ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠳᠠᠩᠰᠠᠯᠠᠭᠤᠯᠤᠯᠲᠠ
ᠨᠡᠶᠢᠲᠡᠯᠡᠭᠰᠡᠨ ᠴᠠᠭ᠄
2022/3/11
ᠬᠦᠯᠢᠶᠡᠨ ᠰᠢᠢᠳᠪᠦᠷᠢᠯᠡᠬᠦ ᠨᠥᠬᠦᠴᠡᠯ        ︵ᠨᠢᠭᠡ︶ ᠵᠥᠪᠰᠢᠶᠡᠷᠡᠬᠦ ᠨᠥᠬᠦᠴᠡᠯ᠄ ᠳᠠᠩᠰᠠᠯᠠᠭᠤᠯᠬᠤ ᠡᠲᠡᠭᠡᠳ ᠨᠢ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠲᠠᠢ ᠪᠥᠭᠡᠳ ᠲᠦᠷᠢᠶᠡᠰᠦᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠡᠷᠬᠢᠯᠡᠵᠦ ᠪᠠᠶᠢᠭ᠎ᠠ᠃        ︵ᠬᠤᠶᠠᠷ︶ ᠥᠯᠥ ᠵᠥᠪᠰᠢᠶᠡᠷᠡᠬᠦ ᠪᠠᠶᠢᠳᠠᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ᠃ 2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠪᠣᠳᠠᠲᠠᠢ ᠲᠠᠢ ᠨᠡᠶᠢᠴᠡᠬᠦ ᠦᠭᠡᠢ᠃ ︵ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠦᠭᠡᠢ᠃ᠲᠣᠭᠲᠠᠭᠠᠭᠰᠠᠨ ᠦᠨᠳᠦᠰᠦᠯᠡᠯ        ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠤᠨ ᠠᠷᠪᠠᠨ ᠵᠢᠷᠭᠤᠳᠤᠭᠠᠷ ᠵᠤᠷᠪᠤᠰ ᠲᠤ᠂ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠣᠯᠣᠭᠰᠠᠨ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠨᠢ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠠᠵᠢᠯ ᠡᠷᠭᠢᠯᠡᠬᠦ ᠬᠢᠷᠢ ᠬᠡᠮ ᠢᠶᠠᠨ ᠳᠠᠩᠰᠠᠯᠠᠭᠤᠯᠤᠭᠰᠠᠨ ᠤ ᠳᠠᠷᠠᠭ᠎ᠠ ᠰᠠᠶ᠋ᠢ ᠲᠦᠷᠢᠶᠡᠰᠦᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠶᠢ ᠡᠷᠭᠢᠯᠡᠵᠦ ᠪᠣᠯᠣᠨ᠎ᠠ᠃ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠳᠠᠩᠰᠠᠯᠠᠯᠲᠠ ᠨᠢ 3 ᠵᠢᠯ ᠤᠨ ᠬᠦᠴᠦᠨ ᠲᠠᠢ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 33᠂ 36 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=bb4497706d7bad7c016d8035640962c8®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号