ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠲᠠᠢ ᠬᠡᠭᠡᠷ᠎ᠡ ᠶᠢᠨ ᠤᠷᠭᠤᠮᠠᠯ ︵ᠲᠠᠷᠢᠶᠠᠯᠠᠩ ᠤᠨ ᠲᠦᠷᠦᠯ︶ ᠢ ᠲᠡᠭᠦᠬᠦ᠂ ᠬᠤᠳᠠᠯᠳᠤᠬᠤ᠂ ᠬᠤᠳᠠᠯᠳᠤᠨ ᠠᠪᠬᠤ ᠶᠢ ᠬᠢᠨᠠᠨ ᠵᠥᠪᠰᠢᠶᠡᠷᠡᠬᠦ
ᠨᠡᠶᠢᠲᠡᠯᠡᠭᠰᠡᠨ ᠴᠠᠭ᠄
2022/3/10
ᠬᠦᠯᠢᠶᠡᠨ ᠰᠢᠢᠳᠪᠦᠷᠢᠯᠡᠬᠦ ᠨᠥᠬᠦᠴᠡᠯ        ᠨᠢᠭᠡ᠂ 1. ᠰᠢᠨᠵᠢᠯᠡᠬᠦ ᠤᠬᠠᠭᠠᠨ ᠤ ᠪᠠᠶᠢᠴᠠᠭᠠᠯᠲᠠ᠂ ᠡᠬᠢ ᠪᠠᠶᠠᠯᠢᠭ ᠤᠨ ᠪᠠᠶᠢᠴᠠᠭᠠᠯᠲᠠ ᠬᠢᠬᠦ ᠳᠤ ᠬᠡᠭᠡᠷ᠎ᠡ ᠶᠢᠨ ᠤᠷᠭᠤᠮᠠᠯ ᠤᠨ ᠦᠯᠢᠭᠡᠷ ᠬᠡᠪ ᠢ ᠣᠯᠬᠤ ᠴᠢᠬᠤᠯᠠᠲᠠᠢ ᠪᠣᠯᠣᠭᠰᠠᠨ᠃ 2. ᠬᠡᠭᠡᠷ᠎ᠡ ᠶᠢᠨ ᠤᠷᠭᠤᠮᠠᠯ ᠢ ᠬᠥᠮᠥᠨ ᠤ ᠬᠦᠴᠦ ᠪᠠᠷ ᠪᠣᠶᠢᠵᠢᠭᠤᠯᠵᠤ᠂ ᠭᠡᠷ ᠤᠨ ᠲᠠᠷᠢᠮᠠᠯ ᠪᠣᠯᠭᠠᠬᠤ ᠳᠤ ᠬᠡᠭᠡᠷ᠎ᠡ ᠠᠴᠠ ᠦᠷ᠎ᠡ ᠴᠤᠭᠯᠠᠭᠤᠯᠬᠤ ᠴᠢᠬᠤᠯᠠᠲᠠᠢ ᠪᠣᠯᠣᠭᠰᠠᠨ᠃ 3. ᠮᠤᠵᠢ ᠶᠠᠮᠤᠨ ᠤ ᠲᠡᠰ ᠠᠴᠠ ᠳᠡᠭᠡᠭᠰᠢᠬᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠬᠠᠷᠢᠭᠤᠴᠠᠨ ᠬᠡᠭᠡᠷ᠎ᠡ ᠭᠠᠳᠠᠨ᠎ᠠ ᠠᠴᠠ ᠦᠯᠢᠭᠡᠷ ᠬᠡᠪ ᠪᠤᠶᠤ ᠲᠤᠷᠰᠢᠯᠲᠠ ᠶᠢᠨ ᠮᠠᠲ᠋ᠧᠷᠢᠶᠠᠯ ᠣᠯᠬᠤ ᠴᠢᠬᠤᠯᠠᠲᠠᠢ ᠪᠣᠯᠣᠭᠰᠠᠨ᠃ 4. ᠲᠦᠷᠦ ᠶᠢᠨ ᠶᠠᠪᠤᠳᠠᠯ ᠤᠨ ᠠᠵᠢᠯᠯᠠᠭ᠎ᠠ ᠶᠢᠨ ᠬᠡᠷᠡᠭᠴᠡᠭᠡ ᠠᠴᠠ ᠪᠣᠯᠵᠤ ᠬᠡᠭᠡᠷ᠎ᠡ ᠠᠴᠠ ᠬᠡᠭᠡᠷ᠎ᠡ ᠶᠢᠨ ᠤᠷᠭᠤᠮᠠᠯ ᠤᠨ ᠠᠮᠢᠳᠤ ᠬᠡᠪ ᠶᠢ ᠣᠯᠬᠤ ᠴᠢᠬᠤᠯᠠᠲᠠᠢ ᠪᠣᠯᠣᠭᠰᠠᠨ᠃ 5. ᠬᠡᠭᠡᠷ᠎ᠡ ᠶᠢᠨ ᠤᠷᠭᠤᠮᠠᠯ ᠤᠨ ᠳᠦᠷᠰᠦ ᠶᠢᠨ ᠰᠦᠷᠦᠭ ᠤᠨ ᠲᠤᠭ᠎ᠠ ᠬᠡᠮᠵᠢᠶ᠎ᠡ᠂ ᠪᠦᠲᠦᠴᠡ ᠶᠢ ᠲᠣᠬᠢᠷᠠᠭᠤᠯᠤᠨ ᠡᠵᠡᠮᠳᠡᠬᠦ ᠶᠢᠨ ᠤᠯᠠᠮ ᠠᠴᠠ᠂ ᠰᠢᠨᠵᠢᠯᠡᠬᠦ ᠤᠬᠠᠭᠠᠨᠴᠢ ᠨᠤᠲᠠᠯᠠᠯᠲᠠ ᠬᠢᠬᠦ ᠪᠠᠷ ᠳᠠᠮᠵᠢᠭᠠᠳ ᠲᠡᠭᠦᠨ ᠴᠤᠭᠯᠠᠭᠤᠯᠬᠤ ᠬᠡᠷᠡᠭᠲᠡᠢ ᠪᠣᠯᠣᠭᠰᠠᠨ᠃        ᠬᠤᠶᠠᠷ᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠲᠠᠢ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠳᠤ ᠡᠷᠬᠡᠪᠰᠢ ᠲᠡᠭᠦᠵᠦ ᠴᠤᠭᠯᠠᠭᠤᠯᠬᠤ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠡᠭᠡᠷ᠎ᠡ ᠶᠢᠨ ᠤᠷᠭᠤᠮᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠭᠠᠷ ᠤᠨ ᠦᠰᠦᠭ ᠵᠢᠷᠤᠭᠤᠯᠤᠭᠰᠠᠨ ᠤ ᠳᠠᠷᠠᠭ᠎ᠠ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠭᠡᠷ᠎ᠡ ᠶᠢᠨ ᠤᠷᠭᠤᠮᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ ᠡᠷᠬᠡ ᠣᠯᠭᠤᠭᠰᠠᠨ ᠪᠠᠶᠢᠭᠤᠯᠤᠮᠵᠢ ᠠᠴᠠ ᠲᠡᠭᠦᠵᠦ ᠴᠤᠭᠯᠠᠭᠤᠯᠬᠤ ᠦᠨᠡᠮᠯᠡᠯ ᠭᠤᠶᠤᠴᠢᠯᠠᠬᠤ ᠬᠡᠷᠡᠭᠲᠡᠢ᠃   ᠲᠣᠭᠲᠠᠭᠠᠭᠰᠠᠨ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠳᠦᠷᠢᠮ︾ ︵1996 ᠣᠨ ᠤ 9 ᠰᠠᠷ᠎ᠠ ᠶᠢᠨ 30 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠤ ᠶᠢᠨ ᠶᠠᠪᠤᠳᠠᠯ ᠤᠨ ᠬᠤᠷᠢᠶᠠᠨ ᠤ ᠵᠠᠷᠯᠢᠭ 204 ᠳ᠋ᠦ᠋ᠭᠡᠷ ᠲᠣᠭᠠᠲᠤ ᠪᠠᠷ ᠨᠡᠶᠢᠲᠡᠯᠡᠵᠦ᠂ 2017 ᠣᠨ ᠤ 10 ᠰᠠᠷ᠎ᠠ ᠶᠢᠨ 7 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠤ ᠶᠢᠨ ᠶᠠᠪᠤᠳᠠᠯ ᠤᠨ ᠬᠤᠷᠢᠶᠠᠨ ᠤ ᠵᠠᠷᠯᠢᠭ 687 ᠳ᠋ᠤᠭᠠᠷ ᠲᠣᠭᠠᠲᠤ ︽ᠬᠡᠰᠡᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠲᠦᠷᠤ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠣᠭᠤᠯᠤᠭᠰᠠᠨ︶ ᠤᠨ ᠠᠷᠪᠠᠨ ᠵᠢᠷᠭᠤᠳᠤᠭᠠᠷ ᠵᠤᠷᠪᠤᠰ ᠤᠨ ᠬᠤᠶᠠᠳᠤᠭᠠᠷ ᠪᠠᠳᠠᠭ ᠲᠤ᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠲᠠᠢ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠳᠤ ᠡᠷᠬᠡᠪᠰᠢ ᠲᠡᠭᠦᠵᠦ ᠴᠤᠭᠯᠠᠭᠤᠯᠬᠤ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠡᠭᠡᠷ᠎ᠡ ᠶᠢᠨ ᠤᠷᠭᠤᠮᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠭᠠᠷ ᠤᠨ ᠦᠰᠦᠭ ᠵᠢᠷᠤᠭᠤᠯᠤᠭᠰᠠᠨ ᠤ ᠳᠠᠷᠠᠭ᠎ᠠ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠭᠡᠷ᠎ᠡ ᠶᠢᠨ ᠤᠷᠭᠤᠮᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ ᠡᠷᠬᠡ ᠣᠯᠭᠤᠭᠰᠠᠨ ᠪᠠᠶᠢᠭᠤᠯᠤᠮᠵᠢ ᠠᠴᠠ ᠲᠡᠭᠦᠵᠦ ᠴᠤᠭᠯᠠᠭᠤᠯᠬᠤ ᠦᠨᠡᠮᠯᠡᠯ ᠭᠤᠶᠤᠴᠢᠯᠠᠬᠤ ᠬᠡᠷᠡᠭᠲᠡᠢ᠃ ᠠᠷᠪᠠᠨ ᠨᠠᠢᠮᠠᠳᠤᠭᠠᠷ ᠵᠤᠷᠪᠤᠰ ᠤᠨ ᠬᠤᠶᠠᠳᠤᠭᠠᠷ ᠪᠠᠳᠠᠭ ᠲᠤ᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠳᠤ ᠪᠠᠶᠢᠭ᠎ᠠ ᠬᠡᠭᠡᠷ᠎ᠡ ᠶᠢᠨ ᠤᠷᠭᠤᠮᠠᠯ ᠢ ᠬᠤᠳᠠᠯᠳᠤᠬᠤ᠂ ᠬᠤᠳᠠᠯᠳᠤᠨ ᠠᠪᠬᠤ ᠳᠤ ᠡᠷᠬᠡᠪᠰᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠭᠡᠷ᠎ᠡ ᠶᠢᠨ ᠤᠷᠭᠤᠮᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ ᠡᠷᠬᠡ ᠣᠯᠭᠤᠭᠰᠠᠨ ᠪᠠᠶᠢᠭᠤᠯᠤᠮᠵᠢ ᠪᠠᠷ ᠵᠥᠪᠰᠢᠶᠡᠷᠡᠭᠦᠯᠬᠦ ᠬᠡᠷᠡᠭᠲᠡᠢ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 35  ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff808081783a789301783b1c4c17025a®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号