᠯᠵᠦ᠂ ᠠᠮᠢ ᠠᠬᠤᠢ ᠶᠢ ᠰᠡᠷᠭᠦᠭᠡᠨ᠎ᠡ᠃ ᠮᠠᠨ ᠤ ᠬᠠᠨᠰᠦ᠋ᠮ᠎ᠡ ᠰᠤᠮᠦ ᠳᠤ ᠠᠪᠠᠭ᠎ᠠ ᠬᠠᠷ᠎ᠠ ᠠᠭᠤᠯᠠ ᠪᠤᠯᠤᠨ ᠴᠤᠭᠲᠤ ᠬᠠᠨ ᠠᠭᠤᠯᠠ ᠭᠡᠬᠦ ᠬᠤᠶᠠᠷ ᠶᠡᠭᠡ ᠠᠭᠤᠯᠠ       ᠲᠠᠢ᠂ ᠬᠤᠰᠤᠲᠣ ᠶᠢᠨ ᠬᠦᠨᠲᠡᠢ᠂ ᠭᠠᠭ᠋ᠠᠶᠢᠲᠦ ᠶᠢᠨ ᠬᠦᠨᠲᠠᠢ ᠭᠡᠬᠦ ᠲᠠᠪᠤᠨ ᠬᠦᠨᠲᠡᠢ ᠲᠠᠢ᠂ ᠳ᠋ᠠᠯᠠᠷ ᠤᠨ ᠭᠤᠤᠯ᠂ ᠬᠠᠬᠢᠷ ᠤᠨ ᠭᠤᠤᠯ᠂ ᠱᠡᠭᠡᠵᠡᠭᠡᠢ ᠶᠢᠨ ᠭᠤᠤᠯ ᠭᠡᠬᠦ ᠭᠤᠷᠪᠠᠨ ᠭᠤᠤᠯ ᠲᠠᠢ᠃ ᠣᠷᠴᠢᠮ ᠤᠨ ᠬᠡᠳᠦᠨ ᠵᠢᠯ ᠳᠤ  ᠬᠡᠲᠤᠷᠬᠡᠢ ᠮᠠᠯᠵᠢᠭ᠍ᠰᠡᠨ ᠠᠴᠠ ᠪᠤᠯᠤᠭᠠᠳ ᠡᠨᠡ ᠬᠡᠳᠦᠨ ᠬᠦᠨᠲᠠᠢ᠂ ᠭᠤᠤᠯ᠂ ᠠᠭᠤᠯᠠ ᠶᠢᠨ ᠠᠮᠢ ᠠᠬᠤᠢ ᠨᠡᠯᠢᠶᠡᠳ ᠡᠪᠳᠡᠭᠳᠡᠭᠰᠡᠨ ᠪᠠᠶᠢᠨ᠎ᠠ᠃ ᠬᠤᠷᠢᠳᠣᠭᠠᠷ ᠶᠡᠭᠡ ᠬᠤᠷᠠᠯ ᠤᠨ ᠬᠦᠬᠡᠮᠳᠦᠭ ᠨᠤᠭᠤᠭᠠᠨ ᠠᠭᠤᠯᠠ ᠣᠰᠤ ᠪᠤᠯ ᠠᠯᠲᠠ ᠮᠦᠩᠬᠦᠨ ᠠᠭᠤᠯᠠ ᠬᠡᠬᠦ ᠤᠶᠢᠯᠠᠭᠠᠭᠳᠠᠬᠤᠨ ᠢ ᠪᠠᠷᠢᠮᠳᠠᠯᠠᠵᠦ᠂ ᠠᠭᠤᠯᠠ ᠤᠰᠤ ᠪᠠᠨ ᠨᠤᠭᠤᠭᠠᠷᠠᠭᠤᠯᠵᠣ᠂ ᠮᠠᠯ ᠠᠵᠤ ᠠᠬᠤᠢ ᠶᠢᠨ ᠬᠦᠭᠵᠢᠯᠲᠡ ᠶᠢᠨ ᠰᠠᠭᠤᠷᠢ ᠶᠢ ᠲᠠᠯᠪᠢᠨ᠎ᠠ᠃        ᠬᠤᠶᠠᠷ᠂  ᠭᠤᠤᠯ ᠠᠵᠦ ᠠᠬᠤᠢ ᠶᠢ ᠦᠷᠬᠦᠯᠵᠢᠯᠡᠨ ᠠᠳᠬᠤᠵᠦ᠂  ᠤᠯᠠᠨ ᠲᠦᠮᠡᠨ ᠤ ᠤᠷᠤᠯᠭ᠎ᠠ ᠶᠢ ᠨᠡᠮᠡᠭᠳᠡᠬᠦᠯᠦᠨ᠎ᠡ᠃ ᠲᠠᠷᠢᠶᠠᠯᠠᠩ ᠮᠠᠯ ᠠᠵᠦ ᠠᠬᠤᠢ ᠶᠢ ᠬᠦᠭᠵᠢᠬᠦᠯᠬᠦ ᠲᠠᠯ᠎ᠠ ᠪᠠᠷ ᠨᠢᠭᠡ ᠳᠤ ᠲᠠᠷᠢᠶᠠᠯᠠᠩ ᠤᠨ ᠣᠰᠤ ᠠᠷᠪᠢᠯᠠᠬᠤ ᠲᠠᠯ᠎ᠠ ᠪᠠᠷ ᠬᠦᠷᠦᠯᠴᠡᠬᠦ ᠦᠭᠡᠢ ᠪᠠᠶᠢᠬᠤ ᠪᠠᠭᠤᠷᠠᠢ ᠲᠠᠯ᠎ᠠ ᠪᠠᠨ ᠬᠦᠢᠴᠡᠳ ᠲᠠᠨᠢᠵᠦ᠂ ᠰᠢᠨᠵᠢᠯᠡᠬᠦ ᠣᠬᠠᠭᠠᠨᠴᠢ ᠪᠠᠷ ᠣᠰᠤ ᠠᠷᠪᠢᠯᠠᠬᠤ ᠢᠨᠵᠧᠨᠧᠷᠢᠩ ᠢ ᠣᠷᠣᠭᠤᠯᠵᠣ᠂ ᠲᠦᠮᠡ ᠢᠯᠡᠭᠦᠦ ᠮᠦ ᠲᠠᠷᠢᠶᠠᠨ ᠭᠠᠵᠠᠷ ᠢ ᠤᠨᠠᠯᠳᠠ ᠰᠠᠶᠢᠳᠠᠢ ᠦᠨᠳᠦᠷ ᠪᠠᠷᠢᠶᠠᠮᠵᠢᠲᠦ ᠲᠠᠷᠢᠶᠠᠨ ᠭᠠᠵᠠᠷ ᠪᠤᠯᠭᠠᠨ ᠬᠦᠭᠵᠢᠬᠦᠯᠦᠨ᠎ᠡ᠃  ᠬᠤᠶᠠᠷ ᠲᠤ᠂ ᠮᠠᠯ ᠠᠵᠤ ᠠᠬᠤᠢ ᠶᠢᠨ ᠲᠠᠯ᠎ᠠ ᠪᠠᠷ᠂ ᠪᠤᠲᠠ ᠮᠠᠯ ᠲᠠᠪᠤᠨ ᠲᠦᠮᠡ ᠢᠯᠡᠭᠦᠦ ᠲᠤᠯᠤᠭᠠᠢ᠂ ᠪᠤᠭ ᠮᠠᠯ ᠶᠢᠰᠦᠨ ᠲᠦᠮᠡ ᠢᠯᠡᠭᠦᠦ ᠲᠤᠭ᠎ᠠ ᠲᠤᠯᠤᠭᠠᠢ ᠳᠤ ᠬᠦᠷᠦᠭᠰᠡᠨ ᠪᠠᠶᠢᠨ᠎ᠠ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠪᠤᠭ ᠮᠠᠯ ᠤᠨ ᠲᠤᠭ᠎ᠠ ᠶᠢ ᠪᠠᠭᠠᠰᠬᠠᠨ᠂ ᠪᠣᠳᠠ ᠮᠠᠯ ᠢ ᠴᠢᠨᠠᠷᠵᠢᠭᠤᠯᠵᠦ᠂  ᠲᠠᠷᠢᠶᠠᠯᠠᠩ ᠮᠠᠯ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠡᠷᠢᠯᠬᠢᠯᠡᠨ᠎ᠡ᠃        ᠭᠤᠷᠪᠠ᠂  ᠭᠠᠵᠠᠷ ᠤᠷᠤᠨ ᠤ ᠣᠨᠴᠠᠯᠢᠭ ᠳᠠᠪᠠᠭᠤᠯᠢᠭ ᠢᠶᠠᠨ ᠪᠠᠳᠠᠷᠠᠭᠤᠯᠵᠤ᠂ ᠲᠠᠪᠤᠨ ᠵᠦᠢᠯ ᠤᠨ ᠠᠵᠤ ᠦᠢᠯᠡᠰ ᠢ ᠬᠦᠭᠵᠢᠬᠦᠯᠦᠨ᠎ᠡ᠃ ᠡᠨᠡ ᠲᠠᠪᠤᠨ ᠵᠦᠢᠯ ᠤᠨ ᠠᠵᠤ ᠦᠢᠯᠡᠰ ᠨᠢ ᠮᠠᠨ ᠤ ᠬᠠᠨᠰᠦ᠋ᠮ᠎ᠡ ᠰᠤᠮᠦ ᠶᠢᠨ  ᠤᠨᠴᠠᠯᠢᠭᠲᠦ ᠠᠵᠦ ᠦᠢᠯᠡᠰ ᠪᠤᠯᠤᠨ᠎ᠠ᠃ ᠡᠨᠡ ᠲᠠᠪᠤᠨ ᠵᠦᠢᠯ ᠤᠨ ᠠᠵᠤ ᠦᠢᠯᠠᠰ ᠨᠢ ᠲᠠᠷᠤᠢ ᠪᠤᠷᠭᠠᠰᠤᠨ ᠭᠦᠷᠦᠮᠡᠯ᠂ ᠰᠡᠨᠳᠡᠩ ᠴᠠᠢ᠂ ᠬᠠᠳᠬᠤᠮᠠᠯ᠂ ᠴᠠᠭᠠᠨ ᠢᠳᠡᠭᠡ᠂ ᠮᠣᠳᠣᠨ ᠰᠡᠶᠢᠯᠦᠮᠡᠯ᠂ ᠡᠭᠦᠨ ᠳᠤ ᠮᠤᠳᠤᠨ ᠰᠡᠶᠢᠯᠦᠮᠡᠯ ᠨᠢ ᠮᠣᠳᠣᠨ ᠦᠨᠳᠦᠰᠦ ᠪᠤᠶᠤ ᠣᠨᠴᠠᠭᠠᠢ ᠮᠤᠳᠤ ᠪᠠᠷ ᠵᠠᠰᠠᠯ ᠴᠢᠮᠡᠭᠯᠡᠯ ᠰᠡᠶᠢᠯᠳᠡᠭ ᠠᠵᠦ ᠦᠢᠯᠡᠰ ᠪᠤᠯᠤᠨ᠎ᠠ᠃ ᠡᠨᠡᠬᠦ ᠲᠠᠪᠤᠨ ᠠᠵᠤ ᠦᠢᠯᠡᠰ ᠨᠢ ᠬᠡᠳᠦᠨ ᠣᠨᠴᠠᠯᠢᠭ ᠲᠠᠢ ᠪᠠᠶᠢᠳᠠᠭ᠃ ᠮᠤᠳᠤᠨ ᠰᠡᠶᠢᠯᠦᠮᠡᠯ ᠬᠢᠬᠦ ᠳᠤ ᠭᠤᠷᠪᠠᠨ ᠭᠤᠤᠯ ᠲᠠᠭᠠᠦ ᠮᠢᠩᠭ᠎ᠠ ᠢᠯᠡᠬᠦᠦ ᠮᠦ ᠪᠤᠷᠭᠠᠰᠣ ᠪᠠᠶᠢᠬᠤ ᠪᠤᠯᠬᠤᠷ ᠪᠤᠷᠣ ᠮᠠᠲ᠋ᠧᠷᠢᠶᠠᠯ ᠡᠯᠪᠡᠭ᠂ ᠪᠡᠯᠡ ᠣᠷᠣᠭᠤᠯᠣᠯᠲᠠ ᠪᠠᠭ᠎ᠠ᠂ ᠲᠦᠭᠰᠢᠭᠦᠷᠢ ᠴᠦ ᠪᠠᠭ᠎ᠠ᠂ ᠪᠠᠰᠠ ᠮᠠᠯ ᠲᠠᠷᠢᠶᠠᠨ ᠠᠵᠢᠯ ᠤᠨ ᠢᠶᠠᠨ ᠰᠣᠯᠠ ᠰᠡᠯᠡᠭᠦᠦ ᠴᠠᠭ  ᠢᠶᠠᠨ ᠠᠰᠢᠭᠯᠠᠵᠦ ᠬᠢᠵᠦ ᠤᠷᠤᠯᠳᠤᠵᠦ ᠪᠤᠯᠤᠨ᠎ᠠ᠃  ᠬᠠᠳᠬᠤᠮᠠᠯ ᠴᠦ ᠬᠡᠰᠡᠨ ᠠᠳᠠᠯᠢᠬᠠᠨ᠂ ᠡᠷᠲᠡ ᠣᠷᠣᠢ ᠶᠢᠨ ᠰᠡᠯᠡᠭᠦᠦ ᠴᠠᠭ ᠢᠶᠠᠷ ᠢᠶᠠᠨ ᠬᠢᠵᠦ ᠪᠤᠯᠤᠨ᠎ᠠ᠃ ᠪᠢᠲᠡ ᠰᠢᠨ᠎ᠡ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠡᠷᠴᠢᠨ ᠳᠡᠭᠡᠷ᠎ᠡ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠶᠢ ᠰᠢᠯᠢᠳᠡᠭᠵᠢᠬᠦᠯᠵᠦ᠂ ᠲᠡᠷᠢᠶᠠᠯᠠᠩ ᠤᠨ ᠲᠤᠨᠤᠭ ᠲᠦᠬᠦᠭᠡᠷᠦᠮᠵᠢ ᠶᠢ ᠪᠦᠷᠢᠳᠦᠬᠦᠯᠵᠦ᠂ ᠤᠨᠠᠯᠳᠠ ᠰᠠᠶᠢᠳᠠᠢ ᠦᠨᠳᠦᠷ ᠪᠠᠷᠢᠮᠵᠢᠶᠡᠲᠦ ᠲᠠᠷᠢᠶᠠᠨ ᠭᠠᠵᠠᠷ ᠪᠤᠯᠭᠠᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠬᠦᠯᠦᠨ᠂ ᠬᠠᠨᠰᠦ᠋ᠮ᠎ᠡ ᠰᠤᠮᠦ ᠪᠠᠨ ᠠᠮᠦᠷ ᠠᠮᠦᠭᠤᠯᠠᠩ ᠰᠠᠶᠢᠨ ᠰᠠᠶᠢᠬᠠᠨ ᠪᠠᠶᠠᠨ ᠲᠠᠩᠰᠤᠭ ᠣᠳᠣᠬᠢᠴᠢᠯᠠᠭᠰᠠᠨ ᠮᠠᠯᠵᠢᠬᠤ ᠣᠷᠣᠨ ᠪᠣᠯᠭᠠᠬᠤ ᠪᠠᠷ ᠴᠢᠷᠮᠠᠶᠢᠨ ᠠᠵᠢᠯᠯᠠᠨ᠎ᠠ᠃                                                     ᠰᠤᠷᠪᠤᠯᠵᠢᠯᠠᠭᠴᠢ᠄ ᠦᠯᠵᠡᠶᠢᠬᠡᠰᠢᠭ  
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号