ᠨᠠᠮ ᠤᠨ ᠬᠤᠷᠢᠳᠤᠭᠠᠷ  ᠶᠡᠭᠡ ᠬᠤᠷᠠᠯ ᠢ ᠰᠤᠷᠤᠯᠴᠠᠨ ᠲᠤᠭᠤᠰᠢᠯᠠᠭᠤᠯᠵᠦ᠂ ︽ᠭᠤᠷᠪᠠ ᠶᠢ ᠨᠢᠭᠡ ᠴᠤᠭᠴᠠᠵᠢᠭᠤᠯᠬᠤ︾ ᠬᠠᠩᠭᠠᠨ ᠪᠤᠷᠤᠯᠠᠭᠤᠯᠬᠤ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠪᠣᠳᠠᠲᠤ ᠴᠣᠭᠴᠠ ᠶᠢᠨ ᠡᠵᠡᠩᠨᠡᠯᠲᠡ ᠪᠠ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠡᠷ ᠠᠬᠢᠭᠤᠯᠤᠶ᠎ᠠ
ᠨᠡᠶᠢᠲᠡᠯᠡᠭᠰᠡᠨ ᠴᠠᠭ᠄
2022/12/19
           ᠨᠠᠮ ᠤᠨ ᠬᠤᠷᠢᠳᠤᠭᠠᠷ  ᠶᠡᠭᠡ ᠬᠤᠷᠠᠯ ᠢ  ᠰᠤᠷᠤᠯᠴᠠᠨ ᠲᠤᠭᠤᠰᠢᠯᠠᠭᠤᠯᠵᠦ᠂            ︽ᠭᠤᠷᠪᠠ ᠶᠢ  ᠨᠢᠭᠡ  ᠴᠤᠭᠴᠠᠵᠢᠭᠤᠯᠬᠤ︾   ᠬᠠᠩᠭᠠᠨ   ᠪᠤᠷᠤᠯᠠᠭᠤᠯᠬᠤ            ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠪᠣᠳᠠᠲᠤ ᠴᠣᠭᠴᠠ ᠶᠢᠨ            ᠡᠵᠡᠩᠨᠡᠯᠲᠡ ᠪᠠ  ᠬᠥᠳᠡᠭᠡ ᠲᠣᠰᠬᠤᠨ ᠢ  ᠬᠥᠭᠵᠢᠭᠦᠯᠦᠨ ᠮᠠᠨᠳᠤᠭᠤᠯᠬᠤ ᠶᠢ            ᠪᠦᠬᠦ                    ᠲᠠᠯ᠎ᠠ ᠪᠠᠷ                  ᠠᠬᠢᠭᠤᠯᠤᠶ᠎ᠠ                                          —  ᠵᠢᠭᠠᠰᠤᠲᠠᠢ ᠪᠠᠯᠭᠠᠰᠦ ᠶᠢᠨ ᠨᠠᠮ ᠤᠨ                                               ᠬᠤᠷᠢᠶ᠎ᠠ ᠶᠢᠨ ᠱᠦᠵᠢ      ᠰᠡᠴᠡᠨ
       ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠵᠢᠭᠠᠰᠤᠳᠠᠢ ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠦ ᠤᠬᠠᠭᠤᠯᠤᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠨ ᠠᠳᠬᠤᠵᠤ᠂ ᠲᠦᠪ ᠴᠢᠩᠭ᠎ᠠ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠤᠬᠠᠭᠤᠯᠤᠨ ᠰᠣᠷᠣᠯᠴᠠᠵᠦ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂      ︽ᠲᠦᠷᠪᠡᠨ ᠤᠬᠠᠮᠰᠠᠷ︾ ᠢ ᠦᠨᠡᠨᠬᠦ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠎ᠡ᠃        ᠨᠢᠭᠡ ᠳᠤ᠂ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠰᠤᠷᠤᠯᠴᠠᠯᠭ᠎ᠠ ᠤᠬᠠᠭᠤᠯᠭ᠎ᠠ ᠶᠢᠨ ᠬᠥᠮᠦᠵᠢᠯ ᠢ ᠯᠠᠪᠳᠠᠭᠤᠨ ᠪᠠᠲᠤᠲᠠᠢ ᠦᠷᠨᠢᠭᠦᠯᠪᠡ᠃ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠢᠨ ᠲᠦᠷᠦᠭᠦᠴᠢ ᠭᠠᠯᠠᠭᠤ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠲᠦᠷᠦᠭᠦᠯᠡᠨ ᠰᠤᠷᠤᠯᠴᠠᠨ ᠤᠬᠠᠭᠤᠯᠵᠤ᠂ ᠲᠦᠷᠦᠭᠦᠯᠡᠨ ᠲᠤᠭᠤᠰᠢᠯᠠᠭᠤᠯᠵᠤ᠂ ᠤᠷᠢᠳᠠᠪᠠᠷ ᠰᠤᠷᠤᠯᠴᠠᠵᠤ᠂ ᠭᠦᠨᠵᠡᠭᠡᠢ ᠰᠤᠷᠤᠯᠴᠠᠭᠰᠠᠨ ᠪᠠᠶᠢᠨ᠎ᠠ᠃ ᠡᠯ᠎ᠡ ᠱᠠᠲᠤᠨ ᠤ ᠨᠠᠮ ᠤᠨ ᠡᠭᠦᠷ ᠵᠣᠬᠢᠶᠠᠨ ᠪᠠᠶᠢᠭᠤᠯᠤᠯᠲᠠ ᠶᠢᠨ ᠠᠬᠢᠭᠤᠯᠬᠤ ᠦᠢᠯᠡᠳᠦᠯ ᠢᠶᠠᠨ ᠪᠠᠳᠠᠷᠠᠭᠤᠯᠵᠤ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ︽ᠭᠤᠷᠪᠠᠨ ᠬᠤᠷᠠᠯ ᠨᠢᠭᠡ ᠬᠢᠴᠢᠶᠡᠯ︾᠂ ᠦᠨᠳᠦᠰᠦᠨ ᠱᠠᠲᠤᠨ ᠤ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ᠂ ᠬᠤᠪᠢ ᠬᠥᠮᠦᠨ ᠥᠪᠡᠷ ᠢᠶᠠᠨ ᠰᠤᠷᠤᠯᠴᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠭᠦᠢᠴᠡᠳ ᠠᠰᠢᠭᠯᠠᠵᠤ᠂ ᠲᠡᠷᠡ ᠬᠡᠪ ᠢᠶᠠᠷ ᠨᠢ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠦᠨᠡᠨ ᠬᠦ ᠰᠤᠷᠤᠯᠴᠠᠨ ᠣᠶᠢᠯᠠᠭᠠᠬᠤ ᠶᠢ ᠪᠡᠶᠡᠯᠡᠭᠦᠯᠵᠦ᠂ ᠲᠠᠷᠢᠬᠢ ᠲᠣᠯᠣᠭᠠᠢ ᠪᠠᠨ ᠦᠨᠡᠨᠬᠦ ᠵᠡᠪᠰᠡᠭᠯᠡᠨ᠂ ᠦᠢᠯᠡᠳᠦᠯᠭᠡ  ᠳᠤ ᠪᠠᠨ ᠵᠢᠯᠤᠭᠤᠳᠤᠯᠭ᠎ᠠ ᠪᠤᠯᠭᠠᠨ᠂ ᠪᠦᠬᠦ ᠲᠠᠯ᠎ᠠ ᠶᠢᠨ ᠠᠵᠢᠯ ᠢᠶᠠᠨ ᠠᠬᠢᠭᠤᠯᠤᠬᠰᠠᠨ ᠪᠠᠶᠢᠨ᠎ᠠ᠃        ᠬᠤᠶᠠᠷ ᠲᠤ᠂ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠰᠠᠭᠤᠷᠢᠨ ᠭᠠᠵᠠᠷ ᠤᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠬᠦᠯᠬᠦ ᠶᠢ ᠠᠬᠢᠭᠤᠯᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠵᠡᠷᠭᠡ ᠣᠨᠣᠯ ᠤᠨ ᠬᠢᠴᠢᠶᠡᠯ ᠤᠨ ᠰᠠᠭᠤᠷᠢᠨ ᠭᠠᠵᠠᠷ ᠲᠤ ᠲᠦᠰᠢᠭᠯᠡᠨ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠲᠠᠢ ᠤᠶᠠᠯᠳᠤᠭᠤᠯᠤᠨ᠂ ᠪᠠᠯᠭᠠᠰᠤ ᠭᠠᠴᠠᠭ᠎ᠠ ᠬᠤᠶᠠᠷ ᠱᠠᠲᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ᠂ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ᠂ ᠶᠠᠷᠢᠯᠴᠠᠨ ᠰᠣᠯᠢᠯᠴᠠᠵᠤ ᠰᠤᠳᠤᠯᠤᠨ ᠰᠤᠷᠤᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠢᠯᠪᠠᠷ ᠣᠶᠢᠯᠠᠭᠠᠮᠵᠢᠲᠠᠶ ᠦᠭᠡ ᠬᠡᠯᠡᠯᠭᠡ ᠪᠠᠷ ᠨᠠᠷᠢᠯᠢᠭ ᠭᠦᠨᠵᠡᠭᠡᠶ ᠲᠠᠶᠢᠯᠪᠤᠷᠢᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠯᠠᠨ ᠲᠦᠮᠡᠨ ᠳᠤ ᠤᠶᠢᠯᠠᠭᠠᠭᠤᠯᠤᠨ ᠪᠠᠲᠤ ᠴᠡᠭᠡᠵᠢᠯᠡᠭᠦᠯᠵᠦ᠂ ᠤᠯᠠᠨ ᠲᠦᠮᠡᠨ ᠤ ᠰᠡᠳᠬᠢᠯ  ᠳᠤ ᠳᠠᠮᠵᠢᠭᠤᠯᠤᠨ ᠭᠦᠨᠵᠡᠭᠡᠶᠢᠷᠡᠭᠦᠯᠦᠨ᠎ᠡ᠃        ᠭᠤᠷᠪᠠ ᠳᠤ᠂ ᠤᠬᠠᠭᠤᠯᠭ᠎ᠠ ᠮᠡᠳᠡᠭᠡᠯᠡᠯ ᠤᠨ ᠬᠦᠳᠦᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠯᠠᠭᠤᠨ ᠥᠷᠨᠢᠯᠲᠡ ᠶᠢ ᠪᠤᠢ ᠪᠣᠯᠭᠠᠪᠠ᠃ ᠤᠬᠠᠭᠤᠯᠭ᠎ᠠ ᠰᠤᠷᠤᠯᠴᠠᠯᠭ᠎ᠠ  ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠨ ᠠᠬᠢᠭᠤᠯᠬᠤ ᠪᠠᠷ ᠳᠡᠮᠵᠢᠨ᠂ ᠪᠠᠯᠭᠠᠰᠤᠨ ᠤ ᠸᠢᠴᠠᠲ ᠤᠨ ᠲᠠᠪᠴᠠᠩ᠂ ᠡᠯ᠎ᠡ ᠱᠠᠲᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠯᠧᠺᠲᠷᠣᠨ ᠳᠡᠯᠭᠡᠴᠡ᠂ ᠤᠬᠠᠭᠤᠯᠭ᠎ᠠ ᠶᠢᠨ ᠪᠤᠯᠤᠩ ᠵᠡᠷᠭᠡ ᠠᠴᠢᠶᠠᠯᠠᠪᠤᠷᠢ ᠶᠢ ᠭᠦᠢᠴᠡᠳ ᠠᠰᠢᠭᠯᠠᠨ᠂ ᠶᠠᠷᠢᠶ᠎ᠠ ᠢᠯᠡᠳᠬᠡᠯ᠂ ᠮᠡᠳᠡᠯᠭᠡ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠤᠬᠠᠭᠤᠯᠬᠤ᠂ ᠣᠯᠠᠨ ᠲᠠᠯ᠎ᠠ ᠠᠴᠠ ᠮᠡᠳᠡᠭᠡᠯᠡᠬᠦ᠂ ᠭᠦᠨ ᠳᠠᠪᠬᠤᠷᠭ᠎ᠠ ᠠᠴᠠ ᠲᠠᠶᠢᠯᠤᠮᠵᠢ ᠬᠢᠵᠦ᠂ ᠤᠬᠠᠭᠤᠯᠭ᠎ᠠ ᠶᠢᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠨᠡᠮᠡᠭᠳᠡᠭᠦᠯᠦᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃        ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠢᠨ᠎ᠡ ᠠᠶᠠᠨ ᠳᠤ ᠪᠠᠨ ᠡᠷᠡᠯᠬᠡᠭᠯᠡᠨ ᠤᠷᠤᠭᠰᠢᠯᠠᠵᠤ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠪᠣᠳᠠᠲᠠᠢ ᠠᠵᠢᠯ ᠤᠨ ᠲᠠᠯ᠎ᠠ ᠪᠠᠷ᠂ ︽ᠭᠤᠷᠪᠠ ᠶᠢ ᠨᠢᠭᠡ ᠴᠤᠭᠴᠠᠵᠢᠭᠤᠯᠬᠤ︾ ᠬᠠᠩᠭᠠᠨ ᠪᠣᠷᠣᠯᠠᠭᠤᠯᠬᠤ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠣᠳᠠᠲᠤ ᠴᠣᠭᠴᠠ ᠶᠢᠨ ᠡᠵᠡᠩᠨᠡᠯᠲᠡ ᠶᠢ ᠶᠡᠬᠡᠪᠡᠷ ᠠᠬᠢᠭᠤᠯᠵᠤ᠂ ᠠᠵᠤ ᠦᠢᠯᠡᠰ ᠤᠨ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠨᠢᠭᠡ ᠳᠤ᠂ ᠮᠢᠬᠠᠨ ᠦᠬᠡᠷ ᠤᠨ ᠦᠢᠯᠡᠳᠪᠦᠷᠢᠯᠡᠯ ᠪᠣᠷᠣᠯᠠᠭᠤᠯᠭ᠎ᠠ ᠶᠢ ᠨᠢᠭᠡ ᠴᠤᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ 680 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠦᠬᠡᠷ ᠤᠨ ᠮᠢᠬ᠎ᠠ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠪᠣᠷᠣᠯᠠᠭᠤᠯᠬᠤ ᠠᠷᠭ᠎ᠠ ᠵᠠᠮ ᠢ ᠢᠳᠡᠭ ᠢᠳᠡᠭ ᠢᠶᠠᠷ ᠪᠣᠶ ᠪᠣᠯᠭᠠᠵᠤ᠂ ᠣᠷᠣᠨ ᠪᠦᠰᠡ ᠶᠢᠨ ᠬᠠᠮᠲᠤ ᠪᠠᠷ ᠬᠡᠷᠡᠭᠯᠡᠬᠦ ᠨᠠᠷᠠᠲᠤ ᠲᠡᠮᠳᠡᠭᠲᠦ ᠶᠢ ᠳᠡᠩᠰᠡᠯᠡᠨ ᠨᠡᠶᠢᠲᠡᠯᠡᠨ᠎ᠡ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠮᠠᠯᠴᠢᠨ ᠲᠠᠷᠢᠶᠠᠴᠢᠨ ᠡᠷᠦᠬᠡ ᠳᠤ ᠮᠢᠬᠠᠨ ᠦᠬᠡᠷ ᠢ ᠲᠤᠬᠠᠶ ᠶᠢᠨ ᠭᠠᠵᠠᠷ ᠲᠤ ᠨᠢ ᠪᠣᠷᠣᠯᠠᠭᠤᠯᠬᠤ ᠠᠷᠭ᠎ᠠ ᠵᠠᠮ ᠬᠠᠩᠭᠠᠵᠤ᠂ ᠦᠬᠡᠷ ᠨᠢᠭᠡᠪᠦᠷᠢ ᠶᠢᠨ ᠣᠷᠣᠯᠭ᠎ᠠ ᠶᠢ 2000 ᠲᠥᠭᠦᠷᠢᠭ ᠠᠴᠠ ᠳᠡᠭᠡᠭᠰᠢ ᠨᠡᠮᠡᠭᠳᠡᠭᠦᠯᠦᠨ᠎ᠡ᠃ ᠬᠤᠶᠠᠷ ᠲᠤ᠂ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠦᠷᠦᠯ ᠵᠦᠢᠯ  ᠳᠤ 600 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠢᠰᠬᠡᠯᠲᠡ ᠶᠢᠨ ᠲᠠᠰᠤᠭ ᠢ ᠰᠢᠨ᠎ᠡ ᠪᠠᠷ ᠪᠠᠶᠢᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠬᠠᠶᠠᠬᠳᠠᠮᠠᠯ ᠪᠤᠳᠠᠰ ᠢ ᠰᠢᠢᠳᠪᠦᠷᠢᠯᠡᠬᠦ ᠲᠠᠯᠠᠪᠤᠷ ᠵᠢᠴᠢ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠷᠭ᠎ᠠ ᠵᠠᠮ ᠬᠠᠩᠭᠠᠵᠤ᠂ ᠬᠤᠭ ᠨᠣᠪᠰᠢ ᠪᠠ ᠬᠢᠮᠢ ᠶᠢᠨ ᠪᠣᠷᠲᠣᠭᠤᠷ ᠬᠡᠷᠡᠭᠯᠡᠬᠦ ᠬᠡᠮᠵᠢᠶ᠎ᠡ ᠶᠢ 10 ᠲᠦᠮᠡᠨ ᠵᠢᠩ ᠠᠴᠠ ᠳᠡᠭᠡᠭᠰᠢ ᠪᠠᠭᠠᠰᠬᠠᠨ᠎ᠠ᠃ ᠮᠦᠨᠴᠦ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠤᠷᠲᠤᠮᠵᠢ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠭᠤᠷᠪᠠ ᠳᠤ᠂ ᠮᠢᠬᠠᠨ ᠦᠬᠡᠷ ᠲᠡᠵᠢᠭᠡᠨ ᠦᠷᠡᠵᠢᠭᠦᠯᠬᠦ ᠲᠦᠷᠦᠯ ᠵᠦᠢᠯ ᠢ ᠪᠦᠲᠦᠭᠡᠨ ᠪᠠᠶᠢᠭᠤᠯᠤᠨ᠎ᠠ᠃ 1. ᠮᠢᠬᠠᠨ ᠦᠬᠡᠷ ᠤᠨ ᠡᠪᠡᠳᠴᠢᠨ ᠬᠡᠮ ᠢ ᠣᠨᠣᠰᠢᠯᠠᠨ ᠡᠮᠨᠡᠬᠦ᠂ ᠮᠢᠬᠠᠨ ᠦᠬᠡᠷ ᠤᠨ ᠡᠪᠡᠳᠴᠢᠨ ᠬᠡᠮ ᠢ ᠰᠡᠷᠭᠡᠶᠢᠯᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠳᠤ 625 ᠲᠦᠮᠡᠨ ᠲᠥᠭᠦᠷᠢᠭ ᠤᠨ ᠪᠠᠯᠠ ᠤᠷᠤᠭᠤᠯᠵᠦ᠂ ᠣᠨᠣᠰᠢᠯᠠᠨ ᠡᠮᠨᠡᠬᠦ ᠲᠠᠰᠤᠭ᠂ ᠮᠡᠰᠡ ᠵᠠᠰᠠᠯ ᠤᠨ ᠲᠠᠰᠤᠭ᠂ ᠰᠢᠨᠵᠢᠯᠡᠨ ᠰᠢᠯᠭᠠᠬᠤ ᠲᠠᠰᠤᠭ ᠲᠥᠬᠦᠭᠡᠷᠦᠮᠵᠢ ᠶᠢ ᠰᠢᠨ᠎ᠡ ᠪᠠᠷ ᠲᠤᠬᠢᠷᠠᠭᠤᠯᠤᠨ ᠪᠡᠯᠡᠳᠬᠡᠵᠦ᠂ ᠠᠮᠢᠲᠠᠨ ᠤ ᠴᠢᠰᠤᠨ ᠴᠠᠶᠢᠪᠠᠩ ᠢ ᠪᠠᠶᠢᠴᠠᠭᠠᠨ ᠰᠢᠯᠭᠠᠬᠤ ᠮᠠᠰᠢᠨ᠂ ᠮᠠᠯ ᠳᠤ ᠬᠡᠷᠡᠭᠯᠡᠬᠦ X ᠬᠡᠷᠡᠯ ᠤᠨ ᠮᠠᠰᠢᠨ᠂ ᠰᠢᠩᠭᠡᠨ ᠠᠽᠣᠲ ᠤᠨ ᠰᠠᠪᠠ ᠵᠡᠷᠭᠡ ᠲᠥᠬᠦᠭᠡᠷᠦᠮᠵᠢ ᠶᠢ ᠪᠦᠷᠢᠳᠤᠬᠦᠯᠬᠦ  ᠪᠠᠷ ᠪᠠᠶᠢᠨ᠎ᠠ᠃ ᠲᠤᠰ ᠲᠦᠷᠦᠯ ᠵᠦᠢᠯ ᠨᠢ ᠮᠠᠯᠵᠢᠯ ᠤᠨ ᠡᠷᠦᠬᠡ ᠳᠤ ᠠᠮᠢᠲᠠᠨ ᠤ ᠡᠪᠡᠳᠴᠢᠨ ᠬᠡᠮ ᠢ ᠣᠨᠣᠰᠢᠯᠠᠬᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠪᠤᠷᠤᠭᠤ ᠤᠨᠤᠰᠢᠯᠠᠬᠤ ᠨᠣᠷᠮ᠎ᠠ ᠪᠠ ᠮᠠᠯ ᠤᠨ ᠦᠬᠦᠬᠦ ᠨᠣᠷᠮ᠎ᠠ ᠶᠢ ᠪᠠᠭᠠᠰᠬᠠᠨ᠎ᠠ᠃ 2. ᠮᠢᠬᠠᠨ ᠦᠬᠡᠷ ᠤᠨ ᠡᠪᠡᠰᠦ ᠪᠤᠷᠳᠤᠭ᠎ᠠ ᠶᠢ ᠮᠠᠯᠵᠢᠯ ᠤᠨ ᠡᠷᠦᠬᠡ ᠳᠤ ᠬᠠᠩᠭᠠᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠷᠦᠯ ᠵᠦᠢᠯ  ᠨᠢ ᠲᠡᠵᠢᠭᠡᠯ ᠡᠪᠡᠰᠦ ᠬᠤᠳᠠᠯᠳᠤᠨ ᠠᠪᠴᠤ ᠦᠬᠡᠷ ᠲᠡᠵᠢᠭᠡᠬᠦ ᠥᠪᠡᠷ ᠤᠨ ᠥᠷᠲᠡᠭ ᠥᠨᠳᠥᠷ ᠪᠠᠶᠢᠬᠤ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠦ᠂ ᠡᠷᠳᠡᠨᠢ ᠰᠢᠰᠢ ᠶᠢᠨ ᠡᠰᠢ ᠰᠦᠷᠡᠯ᠂ ᠨᠠᠷᠢᠮᠤ ᠶᠢᠨ ᠡᠰᠢ ᠰᠦᠷᠡᠯ ᠵᠡᠷᠭᠡ ᠶᠢ ᠬᠤᠷᠢᠶᠠᠨ ᠠᠪᠴᠤ ᠤᠨᠴᠠᠭᠠᠢ ᠮᠡᠷᠭᠡᠵᠢᠯ ᠪᠠᠷ ᠰᠢᠢᠳᠪᠦᠷᠢᠯᠡᠨ ᠠᠰᠢᠭᠯᠠᠬᠤ  ᠶᠢᠨ ᠬᠠᠮᠲᠦ᠂ ᠤᠰᠤᠨ ᠳᠤ ᠪᠤᠶᠢᠵᠢᠭᠤᠯᠤᠭᠰᠠᠨ ᠲᠡᠵᠢᠭᠡᠯ ᠡᠪᠡᠰᠦ ᠪᠠᠷ ᠲᠡᠵᠢᠭᠡᠯ ᠪᠣᠷᠳᠣᠭᠠᠨ ᠤ ᠤᠭᠤᠷᠠᠭ ᠢ ᠣᠷᠣᠯᠠᠭᠤᠯᠵᠤ᠂ ᠮᠢᠬᠠᠨ ᠦᠬᠡᠷ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠲᠣᠨ ᠪᠦᠷᠢ ᠳᠤ 1500 ᠲᠥᠭᠦᠷᠢᠭ ᠠᠴᠠ ᠳᠡᠭᠡᠭᠰᠢ ᠪᠠᠭᠠᠰᠬᠠᠨ᠎ᠠ᠃ ᠲᠤᠰ ᠲᠥᠷᠥᠯ ᠵᠦᠢᠯ ᠨᠢ ᠶᠠᠳᠠᠭᠤ ᠠᠴᠠ ᠠᠩᠭᠢᠵᠢᠷᠠᠭᠰᠠᠨ ᠪᠠ ᠣᠷᠣᠯᠭ᠎ᠠ ᠲᠤᠤᠷ᠎ᠠ ᠬᠥᠮᠦᠰ ᠲᠤ ᠬᠠᠮᠤᠭ ᠳᠡᠭᠡᠳᠦ ᠬᠢᠵᠠᠭᠠᠷ ᠤᠨ ᠣᠨᠣᠰᠢᠯᠠᠨ ᠡᠮᠨᠡᠬᠦ ᠰᠦᠢᠳᠬᠡᠯ ᠤᠨ ᠦᠢᠯᠡᠴᠢᠯᠡᠭᠡ ᠬᠠᠩᠭᠠᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠠᠮᠢᠲᠠᠨ ᠤ  ᠡᠪᠡᠳᠴᠢᠨ ᠬᠡᠮ ᠠᠴᠠ ᠪᠤᠯᠤᠭᠰᠠᠨ ᠳᠠᠷᠤᠭᠠᠰᠤ ᠶᠢ ᠬᠦᠩᠭᠡᠷᠡᠬᠦᠯᠦᠨ᠎ᠡ᠃        ᠳᠠᠷᠠᠭᠠᠴᠢ ᠶᠢᠨ ᠪᠦᠬᠦ ᠲᠠᠯ᠎ᠠ ᠶᠢᠨ ᠠᠵᠢᠯ ᠳᠠᠭᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠪᠠᠯᠭᠠᠰᠤ ᠶᠢᠨ ᠠᠵᠦ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠵᠦ᠂ ᠨᠡᠩ ᠦᠨᠳᠦᠷ ᠲᠦᠪᠰᠢᠨ ᠳᠤ ᠬᠦᠷᠬᠡᠬᠦ ᠪᠠᠷ ᠴᠢᠷᠮᠠᠶᠢᠨ ᠲᠡᠮᠡᠴᠡᠨ᠎ᠡ᠃                                 ᠰᠤᠷᠪᠤᠯᠵᠢᠯᠠᠭᠴᠢ᠄ ᠰᠠᠷᠠᠭᠤᠯ  ᠰᠠᠴᠣᠷᠠᠨ᠎ᠠ ︵ᠲᠠᠳᠤᠯᠭ᠎ᠠ ᠶᠢᠨ ᠰᠤᠷᠪᠤᠯᠵᠢᠯᠠᠭᠴᠢ︶    
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号