ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠨᠠᠷᠢᠨ ᠪᠣᠳᠣᠯᠢᠶᠠᠨᠲᠠᠢ ᠪᠦᠭᠡᠳ | ᠬᠦᠨᠳᠦ ᠬᠡᠴᠡᠭᠦᠦ ᠪᠠᠶᠢᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠣ ᠢᠷᠡᠬᠦ ᠶᠢ ᠰᠡᠷᠭᠡᠶᠢᠯᠡᠬᠦ︾ ᠠᠶᠤᠯ | ᠲᠦᠭᠰᠢᠭᠦᠷᠢ ᠮᠦᠨᠴᠦ ᠦᠨᠳᠦᠷ ᠪᠠᠶᠢᠭᠰᠠᠭᠠᠷ᠂ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠦᠨᠳᠦᠷ ᠪᠦᠲᠦᠮᠵᠢᠲᠡᠢ ᠨᠠᠷᠢᠯᠢᠭ ᠣᠨᠣᠪᠴᠢᠲᠠᠢ ᠰᠠᠶᠢᠲᠤᠷ ᠬᠢᠵᠦ᠂ ᠬᠠᠮᠤᠭ ᠤᠨ ᠪᠠᠭ᠎ᠠ ᠨᠢᠭᠡᠴᠢ ᠪᠠᠷ | ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠲᠦᠯᠦᠭᠡ᠂ ᠣᠳᠤ ᠪᠦᠬᠦ | ᠬᠤᠰᠢᠭᠤᠨ ᠳᠤ ︽ᠲᠠᠯᠠᠪᠤᠷ ᠭᠠᠵᠠᠷ ᠤᠨ ᠺᠣᠳ᠋︾ ᠢ ᠳᠡᠯᠭᠡᠷᠡᠭᠦᠯᠦᠨ ᠬᠡᠷᠡᠭᠯᠡᠬᠦ ᠲᠤᠬᠠᠢ ᠳᠤᠤᠷᠠᠬᠢ ᠮᠡᠲᠦ ᠵᠠᠷᠯᠠᠶ᠎ᠠ᠄ | ᠨᠢᠭᠡ᠂ ︽ᠲᠠᠯᠠᠪᠤᠷ ᠭᠠᠵᠠᠷ ᠤᠨ ᠺᠣᠳ᠋︾ ᠤᠨ ᠴᠢᠳᠠᠮᠵᠢ | ︽ᠲᠠᠯᠠᠪᠤᠷ ᠭᠠᠵᠠᠷ ᠤᠨ ᠺᠣᠳ᠋︾ ᠨᠢ ᠸᠢᠴᠠᠲ ᠤᠨ ︽ᠤᠯᠤᠰ ᠤᠨ ᠡᠷᠡᠭᠦᠯ ᠮᠡᠨᠳᠦ ᠶᠢᠨ ᠺᠣᠳ᠋︾ ᠲᠤ | ᠰᠢᠨ᠎ᠡ ᠪᠠᠷ ᠨᠡᠮᠡᠭᠰᠡᠨ ︽ᠲᠠᠯᠠᠪᠤᠷ ᠲᠤ ᠬᠦᠷᠴᠦ ᠦᠩᠭᠡᠷᠡᠭᠰᠡᠳ ᠤᠨ ᠮᠡᠳᠡᠭᠡ ᠵᠠᠩᠭᠢ ᠶᠢᠨ ᠳᠠᠩᠰᠠᠯᠠᠯᠲᠠ ᠶᠢᠨ | ᠺᠣᠳ᠋︾ ᠤᠨ ᠴᠢᠳᠠᠮᠵᠢ ᠬᠡᠰᠡᠭ ᠪᠣᠯᠣᠨ᠎ᠠ᠃ ᠲᠠᠯᠠᠪᠤᠷ ᠭᠠᠵᠠᠷ ᠨᠢ ᠡᠷᠡᠮᠡᠯᠵᠡᠬᠦ ᠦᠶᠡᠰ ᠲᠤᠰ ᠲᠠᠯᠠᠪᠤᠷ ᠤᠨ ᠲᠦᠷᠦᠯ | ᠬᠡᠯᠪᠡᠷᠢ᠂ ᠨᠡᠷᠡᠶᠢᠳᠦᠯ᠂ ᠬᠠᠶ᠋ᠢᠭ ᠵᠡᠷᠭᠡ ᠮᠡᠳᠡᠭᠡ ᠵᠠᠩᠭᠢ ᠳᠤ ᠲᠡᠮᠳᠡᠭᠯᠡᠵᠦ ᠳᠡᠶᠢᠯᠦᠨ᠎ᠡ᠃ ᠰᠠᠭᠤᠭᠠᠯᠢ ᠠᠷᠠᠳ | ︽ᠲᠤᠰ ᠬᠦᠮᠦᠨ ᠰᠢᠷᠪᠢᠵᠦ ᠳᠠᠩᠰᠠᠯᠠᠬᠤ︾ ᠶᠢ ᠰᠣᠩᠭᠤᠪᠠᠯ᠂ ᠲᠤᠰ ᠬᠦᠮᠦᠨ ᠤ ᠡᠷᠡᠭᠦᠯ ᠮᠡᠨᠳᠦ ᠶᠢᠨ ᠺᠣᠳ᠋ ᠤᠨ | ᠨᠢᠭᠤᠷ ᠲᠤ ᠠᠶᠠᠨᠳᠠᠭᠠᠨ ᠬᠦᠷᠴᠦ᠂ ᠠᠵᠢᠯᠲᠠᠨ ᠤ ᠪᠠᠶᠢᠴᠠᠭᠠᠨ ᠰᠢᠯᠭᠠᠬᠤ ᠳᠤ ᠳᠦᠭᠦᠮ ᠦᠵᠡᠭᠦᠯᠬᠦ ᠶᠢᠨ ᠬᠠᠮᠲᠤ | ᠲᠤᠰ ᠲᠠᠯᠠᠪᠤᠷ ᠲᠤ ᠣᠷᠣᠵᠣ ᠭᠠᠷᠤᠭᠰᠠᠨ ᠴᠠᠭ ᠢ ᠲᠡᠮᠳᠡᠭᠯᠡᠨ᠂ ᠬᠢᠵᠢᠭ ᠡᠭᠦᠰᠦᠭᠰᠡᠨ ᠤ ᠳᠠᠷᠠᠭ᠎ᠠ ᠬᠢᠵᠢᠭ ᠲᠤ | ᠬᠤᠯᠪᠤᠭᠳᠠᠭᠰᠠᠨ ᠠᠶᠤᠯ ᠲᠦᠭᠰᠢᠭᠦᠷᠢ ᠲᠠᠢ ᠬᠦᠮᠦᠰ ᠢ ᠲᠦᠷᠭᠡᠨ ᠪᠦᠭᠡᠳ ᠣᠨᠣᠪᠴᠢᠲᠠᠢ ᠪᠠᠷ ᠮᠦᠷᠳᠡᠨ | ᠪᠠᠶᠢᠴᠠᠭᠠᠬᠤ ᠳᠤ ᠲᠤᠭ᠎ᠠ ᠪᠠᠷᠢᠮᠲᠠ ᠶᠢᠨ ᠲᠣᠯᠭᠠᠭᠤᠷᠢᠯᠠᠯ ᠬᠠᠩᠭᠠᠬᠤ ᠪᠣᠯᠣᠨ᠎ᠠ᠃ | ᠬᠤᠶᠠᠷ᠂ ︽ᠲᠠᠯᠠᠪᠤᠷ ᠭᠠᠵᠠᠷ ᠤᠨ ᠺᠣᠳ᠋︾ ᠤᠨ ᠬᠡᠷᠡᠭᠯᠡᠬᠦ ᠬᠡᠪᠴᠢᠶ᠎ᠠ | ︵ᠨᠢᠭᠡ︶ ᠪᠦᠬᠦ ᠬᠤᠰᠢᠭᠤᠨ ᠤ ᠪᠣᠢ ᠪᠦᠬᠦᠢ ᠵᠠᠮ ᠬᠠᠷᠢᠯᠴᠠᠭᠠᠨ ᠤ ᠬᠦᠢᠰᠦ ᠭᠠᠵᠠᠷ ︵ᠨᠢᠰᠭᠡᠯ ᠤᠨ | ᠪᠠᠭᠤᠳᠠᠯ᠂ ᠭᠠᠯᠲᠤ ᠲᠡᠷᠭᠡᠨ ᠦᠷᠲᠡᠭᠡ᠂ ᠮᠠᠰᠢᠨ ᠲᠡᠷᠭᠡᠨ ᠤ ᠦᠷᠲᠡᠭᠡ ᠪᠠᠭᠲᠠᠨ᠎ᠠ︶ ᠤᠨ ᠣᠷᠣᠵᠣ ᠭᠠᠷᠬᠤ ᠡᠭᠦᠳᠡ | ᠂ ᠪᠦᠭᠡᠮ ᠬᠦᠴᠢᠯ ᠤᠨ ᠦᠯᠢᠭᠡᠷ ᠠᠪᠬᠤ᠂ ᠲᠦᠪᠯᠡᠷᠡᠭᠦᠯᠦᠨ ᠲᠤᠰᠠᠭᠠᠷᠯᠠᠬᠤ ᠴᠡᠭ ᠵᠢᠴᠢ ᠰᠢᠯᠵᠢᠭᠦᠯᠦᠨ | ᠲᠡᠭᠡᠭᠡᠪᠦᠷᠢᠯᠡᠬᠦ ᠲᠡᠷᠭᠡ ᠬᠦᠰᠭᠡ᠃ | ︵ᠬᠤᠶᠠᠷ︶ ᠪᠦᠬᠦ ᠬᠤᠰᠢᠭᠤᠨ ᠤ ᠪᠣᠢ ᠪᠦᠬᠦᠢ ᠡᠮ ᠤᠨ ᠳᠡᠯᠭᠡᠭᠦᠷ᠂ ᠬᠤᠪᠢ ᠶᠢᠨ ᠡᠮᠴᠢᠯᠡᠭᠡᠨ ᠤ ᠭᠠᠵᠠᠷ᠂ | ᠵᠣᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ ᠤᠨ ᠬᠡᠳᠦ ᠳᠡᠯᠭᠡᠭᠦᠷ᠂ ᠦᠵᠡᠮᠵᠢ ᠶᠢᠨ ᠣᠷᠣᠨ᠂ ᠲᠠᠷᠢᠶᠠᠯᠠᠩ | ᠠᠷᠠᠯᠵᠢᠶᠠᠨ ᠤ ᠵᠠᠬ᠎ᠠ ᠳᠡᠯᠭᠡᠭᠦᠷ᠂ ᠪᠣᠯᠪᠠᠰᠤᠷᠠᠯ ᠤᠨ ᠪᠠᠶᠢᠭᠤᠯᠤᠮᠵᠢ᠂ ᠰᠣᠶᠣᠯ ᠲᠠᠮᠢᠷ ᠵᠤᠭ᠎ᠠ ᠴᠡᠩᠭᠡᠯ᠂ ᠦᠰᠦ | ᠵᠠᠰᠠᠬᠤ ᠣᠭᠢᠶᠠᠯᠭ᠎ᠠ ᠵᠡᠷᠭᠡ ᠡᠵᠡᠩᠨᠡᠯᠲᠡ ᠶᠢᠨ ᠴᠢᠨᠠᠷᠲᠠᠢ ᠲᠠᠯᠠᠪᠤᠷ ᠭᠠᠵᠠᠷ᠃ | ︵ᠭᠤᠷᠪᠠ︶ ᠪᠦᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠰᠣᠷᠭᠠᠭᠤᠯᠢ᠂ ᠬᠡᠦᠬᠡᠳ ᠰᠠᠭᠠᠲᠠᠭᠤᠯᠬᠤ | ᠪᠠᠶᠢᠭᠤᠯᠤᠮᠵᠢ ᠵᠡᠷᠭᠡ ᠲᠠᠯᠠᠪᠤᠷ ᠭᠠᠵᠠᠷ᠃ | ︵ᠳᠥᠷᠪᠡ︶ ᠪᠣᠰᠣᠳ ᠣᠯᠠᠨ ᠨᠡᠶᠢᠲᠡ ᠶᠢᠨ ᠲᠠᠯᠠᠪᠤᠷ᠃ | ᠭᠤᠷᠪᠠ᠂ ︽ᠲᠠᠯᠠᠪᠤᠷ ᠭᠠᠵᠠᠷ ᠤᠨ ᠺᠣᠳ᠋︾ ᠢ ᠰᠢᠷᠪᠢᠬᠦ ᠶᠠᠪᠤᠴᠠ | ᠸᠢᠴᠠᠲ ᠤᠨ ︽ᠤᠯᠤᠰ ᠤᠨ ᠵᠠᠰᠠᠭ ᠤᠨ ᠶᠠᠪᠤᠳᠠᠯ ᠤᠨ ᠲᠠᠪᠴᠠᠩ︾ ᠢ ᠨᠡᠭᠡᠭᠡᠵᠦ ︽ᠬᠢᠵᠢᠭ ᠢ ᠰᠡᠷᠭᠡᠶᠢᠯᠡᠬᠦ | ᠡᠷᠡᠭᠦᠯ ᠮᠡᠨᠳᠦ ᠶᠢ ᠺᠣᠳ᠋ ᠤᠨ ᠦᠢᠯᠡᠴᠢᠯᠡᠭᠡ︾ ᠶᠢ ᠲᠣᠪᠴᠢᠳᠠᠵᠤ᠂ ︽ᠳᠠᠷᠤᠢ ᠲᠦᠷᠭᠡᠨ ᠡᠷᠡᠮᠡᠯᠵᠡᠯᠡᠬᠦ᠂ ᠲᠠ | ᠨᠢᠭᠡᠨᠲᠡ ᠡᠷᠡᠮᠡᠯᠵᠡᠯᠡᠨ ᠠᠪᠤᠭᠰᠠᠨ᠂ ᠳᠠᠷᠣᠢ ᠲᠦᠷᠭᠡᠨ ᠪᠠᠶᠢᠴᠠᠭᠠᠨ ᠦᠵᠡᠬᠦ︾ ᠶᠢ ᠲᠣᠪᠴᠢᠳᠠᠵᠤ᠂ ︽ᠲᠠᠯᠠᠪᠤᠷ ᠲᠤ | ᠬᠦᠷᠴᠦ ᠦᠩᠭᠡᠷᠡᠭᠰᠡᠳ ᠤᠨ ᠮᠡᠳᠡᠭᠡ ᠵᠠᠩᠭᠢ ᠶᠢᠨ ᠳᠠᠩᠰᠠᠯᠠᠯᠲᠠ ᠶᠢᠨ ᠺᠣᠳ᠋︾ ᠢ ᠲᠣᠪᠴᠢᠳᠠᠵᠤ᠂ | ︽ᠵᠦᠪᠰᠢᠶᠠᠷᠡᠨᠡ︾ ᠶᠢ ᠲᠣᠪᠴᠢᠳᠠᠵᠤ᠂ ᠡᠷᠡᠮᠡᠯᠵᠡᠯᠡᠨ ᠠᠪᠤᠭᠴᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ | ᠲᠠᠭᠯᠠᠨ᠎ᠠ᠂ ︽ᠬᠡᠯᠡᠯᠴᠡᠭᠡᠷ︾ ᠢ ᠵᠦᠪᠰᠢᠶᠡᠷᠡᠬᠦ ᠲᠣᠪᠴᠢ ᠶᠢ ᠲᠣᠪᠴᠢᠳᠠᠨ ᠪᠦᠬᠦ ᠠᠯᠬᠤᠮ ᠳᠠᠷᠠᠭ᠎ᠠ ᠶᠢ | ᠪᠡᠶᠡᠯᠡᠭᠦᠯᠪᠡᠯ᠂ ᠬᠤᠶᠠᠷ ᠬᠡᠮᠵᠢᠯᠲᠦ ᠺᠣᠳ᠋ ᠢᠯᠡᠷᠡᠵᠦ᠂ ᠱᠠᠭᠠᠷᠳᠠᠯᠭ᠎ᠠ ᠶᠣᠰᠤᠭᠠᠷ ᠢᠯᠡ ᠭᠠᠵᠠᠷ ᠲᠤ ᠨᠠᠭᠠᠨ᠎ᠠ᠃ | ᠳᠥᠷᠪᠡ᠂ ᠳᠡᠯᠭᠡᠷᠡᠭᠦᠯᠦᠨ ᠬᠡᠷᠡᠭᠯᠡᠬᠦ ᠱᠠᠭᠠᠷᠳᠠᠯᠭ᠎ᠠ | ︵ᠨᠢᠭᠡ︶ ᠡᠯ᠎ᠡ ᠰᠣᠮᠣ ᠰᠢᠶᠠᠩ ᠪᠠᠯᠭᠠᠰᠤ᠂ ᠵᠡᠭᠡᠯᠢ ᠭᠤᠳᠤᠮᠵᠢ᠂ ᠡᠯ᠎ᠡ ᠠᠵᠢᠯ ᠲᠦᠷᠦᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠬᠡᠷᠡᠭᠯᠡᠬᠦ ᠬᠦᠷᠢᠶ᠎ᠡ ᠬᠡᠪᠴᠢᠶᠡᠨ ᠳᠤ ᠣᠷᠣᠭᠤᠯᠣᠭᠰᠠᠨ ᠣᠯᠠᠨ | ᠨᠡᠶᠢᠲᠡ ᠶᠢᠨ ᠲᠠᠯᠠᠪᠤᠷ ᠭᠠᠵᠠᠷ ᠲᠤ ᠬᠠᠮᠢᠶ᠎ᠠ ᠪᠦᠬᠦᠢ ᠮᠡᠳᠡᠭᠡ ᠵᠠᠩᠭᠢ ᠶᠢ ᠦᠨᠡᠨ ᠪᠤᠳᠠᠲᠠᠢ ᠪᠠᠷ ᠲᠠᠭᠯᠠᠨ ᠪᠢᠴᠢᠬᠦ ᠶᠢ | ᠱᠠᠭᠠᠷᠳᠠᠨ ᠵᠢᠯᠤᠭᠤᠳᠴᠣ᠂ 19 ᠤ ᠡᠳᠦᠷ ᠠᠴᠠ ᠡᠮᠦᠨ᠎ᠡ ᠲᠠᠯᠠᠪᠤᠷ ᠭᠠᠵᠠᠷ ᠤᠨ ᠺᠣᠳ᠋ ᠢ ᠡᠷᠡᠮᠡᠯᠵᠡᠯᠡᠨ ᠠᠪᠬᠤ ᠶᠢᠨ | ᠬᠠᠮᠲᠤ ᠡᠭᠦᠳᠡᠨ ᠤ ᠢᠯᠡ ᠪᠠᠶᠢᠷᠢᠨ ᠳᠤ ᠨᠠᠭᠠᠵᠤ᠂ ᠲᠤᠰᠬᠠᠢ ᠬᠦᠮᠦᠨ ᠲᠤᠬᠢᠷᠠᠭᠤᠯᠤᠨ ᠵᠢᠯᠤᠭᠤᠳᠴᠣ ᠬᠢᠨᠠᠯᠲᠠ | ᠲᠠᠯᠪᠢᠬᠤ ᠠᠵᠢᠯᠲᠠᠨ ᠵᠢᠴᠢ ᠣᠯᠠᠨ ᠲᠦᠮᠡᠨ ᠢ ᠤᠷᠢᠳᠠᠪᠠᠷ ᠺᠣᠳ᠋ ᠢ ᠨᠢ ᠰᠢᠷᠪᠢᠵᠤ ᠳᠠᠷᠠᠭ᠎ᠠ ᠨᠢ ᠣᠷᠣᠵᠣ ᠢᠷᠡᠬᠦ ᠶᠢ | ᠵᠢᠯᠤᠭᠤᠳᠤᠨ᠂ ᠨᠠᠰᠣᠨ ᠳᠤ ᠦᠯᠦ ᠬᠦᠷᠦᠭᠰᠡᠳ᠂ ᠨᠠᠰᠤᠲᠠᠶᠢᠴᠣᠳ᠂ ᠬᠠᠷᠠᠭ᠎ᠠ ᠪᠠ ᠰᠣᠨᠣᠷ ᠤᠨ ᠵᠡᠮᠳᠡᠭ ᠬᠦᠮᠦᠰ | ᠵᠢᠴᠢ ᠤᠶᠤᠨᠴᠢ ᠭᠠᠷ ᠤᠲᠠᠰᠤ ᠦᠭᠡᠢ ᠣᠯᠠᠨ ᠲᠦᠮᠡᠨ ᠳᠤ ᠮᠦᠨ ᠬᠦ ᠴᠠᠭᠠᠰᠤᠨ ᠳᠠᠩᠰᠠᠯᠠᠯᠲᠠ ᠶᠢᠨ ᠦᠢᠯᠡᠴᠢᠯᠡᠭᠡ | ᠬᠠᠩᠭᠠᠨ᠎ᠠ᠃ | ︵ᠬᠤᠶᠠᠷ︶ ᠡᠯ᠎ᠡ ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠤᠰᠬᠠᠢ | ᠠᠵᠢᠯᠲᠠᠨ ᠢ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠦᠷᠨᠢᠭᠦᠯᠵᠦ᠂ ᠬᠡᠷᠡᠭᠵᠢᠭᠦᠯᠬᠦ ᠦᠭᠡᠢ | ᠪᠠᠶᠢᠪᠠᠯ ᠬᠠᠤᠯᠢ ᠲᠣᠭᠲᠠᠭᠠᠯ ᠶᠤᠰᠤᠭᠠᠷ ᠬᠠᠮᠢᠶ᠎ᠠ ᠪᠦᠬᠦᠢ ᠲᠠᠯᠠᠪᠤᠷ ᠭᠠᠵᠠᠷ ᠤᠨ ᠡᠵᠡᠩᠨᠡᠭᠴᠢ ᠪᠠ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃ | ︵ᠭᠤᠷᠪᠠ︶ ᠡᠯ᠎ᠡ ᠰᠣᠮᠣ ᠰᠢᠶᠠᠩ ᠪᠠᠯᠭᠠᠰᠤ᠂ ᠵᠡᠭᠡᠯᠢ ᠭᠤᠳᠤᠮᠵᠢ ᠨᠤᠭᠤᠳ 14 ᠡᠳᠦᠷ ᠳᠣᠲᠣᠷ᠎ᠠ ᠠᠷᠤ | ᠬᠤᠷᠴᠢᠨ ᠳᠤ ᠪᠤᠴᠠᠭᠰᠠᠨ᠂ ᠢᠷᠡᠭᠰᠡᠨ ᠬᠦᠮᠦᠰ ᠢ ᠬᠦᠲᠦᠯᠦᠨ ᠵᠢᠯᠤᠭᠤᠳᠴᠣ ᠪᠠᠶᠢᠭᠠᠳ http://www. | chifeng.gov.cn/lcfcrydj/index.html ᠰᠦᠯᠵᠢᠶ᠎ᠡ ᠳᠤ ᠲᠡᠮᠳᠡᠭᠯᠡᠭᠦᠯᠦᠨ ᠳᠠᠩᠰᠠᠯᠠᠭᠤᠯᠬᠤ | ᠬᠡᠷᠡᠭᠲᠡᠢ᠃ ᠬᠡᠷᠪᠡ ᠬᠦᠬᠡᠬᠤᠲᠠ᠂ ᠬᠤ᠋ ᠯᠦ ᠳ᠋ᠣᠣ ᠵᠡᠷᠭᠡ ᠭᠠᠵᠠᠷ ᠲᠤ ᠠᠶᠠᠯᠠᠨ ᠰᠠᠭᠤᠷᠢᠰᠢᠭᠰᠠᠨ ᠦᠩᠭᠡᠷᠡᠯᠲᠡ ᠲᠠᠢ | ᠪᠣᠶᠣ ︽ᠰᠢᠷ᠎ᠠ ᠺᠣᠳ᠋︾᠂ ︽ᠤᠯᠠᠭᠠᠨ ᠺᠣᠳ᠋︾ ᠲᠠᠢ ᠪᠣᠶᠣ ᠬᠠᠯᠠᠭᠤᠷᠠᠬᠤ ᠵᠡᠷᠭᠡ ᠡᠪᠡᠳᠴᠢᠨ ᠤ ᠢᠯᠡᠷᠡᠯ ᠲᠠᠢ | ᠬᠦᠮᠦᠰ ᠳᠠᠷᠤᠶᠢᠬᠠᠨ ᠬᠤᠰᠢᠭᠤᠨ ᠤ ᠵᠢᠯᠤᠭᠤᠳᠬᠤ ᠭᠠᠵᠠᠷ ᠲᠤ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ | | | ᠠᠷᠤ ᠬᠤᠷᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ | 2022 ᠣᠨ ᠤ 2 ᠰᠠᠷ᠎ᠠ ᠶᠢᠨ 19 ᠤ ᠡᠳᠦᠷ | | |