ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠢ ᠪᠠᠶᠢᠭᠤᠯᠬᠤ ᠳᠠᠩᠰᠠᠯᠠᠯᠲᠠ
ᠨᠡᠶᠢᠲᠡᠯᠡᠭᠰᠡᠨ ᠴᠠᠭ᠄
2022/3/1
ᠬᠦᠯᠢᠶᠡᠨ ᠰᠢᠢᠳᠪᠦᠷᠢᠯᠡᠬᠦ ᠨᠥᠬᠦᠴᠡᠯ        ︵ᠨᠢᠭᠡ︶ ᠵᠥᠪᠰᠢᠶᠡᠷᠡᠬᠦ ᠨᠥᠬᠦᠴᠡᠯ᠄        1. ᠠᠷᠠᠴᠢᠯᠠᠨ ᠲᠡᠵᠢᠭᠡᠬᠦ ᠬᠡᠪᠴᠢᠶ᠎ᠡ ᠲᠠᠢ ᠪᠠᠨ ᠵᠣᠬᠢᠴᠠᠭᠰᠠᠨ ᠦᠢᠯᠡᠳᠪᠦᠷᠢᠯᠡᠯ ᠤᠨ ᠲᠠᠯᠠᠪᠤᠷ ᠪᠠ ᠢᠵᠢ ᠪᠦᠷᠢᠳᠦᠭᠰᠡᠨ ᠦᠢᠯᠡᠳᠪᠦᠷᠢᠯᠡᠯ ᠤᠨ ᠲᠥᠬᠦᠭᠡᠷᠦᠮᠵᠢ ᠲᠠᠢ ᠪᠠᠶᠢᠬᠤ᠃        2. ᠲᠡᠭᠦᠨ ᠳᠤ ᠦᠢᠯᠡᠴᠢᠯᠡᠬᠦ ᠮᠠᠯ ᠠᠵᠤ ᠠᠬᠤᠢ ᠮᠠᠯ ᠡᠮᠨᠡᠯᠭᠡ ᠶᠢᠨ ᠮᠡᠷᠭᠡᠵᠢᠯᠲᠡᠨ ᠲᠠᠢ ᠪᠠᠶᠢᠬᠤ᠃        3. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠤ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠬᠢᠵᠢᠭ ᠢ ᠰᠡᠷᠭᠡᠶᠢᠯᠡᠬᠦ ᠨᠥᠬᠦᠴᠡᠯ ᠳᠤ ᠨᠡᠶᠢᠴᠡᠭᠰᠡᠨ ᠪᠠᠶᠢᠬᠤ᠃        4. ᠮᠠᠯ ᠵᠢᠭᠦᠷᠲᠡᠨ ᠤ ᠪᠠᠭᠠᠰᠤ ᠰᠢᠭᠡᠰᠦ᠂ ᠬᠠᠶᠠᠭᠳᠠᠮᠠᠯ ᠤᠰᠤ ᠪᠠ ᠪᠤᠰᠤᠳ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠠᠮᠤᠭ ᠤᠨ ᠬᠡᠢ ᠶᠢᠨ ᠲᠠᠲᠠᠭᠠᠯ ᠵᠡᠷᠭᠡ ᠲᠥᠬᠦᠭᠡᠷᠦᠮᠵᠢ ᠪᠤᠶᠤ ᠬᠤᠣᠷ ᠦᠭᠡᠶᠢᠵᠢᠬᠦᠯᠦᠨ ᠰᠢᠢᠳᠪᠦᠷᠢᠯᠡᠬᠦ ᠪᠤᠰᠤᠳ ᠲᠥᠬᠦᠭᠡᠷᠦᠮᠵᠢ ᠲᠠᠢ ᠪᠠᠶᠢᠬᠤ᠃        5. ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ᠃        6. ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠳᠤ ᠨᠡᠶᠢᠴᠡᠭᠰᠡᠨ ᠪᠠᠶᠢᠬᠤ᠃        ︵ᠬᠤᠶᠠᠷ︶ ᠦᠯᠦ ᠵᠥᠪᠰᠢᠶᠡᠷᠡᠭᠰᠡᠨ ᠪᠠᠶᠢᠳᠠᠯ        ᠳᠣᠣᠷ᠎ᠠ ᠵᠢᠭᠰᠠᠭᠠᠭᠰᠠᠨ ᠭᠠᠵᠠᠷ ᠣᠷᠣᠨ ᠳᠤ  ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠪᠠᠶᠢᠭᠤᠯᠬᠤ ᠶᠢ ᠴᠠᠭᠠᠵᠠᠯᠠᠨ᠎ᠠ᠄        1. ᠠᠮᠢᠳᠤᠷᠠᠯ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠠᠯᠳᠠᠷᠲᠤ ᠦᠵᠡᠮᠵᠢ ᠶᠢᠨ ᠣᠷᠣᠨ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠣᠯ ᠣᠷᠣᠨ ᠪᠠ ᠵᠠᠪᠰᠠᠷ ᠤᠨ ᠣᠷᠣᠨ᠃        2. ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠲᠣᠭᠤᠷᠢᠭ᠂ ᠰᠣᠶᠣᠯ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠲᠣᠭᠤᠷᠢᠭ ᠵᠡᠷᠭᠡ ᠬᠥᠮᠥᠨ ᠠᠮᠠ ᠲᠥᠪᠯᠡᠷᠡᠭᠰᠡᠨ ᠣᠷᠣᠨ᠃        3. ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠲᠡᠵᠢᠭᠡᠬᠦ ᠶᠢ ᠴᠠᠭᠠᠵᠠᠯᠠᠬᠤ ᠪᠤᠰᠤᠳ ᠣᠷᠣᠨ ᠪᠦᠰᠡ᠃        ︵ᠭᠤᠷᠪᠠ︶ ᠲᠣᠳᠣᠷᠬᠠᠶᠢᠯᠠᠬᠤ ᠴᠢᠬᠤᠯᠠᠲᠠᠢ ᠪᠤᠰᠤᠳ ᠪᠠᠶᠢᠳᠠᠯ        ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠪᠠᠶᠢᠬᠤ ᠦᠭᠡᠢ᠃ᠲᠣᠭᠲᠠᠭᠠᠭᠰᠠᠨ ᠦᠨᠳᠦᠰᠦᠯᠡᠯ      【ᠬᠠᠤᠯᠢ ᠴᠠᠭᠠᠵᠠ】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾ ︵2005 ᠣᠨ ᠤ 12 ᠰᠠᠷ᠎ᠠ ᠳᠤ ᠲᠡᠷᠢᠭᠦᠯᠡᠭᠴᠢ ᠶᠢᠨ ᠵᠠᠷᠯᠢᠭ 10 ᠳ᠋ᠤᠭᠠᠷ ᠬᠤᠭᠤᠴᠠᠭᠠᠨ ᠤ 45 ᠳ᠋ᠤᠭᠠᠷ ᠲᠣᠭᠠᠲᠤ ᠳᠤ ᠨᠡᠶᠢᠲᠡᠯᠡᠵᠦ᠂ 2015 ᠣᠨ ᠤ 4 ᠰᠠᠷ᠎ᠠ ᠳᠤ ᠲᠡᠷᠢᠭᠦᠯᠡᠭᠴᠢ ᠶᠢᠨ ᠵᠠᠷᠯᠢᠭ 12 ᠳ᠋ᠤᠭᠠᠷ ᠬᠤᠭᠤᠴᠠᠭᠠᠨ ᠤ 26 ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠤᠭᠰᠠᠨ︶ ᠶᠢᠨ ᠭᠤᠴᠢ ᠶᠢᠰᠦᠳᠦᠭᠡᠷ ᠵᠤᠷᠪᠤᠰ ᠤᠨ ᠨᠢᠭᠡᠳᠦᠭᠡᠷ ᠪᠠᠳᠠᠭ ᠲᠤ᠂ ︵ᠲᠠᠪᠤ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠢ ᠪᠦᠷᠢᠯᠳᠦᠭᠦᠯᠬᠦ ᠬᠡᠷᠡᠭᠲᠡᠢ᠃ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠢ ᠡᠷᠬᠢᠯᠡᠨ ᠪᠠᠶᠢᠭᠤᠯᠤᠭᠴᠢ ᠨᠢ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠤᠨ ᠨᠡᠷᠡᠶᠢᠳᠦᠯ᠂ ᠲᠡᠵᠢᠭᠡᠨ ᠦᠷᠡᠵᠢᠭᠦᠯᠬᠦ ᠭᠠᠵᠠᠷ ᠤᠨ ᠬᠠᠶ᠋ᠢᠭ᠂ ᠮᠠᠯ ᠵᠢᠭᠦᠷᠲᠡᠨ ᠤ ᠡᠭᠦᠯᠳᠡᠷ ᠪᠠ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠤᠨ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠠᠯ ᠠᠵᠤ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠵᠤ᠂ ᠮᠠᠯ ᠵᠢᠭᠦᠷᠲᠡᠨ ᠤ ᠢᠯᠡᠳᠬᠡᠮᠵᠢ ᠲᠥᠯᠥᠭᠡᠨ ᠤ ᠨᠣᠮᠧᠷ ᠢ ᠣᠯᠬᠤ ᠬᠡᠷᠡᠭᠲᠡᠢ᠃      【ᠵᠠᠰᠠᠭ ᠵᠠᠬᠢᠷᠭᠠᠨ ᠤ ᠬᠠᠤᠯᠢ ᠲᠣᠭᠲᠠᠭᠠᠯ】《 ᠴᠠᠭᠠᠨ ᠢᠳᠡᠭᠡᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾ ︵2008 ᠣᠨ ᠤ 10 ᠰᠠᠷ᠎ᠠ ᠶᠢᠨ 9 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 536 ᠳ᠋ᠤᠭᠠᠷ ᠲᠣᠭᠠᠲᠤ ᠪᠠᠷ ᠨᠡᠶᠢᠲᠡᠯᠡᠭᠰᠡᠨ︶ ᠤᠨ ᠠᠷᠪᠠᠨ ᠬᠤᠶᠠᠳᠤᠭᠠᠷ ᠵᠤᠷᠪᠤᠰ ᠤᠨ ᠬᠤᠶᠠᠳᠤᠭᠠᠷ ᠪᠠᠳᠠᠭ ᠲᠤ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠢ ᠡᠷᠬᠢᠯᠡᠭᠰᠡᠳ ᠨᠢ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠤᠨ ᠨᠡᠷᠡᠶᠢᠳᠦᠯ᠂ ᠲᠡᠵᠢᠭᠡᠨ ᠦᠷᠡᠵᠢᠭᠦᠯᠬᠦ ᠭᠠᠵᠠᠷ ᠤᠨ ᠬᠠᠶ᠋ᠢᠭ᠂ ᠰᠠᠭᠠᠯᠢ ᠶᠢᠨ ᠮᠠᠯ ᠤᠨ ᠡᠭᠦᠯᠳᠡᠷ ᠪᠠ ᠲᠡᠵᠢᠭᠡᠨ ᠦᠷᠡᠵᠢᠭᠦᠯᠬᠦ ᠬᠡᠪᠴᠢᠶ᠎ᠡ ᠶᠢ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠤᠨ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠠᠯ ᠠᠵᠤ ᠠᠬᠤᠢ ᠮᠠᠯ ᠡᠮᠨᠡᠯᠭᠡ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠢ᠃      【ᠰᠠᠯᠠᠭ᠎ᠠ ᠮᠥᠴᠢᠷ ᠤᠨ ᠲᠣᠭᠲᠠᠭᠠᠯ】︽ᠲᠦᠭᠦᠬᠡᠢ ᠰᠦ ᠦᠢᠯᠡᠳᠪᠦᠷᠢᠯᠡᠵᠦ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾ ︵2008 ᠣᠨ ᠤ 11 ᠰᠠᠷ᠎ᠠ ᠶᠢᠨ 7 ᠤ ᠡᠳᠦᠷ ᠲᠠᠷᠢᠶᠠᠯᠠᠩ ᠤᠨ ᠶᠠᠮᠤᠨ ᠤ ᠵᠠᠷᠯᠢᠭ 15 ᠳ᠋ᠤᠭᠠᠷ ᠲᠣᠭᠠᠲᠤ ᠪᠠᠷ ᠨᠡᠶᠢᠲᠡᠯᠡᠭᠰᠡᠨ︶  ᠶᠢᠨ ᠠᠷᠪᠠᠳᠤᠭᠠᠷ ᠵᠤᠷᠪᠤᠰ ᠲᠤ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ ᠪᠥᠭᠡᠳ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠠᠯ ᠠᠵᠤ ᠠᠬᠤᠢ ᠮᠠᠯ ᠡᠮᠨᠡᠯᠭᠡ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ ᠨᠠᠶᠢᠳᠠᠭᠰᠠᠨ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠪᠠᠶᠢᠭᠤᠯᠤᠮᠵᠢ ᠳᠤ ᠳᠠᠩᠰᠠᠯᠠᠭᠤᠯᠵᠤ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠥᠯᠥᠭᠡᠨ ᠤ ᠨᠣᠮᠧᠷ ᠢ ᠣᠯᠣᠭᠰᠠᠨ ᠪᠠᠶᠢᠬᠤ ᠬᠡᠷᠡᠭᠲᠡᠢ᠃        ᠴᠠᠭᠠᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠥᠪᠡᠷ ᠤᠨ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠤᠨ᠂ ᠳᠦᠷᠢᠮᠵᠢᠯ ᠤᠨ ᠱᠠᠭᠠᠷᠳᠠᠯᠭ᠎ᠠ ᠶᠣᠰᠣᠭᠠᠷ ᠪᠠᠷᠢᠮᠵᠢᠶᠠᠵᠢᠭᠤᠯᠤᠨ ᠦᠢᠯᠡᠳᠪᠦᠷᠢᠯᠡᠬᠦ ᠪᠠ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃      【 ᠰᠠᠯᠠᠭ᠎ᠠ ᠮᠥᠴᠢᠷ ᠤᠨ ᠳᠦᠷᠢᠮ ᠲᠣᠭᠲᠠᠭᠠᠯ】 ︽ᠮᠠᠯ ᠵᠢᠭᠦᠷᠲᠡᠨ ᠤ ᠢᠯᠡᠳᠬᠡᠮᠵᠢ ᠲᠡᠮᠳᠡᠭ ᠪᠠ ᠲᠡᠵᠢᠭᠡᠨ ᠦᠷᠡᠵᠢᠭᠦᠯᠬᠦ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ︵2006 ᠣᠨ ᠤ 6 ᠰᠠᠷ᠎ᠠ ᠶᠢᠨ 26 ᠤ ᠡᠳᠦᠷ ᠲᠠᠷᠢᠶᠠᠯᠠᠩ ᠤᠨ ᠶᠠᠮᠤᠨ ᠤ ᠵᠠᠷᠯᠢᠭ 67 ᠳ᠋ᠤᠭᠠᠷ ᠲᠣᠭᠠᠲᠤ ᠪᠠᠷ ᠨᠡᠶᠢᠲᠡᠯᠡᠭᠰᠡᠨ︶ ᠶᠢᠨ ᠬᠤᠷᠢᠳᠤᠭᠠᠷ ᠵᠤᠷᠪᠤᠰ ᠤᠨ ᠨᠢᠭᠡᠳᠦᠭᠡᠷ ᠪᠠᠳᠠᠭ ᠲᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠶ᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠨᠢ ᠪᠠᠶᠢᠭ᠎ᠠ ᠭᠠᠵᠠᠷ ᠤᠨ ᠢᠶᠠᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠠᠯ ᠠᠵᠤ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠵᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠥᠯᠥᠭᠡᠨ ᠤ ᠨᠣᠮᠧᠷ ᠢ ᠣᠯᠬᠤ ᠬᠡᠷᠡᠭᠲᠡᠢ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 38 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff80808175965196017597aafcf70c8c®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号