ᠠᠷᠤ ᠬᠤᠷᠴᠢᠨ ᠬᠤᠰᠢᠭᠤᠨ ᠤ ᠭᠡᠷ ᠤᠨ ᠠᠮᠢᠳᠤᠷᠠᠯ ᠨᠢ ᠬᠦᠴᠢᠷᠳᠡᠯᠲᠡᠢ ᠰᠣᠷᠣᠭᠴᠢ ᠶᠢ ᠮᠠᠭᠠᠳᠯᠠᠨ ᠲᠣᠭᠲᠠᠭᠠᠬᠤ ᠠᠵᠢᠯ ᠤᠨ ᠰᠠᠯᠠᠭ᠎ᠠ ᠮᠥᠴᠢᠷ ᠤᠨ ᠬᠠᠮᠲᠤᠷᠠᠨ ᠬᠢᠨᠠᠬᠤ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/9
ᠠᠷᠤ ᠵᠠᠰᠠᠭ ᠠᠯᠪᠠᠨ ᠲᠠᠷᠬᠠᠭᠠᠭᠰᠠᠨ 〔2022〕 95 ᠳ᠋ᠤᠭᠠᠷ ᠲᠣᠭᠠᠲᠤ          ᠠᠷᠤ  ᠬᠤᠷᠴᠢᠨ ᠬᠤᠰᠢᠭᠤᠨ ᠤ ᠭᠡᠷ  ᠤᠨ ᠠᠮᠢᠳᠤᠷᠠᠯ   ᠨᠢ  ᠬᠦᠴᠢᠷᠳᠡᠯᠲᠡᠢ          ᠰᠣᠷᠣᠭᠴᠢ ᠶᠢ ᠮᠠᠭᠠᠳᠯᠠᠨ ᠲᠣᠭᠲᠠᠭᠠᠬᠤ  ᠠᠵᠢᠯ ᠤᠨ ᠰᠠᠯᠠᠭ᠎ᠠ ᠮᠥᠴᠢᠷ  ᠤᠨ          ᠬᠠᠮᠲᠤᠷᠠᠨ ᠬᠢᠨᠠᠬᠤ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ ᠮᠡᠳᠡᠭᠳᠡᠯᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠳᠤ᠄      ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠠᠯᠠᠮᠵᠢ ᠶᠢᠨ ᠳᠦᠷᠢᠮ ᠢ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠤᠨ ᠵᠠᠰᠠᠭ ᠰᠤᠷᠭᠠᠨ ᠬᠥᠮᠦᠵᠢᠯ ﹇2022﹈ 993 ᠳ᠋ᠤᠭᠠᠷ ᠲᠣᠭᠠᠲᠤ︶ ᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 〔2022〕 57 ᠳ᠋ᠤᠭᠠᠷ ᠲᠣᠭᠠᠲᠤ︶᠂ ︽ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 56 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠨᠠᠢᠮᠠᠨ ᠰᠠᠯᠠᠭ᠎ᠠ ᠮᠥᠴᠢᠷ ᠤᠨ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠤᠨ ᠠᠮᠢᠳᠤᠷᠠᠯ ᠨᠢ ᠬᠦᠴᠢᠷᠳᠡᠯᠲᠡᠢ ᠰᠤᠷᠤᠭᠴᠢ ᠶᠢ ᠮᠠᠭᠠᠳᠯᠠᠨ ᠲᠣᠭᠲᠠᠭᠠᠬᠤ ᠠᠵᠢᠯ ᠤᠨ ᠬᠡᠷᠡᠭᠵᠢᠭᠦᠯᠬᠦ ᠠᠷᠭ᠎ᠠ︾      ︵ᠥᠪᠥᠷ ᠵᠠᠰᠠᠭ ᠲᠠᠷᠬᠠᠭᠠᠭᠰᠠᠨ ﹇2021﹈ 13 ᠳ᠋ᠤᠭᠠᠷ ᠲᠣᠭᠠᠲᠤ︶ ᠶᠢ ᠦᠨᠳᠦᠰᠦᠯᠡᠨ᠂ ᠮᠠᠨ ᠤ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠠᠴᠠ ᠥᠨᠳᠥᠷ ᠳᠤᠮᠳᠠᠳᠤ ᠶᠢᠨ ᠰᠤᠷᠭᠠᠨ ᠬᠥᠮᠦᠵᠢᠯ ᠬᠦᠷᠲᠡᠯᠡᠬᠢ ᠡᠯ᠎ᠡ ᠰᠤᠷᠤᠯᠭ᠎ᠠ ᠶᠢᠨ ᠬᠤᠭᠤᠴᠠᠭᠠᠨ ᠤ ᠭᠡᠷ ᠤᠨ ᠠᠮᠢᠳᠤᠷᠠᠯ ᠨᠢ ᠬᠦᠴᠢᠷᠳᠡᠯᠲᠡᠢ ᠰᠣᠷᠣᠭᠴᠢ ᠶᠢ ᠮᠠᠭᠠᠳᠯᠠᠨ ᠲᠣᠭᠲᠠᠭᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠦᠯᠦᠭᠡ᠂ ᠰᠤᠳᠤᠯᠬᠤ ᠪᠠᠷ ᠳᠡᠮᠵᠢᠨ᠂ ᠠᠷᠤ ᠬᠤᠷᠴᠢᠨ ᠬᠤᠰᠢᠭᠤᠨ ᠤ ᠭᠡᠷ ᠤᠨ ᠠᠮᠢᠳᠤᠷᠠᠯ ᠨᠢ ᠬᠦᠴᠢᠷᠳᠡᠯᠲᠡᠢ ᠰᠣᠷᠣᠭᠴᠢ ᠶᠢ ᠮᠠᠭᠠᠳᠯᠠᠨ ᠲᠣᠭᠲᠠᠭᠠᠬᠤ ᠠᠵᠢᠯ ᠤᠨ ᠰᠠᠯᠠᠭ᠎ᠠ ᠮᠥᠴᠢᠷ ᠤᠨ ᠬᠠᠮᠲᠤᠷᠠᠨ ᠬᠢᠨᠠᠬᠤ ᠲᠣᠭᠲᠠᠴᠠ ᠶᠢ ᠪᠠᠶᠢᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠶᠡᠭᠡ ᠬᠤᠷᠠᠯ ᠤᠨ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠠ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠲᠣᠬᠢᠷᠠᠭᠤᠯᠤᠨ ᠲᠡᠭᠦᠯᠳᠡᠷᠵᠢᠭᠦᠯᠬᠦ ᠶᠢ ᠭᠦᠨᠵᠡᠭᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠦᠴᠦᠯᠡᠨ ᠪᠠᠲᠤᠳᠬᠠᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠡᠭᠦᠰᠬᠡᠯ ᠪᠠ ᠲᠡᠭᠦᠰᠬᠡᠯ ᠪᠣᠯᠭᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠣᠨᠣᠪᠴᠢᠲᠠᠢ ᠢᠯᠭᠠᠨ ᠲᠠᠨᠢᠬᠤ᠂ ᠣᠨᠣᠪᠴᠢᠲᠠᠢ ᠮᠠᠭᠠᠳᠯᠠᠨ ᠲᠣᠭᠲᠠᠭᠠᠬᠤ᠂ ᠣᠨᠣᠪᠴᠢᠲᠠᠢ ᠲᠤᠰᠠᠯᠠᠨ ᠳᠡᠮᠵᠢᠬᠦ ᠶᠢ ᠪᠡᠶᠡᠯᠡᠭᠦᠯᠵᠦ᠂ ᠬᠠᠮᠤᠭ ᠡᠴᠦᠰ ᠲᠤ ᠨᠥᠬᠦᠴᠡᠯ ᠳᠤ ᠨᠡᠶᠢᠴᠡᠬᠦ ᠠᠮᠢᠳᠤᠷᠠᠯ ᠨᠢ ᠬᠦᠴᠢᠷᠳᠡᠯᠲᠡᠢ ᠭᠡᠷ ᠪᠦᠯᠢ ᠶᠢᠨ ᠰᠤᠷᠤᠭᠴᠢ ᠶᠢ ᠲᠦᠷᠦ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠵᠤ᠂ ᠭᠡᠷ ᠤᠨ ᠠᠮᠢᠳᠤᠷᠠᠯ ᠤᠨ ᠬᠦᠴᠢᠷᠳᠡᠯᠲᠡᠢ ᠰᠢᠯᠲᠠᠭᠠᠨ ᠢᠶᠠᠷ ᠨᠢᠭᠡ ᠰᠤᠷᠤᠭᠴᠢ ᠶᠢ ᠴᠦ ᠰᠤᠷᠤᠯᠭ᠎ᠠ ᠵᠣᠭᠰᠤᠭᠠᠵᠤ ᠪᠣᠯᠬᠤ ᠦᠭᠡᠢ᠃ ᠰᠤᠷᠭᠠᠨ ᠬᠥᠮᠦᠵᠢᠯ ᠤᠨ ᠡᠷᠬᠡ ᠲᠡᠭᠰᠢ᠂ ᠴᠢᠨᠠᠷ ᠰᠠᠶᠢᠲᠠᠢ᠂ ᠲᠡᠩᠴᠡᠭᠦᠷᠢᠲᠡᠢ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃      ᠬᠤᠶᠠᠷ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ      ︵ᠨᠢᠭᠡ︶ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠃ ᠰᠤᠷᠤᠭᠴᠢᠳ ᠢ ᠲᠤᠰᠠᠯᠠᠨ ᠳᠡᠮᠵᠢᠬᠦ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠬᠠᠮᠲᠤᠷᠠᠨ ᠬᠢᠨᠠᠬᠤ ᠠᠵᠢᠯ ᠢ ᠨᠢᠭᠡᠳᠦᠯᠲᠡᠢ ᠲᠥᠯᠥᠪᠯᠡᠬᠦ ᠶᠢ ᠬᠠᠷᠢᠭᠤᠴᠠᠨ᠎ᠠ᠃ ᠡᠯ᠎ᠡ ᠱᠠᠲᠤ ᠦᠶ᠎ᠡ ᠶᠢᠨ ᠰᠤᠷᠤᠭᠴᠢᠳ ᠤᠨ ᠰᠤᠷᠭᠠᠨ ᠬᠥᠮᠦᠵᠢᠯ ᠢ ᠲᠤᠰᠠᠯᠠᠨ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠬᠦᠴᠢᠷᠳᠡᠯ ᠢ ᠮᠠᠭᠠᠳᠯᠠᠨ ᠲᠣᠭᠲᠠᠭᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠡᠯ᠎ᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠵᠤ ᠬᠠᠷᠢᠴᠠᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠴᠢᠩᠭᠠᠳᠬᠠᠨ᠎ᠠ᠃      ︵ᠬᠤᠶᠠᠷ︶ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠃ ᠰᠤᠷᠤᠭᠴᠢᠳ ᠢ ᠲᠤᠰᠠᠯᠠᠬᠤ ᠪᠡᠯᠡ ᠮᠥᠩᠭᠦ ᠶᠢ ᠴᠠᠭ ᠲᠤᠬᠠᠢ ᠳᠤᠨᠢ ᠥᠭᠬᠦ ᠶᠢ ᠪᠠᠲᠤᠯᠠᠨ᠎ᠠ᠃      ︵ᠭᠤᠷᠪᠠ︶ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠰᠣᠷᠣᠭᠴᠢ᠂ ᠣᠨᠴᠠ ᠬᠦᠴᠢᠷᠳᠡᠯᠲᠡᠢ ᠠᠰᠠᠷᠠᠨ ᠬᠦᠮᠦᠵᠢᠭᠦᠯᠬᠦ ᠰᠣᠷᠣᠭᠴᠢ᠂ ᠥᠨᠥᠴᠢᠨ ᠬᠡᠦᠬᠡᠳ ︵ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ︶ ᠰᠣᠷᠣᠭᠴᠢ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃      ︵ᠳᠥᠷᠪᠡ︶ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠃ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃      ︵ᠲᠠᠪᠤ︶ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠃ ᠶᠠᠳᠠᠭᠤ  ᠠᠴᠠ ᠠᠩᠭᠢᠵᠢᠷᠠᠭᠰᠠᠨ ︵ᠲᠥᠷᠥ ᠶᠢᠨ ᠪᠣᠳᠣᠯᠭ᠎ᠠ ᠶᠢ ᠭᠥᠷᠳᠡᠬᠦ︶ ᠭᠡᠷ ᠪᠦᠯᠢ ᠶᠢᠨ ᠰᠣᠷᠣᠭᠴᠢ᠂ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠭᠡᠷ ᠪᠦᠯᠢ ᠶᠢᠨ ᠰᠣᠷᠣᠭᠴᠢ᠂ ᠵᠠᠭᠠᠭ ᠤᠨ ᠠᠮᠠᠷᠬᠠᠨ ᠶᠠᠳᠠᠭᠤᠷᠠᠬᠤ ᠭᠡᠷ ᠪᠦᠯᠢ ᠶᠢᠨ ᠰᠣᠷᠣᠭᠴᠢ᠂ ᠭᠡᠨᠡᠳᠲᠡ ᠶᠢᠨ ᠶᠠᠪᠤᠳᠠᠯ ᠳᠤ ᠲᠤᠯᠭᠠᠷᠠᠭᠰᠠᠨ ᠬᠦᠨᠳᠦ ᠨᠣᠴᠢᠲᠠᠢ ᠬᠦᠴᠢᠷᠳᠡᠯ ᠲᠠᠢ ᠭᠡᠷ ᠪᠦᠯᠢ ᠶᠢᠨ ᠰᠣᠷᠣᠭᠴᠢ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃      ︵ᠵᠢᠷᠭᠤᠭ᠎ᠠ︶ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠃ ᠬᠠᠷᠢᠴᠠᠩᠭᠤᠢ ᠭᠡᠨᠡᠳᠲᠡ ᠶᠢᠨ ᠤᠴᠢᠷ ᠠᠴᠠ ᠠᠮᠢᠳᠤᠷᠠᠯ ᠬᠦᠴᠢᠷᠳᠡᠯ ᠲᠠᠢ ᠪᠣᠯᠣᠭᠰᠠᠨ ᠠᠵᠢᠯᠲᠠᠨ ᠠᠵᠢᠯᠴᠢᠨ ᠤ ᠦᠷ᠎ᠡ ᠬᠡᠦᠬᠡᠳ ᠵᠡᠷᠭᠡ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃      ︵ᠳᠣᠯᠤᠭ᠎ᠠ︶ ᠬᠤᠰᠢᠭᠤᠨ ᠤ ᠵᠡᠮᠳᠡᠭᠴᠦᠳ ᠤᠨ ᠬᠤᠯᠪᠣᠭ᠎ᠠ᠃ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠵᠡᠮᠳᠡᠭ ᠰᠣᠷᠣᠭᠴᠢ᠂ ᠵᠡᠮᠳᠡᠭᠴᠦᠳ ᠤᠨ ᠦᠷ᠎ᠡ ᠬᠡᠦᠬᠡᠳ ᠵᠡᠷᠭᠡ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃      ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠴᠡᠷᠢᠭ ᠠᠴᠠ ᠬᠠᠯᠠᠭᠳᠠᠭᠰᠠᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠢᠯᠴᠢᠨ ᠤ ᠡᠪᠯᠡᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠳ ᠭᠡᠷ ᠤᠨ ᠠᠮᠢᠳᠤᠷᠠᠯ ᠨᠢ ᠬᠦᠴᠢᠷᠳᠡᠯᠲᠡᠢ ᠰᠣᠷᠣᠭᠴᠢ ᠶᠢ ᠮᠠᠭᠠᠳᠯᠠᠨ ᠲᠣᠭᠲᠠᠭᠠᠬᠤ ᠠᠵᠢᠯ ᠳᠤ ᠬᠢᠨᠠᠯᠲᠠ ᠲᠠᠯᠪᠢᠬᠤ ᠪᠠ ᠵᠢᠯᠤᠭᠤᠳᠬᠤ ᠪᠠᠨ ᠴᠢᠩᠭᠠᠳᠬᠠᠵᠤ᠂ ᠠᠰᠠᠭᠤᠳᠠᠯ ᠢ  ᠣᠯᠵᠤ  ᠮᠡᠳᠡᠪᠡᠯ  ᠴᠠᠭ  ᠲᠤᠬᠠᠢ   ᠳᠤᠨᠢ  ᠵᠠᠯᠠᠷᠠᠭᠤᠯᠬᠤ  ᠬᠡᠷᠡᠭᠲᠡᠢ᠃      ᠭᠤᠷᠪᠠ᠂ ᠠᠵᠢᠯ ᠤᠨ ᠶᠠᠪᠤᠴᠠ      ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠷᠠᠨ ᠬᠢᠨᠠᠬᠤ ᠠᠵᠢᠯ ᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠠᠷ ᠳᠠᠶᠢᠴᠢᠯᠠᠭᠤᠯᠤᠨ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠰᠤᠷᠤᠯᠭ᠎ᠠ ᠶᠢᠨ ᠬᠤᠭᠤᠴᠠᠭ᠎ᠠ ︵ᠵᠢᠯ ᠪᠦᠷᠢ ᠶᠢᠨ 3 ᠰᠠᠷ᠎ᠠ ᠪᠠ 9 ᠰᠠᠷ᠎ᠠ︶ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠭ᠎ᠠ ᠪᠠᠷᠢᠮᠲᠠ ᠶᠢᠨ ᠬᠠᠷᠢᠴᠠᠭᠤᠯᠤᠯ ᠬᠢᠵᠦ᠂ ᠬᠡᠷᠡᠭᠰᠡᠬᠦ ᠮᠡᠳᠡᠭᠡ ᠵᠠᠩᠭᠢ ᠶᠢ ᠬᠠᠷᠢᠴᠠᠭᠤᠯᠬᠤ ᠬᠦᠮᠦᠰ ᠤᠨ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ ᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠦᠷᠭᠡᠨ ᠥᠭᠴᠦ᠂ ᠡᠯ᠎ᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ 2 ᠠᠵᠢᠯᠯᠠᠬᠤ ᠡᠳᠦᠷ ᠤᠨ ᠳᠣᠲᠣᠷ᠎ᠠ ᠮᠡᠳᠡᠭᠡ ᠵᠠᠩᠭᠢ ᠶᠢ ᠬᠠᠷᠭᠤᠭᠤᠯᠤᠭᠰᠠᠨ ᠦᠷ᠎ᠡ ᠳ᠋ᠦᠩ ᠢᠶᠠᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠬᠠᠷᠢᠭᠤ ᠲᠤᠰᠬᠠᠨ᠎ᠠ᠃      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠷᠭᠤᠭᠤᠯᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠨᠢᠭᠲᠠ ᠬᠠᠮᠵᠢᠯᠴᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠦᠬᠦᠢ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃      ︵ᠬᠤᠶᠠᠷ︶ ᠲᠤᠰᠬᠠᠢ ᠬᠥᠮᠥᠨ ᠢᠶᠠᠷ ᠬᠠᠷᠢᠭᠤᠴᠠᠭᠤᠯᠬᠤ ᠶᠢ ᠲᠣᠳᠣᠷᠬᠠᠶᠢᠯᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠷᠭᠤᠭᠤᠯᠬᠤ ᠠᠵᠢᠯ ᠢ ᠬᠠᠷᠢᠭᠤᠴᠠᠨ ᠵᠣᠬᠢᠴᠠᠭᠤᠯᠬᠤ ᠪᠠᠷ ᠨᠢᠭᠡ ᠲᠠᠰᠤᠭ ᠢ ᠲᠣᠳᠣᠷᠬᠠᠢ ᠲᠣᠭᠲᠠᠭᠠᠬᠤ ᠶᠢᠨ ᠬᠠᠮᠲᠤ᠂ ᠨᠢᠭᠡ ᠬᠡᠯᠲᠡᠰ ᠤᠨ ᠲᠠᠰ ᠤᠨ ᠲᠤᠰᠬᠠᠢ ᠲᠤᠰᠢᠶᠠᠯᠲᠤ ᠠᠵᠢᠯᠲᠠᠨ ᠢ ᠬᠤᠯᠪᠣᠭᠠᠴᠢᠨ ᠪᠣᠯᠭᠠᠨ ᠵᠢᠭᠠᠨ ᠲᠣᠭᠲᠠᠭᠠᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠ ᠨᠡᠪᠲᠡᠷᠡᠯᠴᠡᠭᠡ ᠪᠠᠨ ᠪᠠᠲᠤᠯᠠᠬᠤ ᠶᠢ ᠬᠠᠷᠢᠭᠤᠴᠠᠭᠤᠯᠤᠨ᠂ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠷᠭᠤᠭᠤᠯᠬᠤ ᠠᠵᠢᠯ ᠢ ᠰᠠᠶᠢᠲᠤᠷ ᠬᠢᠵᠦ᠂ ᠠᠵᠢᠯᠲᠠᠨ ᠬᠡᠷᠪᠡ ᠬᠤᠪᠢᠷᠠᠯᠲᠠ ᠲᠠᠢ ᠪᠣᠯ ᠴᠠᠭ ᠲᠤᠬᠠᠢ ᠳᠤᠨᠢ ᠬᠠᠷᠢᠯᠴᠠᠵᠤ ᠰᠢᠨᠡᠳᠬᠡᠬᠦ ᠬᠡᠷᠡᠭᠲᠡᠢ᠃      ︵ᠭᠤᠷᠪᠠ︶ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠮᠡᠳᠡᠭᠡ ᠵᠠᠩᠭᠢ ᠶᠢ ᠰᠣᠯᠢᠯᠴᠠᠬᠤ ᠪᠠ ᠬᠠᠮᠲᠤᠪᠠᠷ ᠡᠳ᠋ᠯᠡᠬᠦ ᠶᠠᠪᠤᠴᠠ ᠳᠤ᠂ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠤᠪᠢ ᠬᠥᠮᠥᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠬᠠᠮᠲᠤᠪᠠᠷ ᠡᠳ᠋ᠯᠡᠬᠦ ᠮᠡᠳᠡᠭᠡ ᠵᠠᠩᠭᠢ ᠶᠢ ᠵᠥᠪᠬᠡᠨ ᠰᠣᠷᠣᠭᠴᠢ ᠶᠢᠨ ᠭᠡᠷ ᠪᠦᠯᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠬᠠᠷᠢᠴᠠᠭᠤᠯᠤᠯ ᠳᠤ ᠬᠡᠷᠡᠭᠯᠡᠵᠦ᠂ ᠪᠤᠰᠤᠳ ᠵᠦᠢᠯ ᠳᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃                       ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                             2022 ᠣᠨ ᠤ 11 ᠰᠠᠷ᠎ᠠ ᠶᠢᠨ 29       ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号