ᠬᠦᠯᠢᠶᠡᠨ ᠰᠢᠢᠳᠪᠦᠷᠢᠯᠡᠬᠦ ᠨᠥᠬᠦᠴᠡᠯ | ( ᠨᠢᠭᠡ ) ᠬᠤᠶᠠᠷ ᠬᠡᠦᠬᠡᠳ ᠤᠨ ᠳᠣᠲᠣᠷ᠎ᠠ ᠡᠪᠡᠳᠴᠢᠨ ᠲᠠᠢ ᠵᠡᠮᠳᠡᠭ ᠬᠡᠦᠬᠡᠳ ᠪᠠᠶᠢᠵᠤ᠂ ᠬᠡᠪ ᠤᠨ | ᠬᠥᠳᠡᠯᠮᠦᠷᠢ ᠬᠦᠴᠦ ᠪᠣᠯᠣᠨ ᠪᠣᠶᠢᠵᠢᠵᠤ ᠴᠢᠳᠠᠬᠤ ᠦᠭᠡᠢ ᠪᠥᠭᠡᠳ ᠠᠨᠠᠭᠠᠬᠤ ᠤᠬᠠᠭᠠᠨ ᠳᠤ ᠡᠷ᠎ᠡ ᠡᠮ᠎ᠡ | ᠬᠤᠶᠠᠭᠤᠯᠠ ᠲᠡᠬᠢᠵᠦ ᠬᠡᠦᠬᠡᠳ ᠠᠪᠴᠤ ᠪᠣᠯᠣᠨ᠎ᠠ ᠭᠡᠵᠦ ᠦᠵᠡᠭᠰᠡᠨ᠃ ( ᠬᠤᠶᠠᠷ ) ᠲᠡᠬᠢᠵᠦ ᠤᠷᠤᠭᠯᠠᠭᠰᠠᠨ ᠡᠷ᠎ᠡ | ᠡᠮ᠎ᠡ ( ᠤᠷᠤᠬ ᠰᠡᠷᠭᠦᠭᠡᠭᠰᠡᠨ ᠢ ᠪᠠᠭᠲᠠᠭᠠᠬᠤ ᠦᠭᠡᠢ )᠂ ᠲᠡᠬᠢᠵᠦ ᠤᠷᠤᠭᠯᠠᠬᠤ ᠠᠴᠠ ᠡᠮᠦᠨ᠎ᠡ ᠨᠡᠶᠢᠳᠠ | ᠬᠤᠶᠠᠷ ᠠᠴᠠ ᠳᠡᠭᠡᠭᠰᠢ ᠬᠡᠦᠬᠡᠳ ᠠᠪᠤᠭᠰᠠᠨ ᠪᠥᠭᠡᠳ ᠲᠡᠬᠢᠵᠦ ᠤᠷᠤᠭᠯᠠᠭᠰᠠᠨ ᠤ ᠲᠡᠷᠠᠭ᠎ᠠ ᠬᠡᠦᠬᠡᠳ ᠠᠪᠤᠭᠰᠠᠨ | ᠦᠭᠡᠢ ᠪᠠᠶᠢᠬᠤ᠃ ( ᠭᠤᠷᠪᠠ ) ᠲᠡᠬᠢᠵᠦ ᠤᠷᠤᠭᠯᠠᠭᠰᠠᠨ ᠡᠷ᠎ᠡ ᠡᠮ᠎ᠡ ( ᠤᠷᠤᠬ ᠰᠡᠷᠭᠦᠭᠡᠭᠰᠡᠨ ᠢ ᠪᠠᠭᠲᠠᠭᠠᠬᠤ | ᠦᠭᠡᠢ )᠂ ᠲᠡᠬᠢᠵᠦ ᠤᠷᠤᠭᠯᠠᠬᠤ ᠠᠴᠠ ᠡᠮᠦᠨ᠎ᠡ ᠨᠡᠶᠢᠳᠠ ᠨᠢᠭᠡ ᠯᠡ ᠬᠡᠦᠬᠡᠳ ᠠᠪᠴᠤ ᠥᠩᠭᠡᠷᠡᠭᠰᠡᠨ᠂ ᠲᠡᠬᠢᠵᠦ | ᠤᠷᠤᠭᠯᠠᠭᠰᠠᠨ ᠤ ᠲᠡᠷᠠᠭ᠎ᠠ ᠨᠢᠭᠡ ᠯᠡ ᠬᠡᠦᠬᠡᠳ ᠠᠪᠤᠭᠰᠠᠨ᠃ ︵ᠳᠥᠷᠪᠡ︶ ᠮᠣᠩᠭᠤᠯ ᠦᠨᠳᠦᠰᠦᠲᠡᠨ ᠤ ᠠᠷᠠᠳ | ᠢᠷᠭᠡᠨ᠂ ᠡᠷ᠎ᠡ ᠡᠮ᠎ᠡ ᠬᠤᠶᠠᠭᠤᠯᠠ ᠪᠠᠨ ᠴᠥᠮ ᠬᠤᠲᠠ ᠪᠠᠯᠭᠠᠰᠤ ᠶᠢᠨ ᠡᠷᠦᠬᠡ ᠠᠮᠠ ᠶᠢᠨ ᠲᠠᠩᠰᠠ ᠦᠭᠡᠢ | ᠮᠥᠷᠲᠡᠭᠡᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠷᠭᠢᠯᠡᠵᠦ ᠪᠠᠶᠢᠭ᠎ᠠ᠂ ᠨᠢᠭᠡᠨᠲᠡ ᠬᠤᠶᠠᠷ ᠬᠡᠦᠬᠡᠳ | ᠲᠠᠢ ᠪᠣᠯᠣᠭᠰᠠᠨ ᠮᠥᠷᠲᠡᠭᠡᠨ ᠴᠥᠮ ᠥᠬᠢᠨ᠃ ( ᠲᠠᠪᠤ ) ᠲᠡᠬᠢᠠ ᠬᠡᠦᠬᠡᠳ ᠠᠪᠴᠤ ᠪᠣᠯᠬᠤ ᠪᠤᠰᠤᠳ | ᠪᠠᠶᠢᠳᠠᠯ ᠤᠳ᠃ | | ᠲᠣᠭᠲᠠᠭᠠᠭᠰᠠᠨ ᠦᠨᠳᠦᠰᠦᠯᠡᠯ | 【ᠬᠠᠤᠯᠢ ᠴᠠᠭᠠᠵᠠ】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠮᠥᠨ ᠠᠮᠠ ᠬᠢᠭᠡᠳ | ᠲᠥᠯᠥᠪᠯᠡᠭᠡᠲᠦ ᠦᠷᠡᠵᠢᠯ ᠤᠨ ᠬᠠᠤᠯᠢ︾ ︵2015 ᠣᠨ ᠤ ᠵᠠᠰᠠᠪᠤᠷᠢ ᠣᠷᠣᠭᠤᠯᠤᠭᠰᠠᠨ ᠳᠡᠪᠲᠡᠷ︶ ᠶᠢᠨ ᠠᠷᠪᠠᠨ | ᠨᠠᠢᠮᠠᠳᠤᠭᠠᠷ ᠵᠤᠷᠪᠤᠰ ᠲᠤ ᠤᠯᠤᠰ ᠠᠴᠠ ᠡᠷ᠎ᠡ ᠡᠮ᠎ᠡ ᠬᠤᠶᠠᠭᠤᠯᠠ ᠬᠤᠶᠠᠷ ᠬᠡᠦᠬᠡᠳ ᠠᠪᠬᠤ ᠶᠢ ᠰᠠᠨᠠᠭᠠᠴᠢᠯᠠᠪᠠ᠃ | ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠪᠡᠯ᠂ ᠳᠠᠬᠢᠨ | ᠬᠡᠦᠬᠡᠳ ᠠᠪᠬᠤ ᠲᠣᠬᠢᠷᠠᠭᠤᠯᠤᠯᠲᠠ ᠬᠢᠯᠭᠡᠬᠦ ᠪᠠᠷ ᠱᠠᠭᠠᠷᠳᠠᠵᠤ ᠪᠣᠯᠣᠨ᠎ᠠ᠃ ᠪᠣᠳᠠᠲᠠᠢ ᠠᠷᠭ᠎ᠠ ᠶᠢ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠪᠤᠶᠤ ᠲᠡᠭᠦᠨ ᠤ ᠪᠠᠶᠢᠩᠭᠤ ᠶᠢᠨ ᠬᠤᠷᠢᠶ᠎ᠠ ᠠᠴᠠ ᠲᠣᠭᠲᠠᠭᠠᠨ᠎ᠠ᠃ | ᠴᠥᠭᠡᠨ ᠲᠣᠭᠠᠲᠤ ᠦᠨᠳᠦᠰᠦᠲᠡᠨ ᠴᠦ ᠲᠥᠯᠥᠪᠯᠡᠭᠡ ᠲᠠᠢ ᠪᠠᠷ ᠬᠡᠦᠬᠡᠳ ᠠᠪᠬᠤ ᠶᠢ ᠬᠡᠷᠡᠭᠵᠢᠭᠦᠯᠦᠨ᠎ᠡ᠂ | ᠪᠣᠳᠠᠲᠠᠢ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠡᠭᠦᠨ ᠤ ᠪᠠᠶᠢᠩᠭᠤ ᠶᠢᠨ ᠬᠤᠷᠢᠶ᠎ᠠ ᠠᠴᠠ ᠲᠣᠭᠲᠠᠭᠠᠨ᠎ᠠ᠃ ᠡᠷ᠎ᠡ ᠡᠮ᠎ᠡ | ᠬᠤᠶᠠᠷ ᠡᠲᠡᠭᠡᠳ ᠤᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠬᠤᠭᠤᠷᠣᠨᠳᠤ ᠳᠠᠬᠢᠨ ᠬᠡᠦᠬᠡᠳ ᠠᠪᠬᠤ ᠲᠤᠬᠠᠢ ᠲᠣᠭᠲᠠᠭᠠᠯ ᠨᠢ ᠨᠢᠭᠡᠳᠦᠯ ᠦᠭᠡᠢ | ᠪᠠᠶᠢᠪᠠᠯ᠂ ᠲᠤᠬᠠᠢ ᠶᠢᠨ ᠬᠥᠮᠥᠨ ᠳᠤ ᠠᠰᠢᠭᠲᠠᠢ ᠪᠠᠶᠢᠬᠤ ᠵᠠᠷᠴᠢᠮ ᠶᠣᠰᠣᠭᠠᠷ ᠬᠡᠷᠡᠭᠯᠡᠨ᠎ᠡ᠃ | 【 ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ 】 ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠮᠥᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠳᠦᠷᠢᠮ︾ ︵2016 ᠣᠨ ᠤ ᠵᠠᠰᠠᠪᠤᠷᠢ | ᠣᠷᠣᠭᠤᠯᠤᠭᠰᠠᠨ ᠳᠡᠪᠲᠡᠷ︶ ᠤᠨ ᠠᠷᠪᠠᠨ ᠨᠠᠢᠮᠠᠳᠤᠭᠠᠷ ᠵᠤᠷᠪᠤᠰ ᠲᠤ᠂ ᠳᠣᠣᠷᠠᠬᠢ ᠪᠠᠶᠢᠳᠠᠯ ᠤᠨ ᠨᠢᠭᠡ ᠳᠤ | ᠨᠡᠶᠢᠴᠡᠪᠡᠯ᠂ ᠵᠥᠪᠰᠢᠶᠡᠷᠡᠯ ᠢᠶᠠᠷ ᠳᠠᠮᠵᠢᠨ ᠳᠠᠬᠢᠨ ᠨᠢᠭᠡ ᠬᠡᠦᠬᠡᠳ ᠠᠪᠴᠤ ᠪᠣᠯᠣᠨ᠎ᠠ᠄ | ( ᠨᠢᠭᠡ ) ᠬᠤᠶᠠᠷ ᠬᠡᠦᠬᠡᠳ ᠤᠨ ᠳᠣᠲᠣᠷ᠎ᠠ ᠡᠪᠡᠳᠴᠢᠨ ᠲᠠᠢ ᠵᠡᠮᠳᠡᠭ ᠬᠡᠦᠬᠡᠳ ᠲᠠᠢ ᠪᠠᠶᠢᠵᠤ᠂ ᠬᠡᠪ ᠤᠨ | ᠬᠥᠳᠡᠯᠮᠦᠷᠢ ᠬᠦᠴᠦ ᠪᠣᠯᠣᠨ ᠪᠣᠶᠢᠵᠢᠵᠤ ᠴᠢᠳᠠᠬᠤ ᠦᠭᠡᠢ ᠪᠥᠭᠡᠳ ᠠᠨᠠᠭᠠᠬᠤ ᠤᠬᠠᠭᠠᠨ ᠳᠤ ᠡᠷ᠎ᠡ ᠡᠮ᠎ᠡ | ᠬᠤᠶᠠᠭᠤᠯᠠ ᠲᠡᠬᠢᠵᠦ ᠬᠡᠦᠬᠡᠳ ᠠᠪᠴᠤ ᠪᠣᠯᠣᠨ᠎ᠠ ᠭᠡᠵᠦ ᠦᠵᠡᠭᠰᠡᠨ᠃ ( ᠬᠤᠶᠠᠷ ) ᠲᠡᠬᠢᠵᠦ ᠤᠷᠤᠭᠯᠠᠭᠰᠠᠨ ᠡᠷ᠎ᠡ | ᠡᠮ᠎ᠡ ( ᠤᠷᠤᠬ ᠰᠡᠷᠭᠦᠭᠡᠭᠰᠡᠨ ᠢ ᠪᠠᠭᠲᠠᠭᠠᠬᠤ ᠦᠭᠡᠢ )᠂ ᠲᠡᠬᠢᠵᠦ ᠤᠷᠤᠭᠯᠠᠬᠤ ᠠᠴᠠ ᠡᠮᠦᠨ᠎ᠡ ᠨᠡᠶᠢᠳᠠ | ᠬᠤᠶᠠᠷ ᠠᠴᠠ ᠳᠡᠭᠡᠭᠰᠢ ᠬᠡᠦᠬᠡᠳ ᠠᠪᠤᠭᠰᠠᠨ ᠪᠥᠭᠡᠳ ᠲᠡᠬᠢᠵᠦ ᠤᠷᠤᠭᠯᠠᠭᠰᠠᠨ ᠤ ᠲᠡᠷᠠᠭ᠎ᠠ ᠬᠡᠦᠬᠡᠳ ᠠᠪᠤᠭᠰᠠᠨ | ᠦᠭᠡᠢ ᠪᠠᠶᠢᠬᠤ᠃ ( ᠭᠤᠷᠪᠠ ) ᠲᠡᠬᠢᠵᠦ ᠤᠷᠤᠭᠯᠠᠭᠰᠠᠨ ᠡᠷ᠎ᠡ ᠡᠮ᠎ᠡ ( ᠤᠷᠤᠬ ᠰᠡᠷᠭᠦᠭᠡᠭᠰᠡᠨ ᠢ ᠪᠠᠭᠲᠠᠭᠠᠬᠤ | ᠦᠭᠡᠢ )᠂ ᠲᠡᠬᠢᠵᠦ ᠤᠷᠤᠭᠯᠠᠬᠤ ᠠᠴᠠ ᠡᠮᠦᠨ᠎ᠡ ᠨᠡᠶᠢᠳᠠ ᠨᠢᠭᠡ ᠯᠡ ᠬᠡᠦᠬᠡᠳ ᠠᠪᠴᠤ ᠥᠩᠭᠡᠷᠡᠭᠰᠡᠨ᠂ ᠲᠡᠬᠢᠵᠦ | ᠤᠷᠤᠭᠯᠠᠭᠰᠠᠨ ᠤ ᠲᠡᠷᠠᠭ᠎ᠠ ᠨᠢᠭᠡ ᠯᠡ ᠬᠡᠦᠬᠡᠳ ᠠᠪᠤᠭᠰᠠᠨ᠃ ︵ᠳᠥᠷᠪᠡ︶ ᠮᠣᠩᠭᠤᠯ ᠦᠨᠳᠦᠰᠦᠲᠡᠨ ᠤ ᠠᠷᠠᠳ | ᠢᠷᠭᠡᠨ᠂ ᠡᠷ᠎ᠡ ᠡᠮ᠎ᠡ ᠬᠤᠶᠠᠭᠤᠯᠠ ᠪᠠᠨ ᠴᠥᠮ ᠬᠤᠲᠠ ᠪᠠᠯᠭᠠᠰᠤ ᠶᠢᠨ ᠡᠷᠦᠬᠡ ᠠᠮᠠ ᠶᠢᠨ ᠲᠠᠩᠰᠠ ᠦᠭᠡᠢ | ᠮᠥᠷᠲᠡᠭᠡᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠷᠭᠢᠯᠡᠵᠦ ᠪᠠᠶᠢᠭ᠎ᠠ᠂ ᠨᠢᠭᠡᠨᠲᠡ ᠬᠤᠶᠠᠷ ᠬᠡᠦᠬᠡᠳ | ᠲᠠᠢ ᠪᠣᠯᠣᠭᠰᠠᠨ ᠮᠥᠷᠲᠡᠭᠡᠨ ᠴᠥᠮ ᠥᠬᠢᠨ᠃ ( ᠲᠠᠪᠤ ) ᠲᠡᠬᠢᠠ ᠬᠡᠦᠬᠡᠳ ᠠᠪᠴᠤ ᠪᠣᠯᠬᠤ ᠪᠤᠰᠤᠳ | ᠪᠠᠶᠢᠳᠠᠯ ᠤᠳ᠃ | ᠬᠤᠷᠢᠨ ᠨᠢᠭᠡᠳᠦᠭᠡᠷ ᠵᠤᠷᠪᠤᠰ ᠲᠤ᠂ ᠲᠣᠰ ᠳᠦᠷᠢᠮ ᠤᠨ ᠲᠣᠭᠲᠠᠭᠠᠯ ᠳᠤ ᠨᠡᠶᠢᠴᠡᠵᠦ ᠬᠡᠦᠬᠡᠳ ᠠᠪᠤᠭᠰᠠᠨ | ᠡᠷ᠎ᠡ ᠡᠮ᠎ᠡ᠂ ᠬᠥᠩᠭᠡᠵᠢᠭᠰᠡᠨ ᠤ ᠳᠠᠷᠠᠭᠠᠬᠢ ᠵᠢᠷᠠᠨ ᠡᠳᠦᠷ ᠤᠨ ᠳᠣᠲᠣᠷ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠬᠥᠩᠭᠡᠵᠢᠭᠰᠡᠨ | ᠳᠠᠩᠰᠠᠯᠠᠯᠲᠠ ᠬᠢᠯᠭᠡᠬᠦ ᠬᠡᠷᠡᠭᠲᠡᠢ᠃ | ᠲᠣᠰ ᠳᠦᠷᠢᠮ ᠤᠨ ᠲᠣᠭᠲᠠᠭᠠᠯ ᠳᠤ ᠨᠡᠶᠢᠴᠡᠵᠦ᠂ ᠳᠠᠭᠢᠵᠤ ᠬᠡᠦᠬᠡᠳ ᠠᠪᠬᠤ ᠪᠠᠷ ᠱᠠᠭᠠᠷᠳᠠᠯᠭ᠎ᠠ | ᠳᠤᠷᠠᠳᠤᠭᠰᠠᠨ ᠡᠷ᠎ᠡ ᠡᠮ᠎ᠡ᠂ ᠡᠷᠦᠬᠡ ᠠᠮᠠ ᠶᠢᠨ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ | ᠰᠠᠭᠤᠭᠠᠯᠢ ᠠᠷᠠᠳ ᠤᠨ ᠵᠥᠪᠯᠡᠯ ᠪᠤᠶᠤ ᠠᠵᠢᠯᠯᠠᠵᠤ ᠪᠠᠶᠢᠭ᠎ᠠ ᠪᠠᠶᠢᠭᠤᠯᠭ᠎ᠠ ᠨᠢᠭᠡᠴᠡ ᠳᠤ ᠭᠤᠶᠤᠴᠢᠯᠠᠯ ᠢᠶᠠᠨ | ᠳᠤᠷᠠᠳᠴᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ︽ | ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠦᠨᠡᠮᠯᠡᠯ︾ ᠢ ᠵᠥᠪᠰᠢᠶᠡᠷᠡᠨ ᠣᠯᠭᠤᠨ᠎ᠠ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 48᠂ 49 | ᠳ᠋ᠦ᠋ᠭᠡᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠵᠤ ᠵᠡᠭᠦᠨᠰᠢ 200 ᠮᠧᠲᠷ ᠶᠠᠪᠤᠨ᠎ᠠ | ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ | ᠥᠷᠲᠡᠭᠡᠨ ᠳᠤ ᠪᠠᠭᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=ff80808176b85a700176d1a0ca6d7e66®ionCode=150421000000&highlight=personal&record=istrue |