ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠶᠢᠨ ᠨᠥᠬᠦᠴᠡᠯ᠄ | 1. ᠦᠨᠡᠮᠯᠡᠯ ᠠᠪᠬᠤ ᠭᠤᠣᠯ ᠴᠣᠭᠴᠠ ᠨᠢ ᠡᠷᠬᠡᠪᠰᠢ ᠲᠤᠰ ᠣᠷᠣᠨ ᠤ ᠪᠠᠨ ᠬᠡᠪᠴᠢᠶᠡᠨ ᠳᠣᠲᠣᠷ᠎ᠠ ᠦᠢᠯᠡᠳᠪᠦᠷᠢ | ᠬᠤᠳᠠᠯᠳᠤᠭᠠᠨ ᠤ ᠳᠠᠩᠰᠠᠯᠠᠯ ᠲᠠᠢ ᠲᠦᠭᠦᠬᠡᠢ ᠰᠦ ᠦᠢᠯᠡᠳᠪᠦᠷᠢᠯᠡᠬᠦ᠂ ᠬᠤᠳᠠᠯᠳᠤᠨ ᠠᠪᠬᠤ᠂ ᠡᠳ᠋ᠰᠢᠭᠦᠯᠬᠦ ᠠᠵᠢᠯ | ᠡᠷᠬᠢᠯᠡᠵᠤ ᠪᠠᠶᠢᠭ᠎ᠠ ᠲᠡᠵᠢᠭᠡᠨ ᠦᠷᠡᠵᠢᠭᠦᠯᠬᠦ ᠲᠠᠯᠠᠪᠠᠢ᠂ ᠰᠠᠭᠠᠯᠢᠴᠢᠳ ᠤᠨ ᠲᠤᠰᠬᠠᠢ ᠬᠤᠷᠰᠢᠶᠠᠵᠢᠯ ᠪᠣᠯᠣᠨ ᠴᠠᠭᠠᠨ | ᠢᠳᠡᠭᠡᠨ ᠪᠣᠯᠪᠠᠰᠤᠷᠠᠭᠤᠯᠬᠤ ᠠᠵᠤ ᠠᠬᠤᠶᠢᠯᠠᠯ ᠪᠠᠶᠢᠬᠤ ᠬᠡᠷᠡᠭᠲᠡᠢ᠃ | 2. ᠰᠦ ᠵᠥᠭᠡᠭᠡᠪᠦᠷᠢᠯᠡᠬᠦ ᠰᠠᠪᠠ ᠨᠢ ᠢᠯᠴᠢ ᠬᠥᠨᠳᠡᠶᠢᠷᠡᠭᠦᠯᠦᠨ᠂ ᠳᠤᠯᠠᠭᠠᠨ ᠢ ᠬᠠᠮᠠᠭᠠᠯᠠᠵᠤ᠂ ᠳᠣᠲᠣᠷ᠎ᠠ ᠬᠠᠨ᠎ᠠ | ᠶᠢ ᠢᠯᠵᠢᠷᠡᠬᠦ ᠶᠢ ᠰᠡᠷᠭᠡᠶᠢᠯᠡᠬᠦ ᠮᠠᠲ᠋ᠧᠷᠢᠶᠠᠯ ᠢᠶᠠᠷ ᠬᠢᠵᠦ᠂ ᠲᠦᠭᠦᠬᠡᠢ ᠰᠦᠨ ᠤ ᠶᠠᠰᠤ ᠴᠢᠨᠠᠷ ᠤᠨ ᠠᠮᠤᠷ ᠲᠦᠪᠰᠢᠨ ᠢ | ᠪᠠᠲᠤᠯᠠᠭᠰᠠᠨ ᠪᠠᠶᠢᠬᠤ᠃ | 3. ᠰᠦ ᠵᠥᠭᠡᠭᠡᠪᠦᠷᠢᠯᠡᠬᠦ ᠰᠠᠪᠠ ᠶᠢᠨ ᠭᠠᠳᠠᠷ ᠬᠠᠨ᠎ᠠ ᠶᠢ ᠬᠠᠲᠠᠭᠤ ᠭᠥᠯᠢᠭᠡᠷ᠂ ᠢᠯᠵᠢᠷᠡᠬᠦ ᠠᠴᠠ ᠰᠡᠷᠭᠡᠶᠢᠯᠡᠬᠦ᠂ | ᠤᠬᠢᠶᠠᠵᠤ ᠪᠣᠯᠬᠤ ᠤᠰᠤ ᠰᠡᠷᠭᠡᠶᠢᠯᠡᠬᠦ ᠮᠠᠲ᠋ᠧᠷᠢᠶᠠᠯ ᠢᠶᠠᠷ ᠬᠢᠭᠰᠡᠨ ᠪᠠᠶᠢᠬᠤ᠃ | 4. ᠰᠦ ᠵᠥᠭᠡᠭᠡᠪᠦᠷᠢᠯᠡᠬᠦ ᠰᠠᠪᠠᠨ ᠳᠤ ᠰᠦ ᠶᠢᠨ ᠥᠯᠢᠭᠡᠷ ᠶᠠᠩᠵᠤ ᠬᠠᠳᠠᠭᠠᠯᠠᠬᠤ ᠲᠠᠰᠤᠯᠭ᠎ᠠ ᠪᠠ ᠲᠣᠨᠣᠭᠯᠠᠯ ᠤᠨ | ᠲᠤᠰᠠᠭᠠᠷᠯᠠᠬᠤ ᠬᠠᠶᠢᠷᠴᠠᠭ ᠭᠠᠷᠭᠠᠵᠤ᠂ ᠠᠷᠢᠭᠤᠨ ᠴᠡᠪᠡᠷ ᠪᠠᠶᠢᠬᠤ ᠶᠢ ᠪᠠᠲᠤᠯᠠᠨ᠂ ᠲᠣᠭᠤᠰᠣ ᠰᠢᠷᠣᠢ ᠶᠢᠨ ᠪᠣᠬᠢᠷᠳᠤᠯ ᠠᠴᠠ | ᠰᠡᠷᠭᠡᠶᠢᠯᠡᠭᠰᠡᠨ ᠪᠠᠶᠢᠬᠤ᠃ | 5. ᠰᠦ ᠵᠥᠭᠡᠭᠡᠪᠦᠷᠢᠯᠡᠬᠦ ᠰᠠᠪᠠ ᠶᠢᠨ ᠪᠢᠲᠡᠭᠦᠮᠵᠢᠯᠡᠭᠰᠡᠨ ᠮᠠᠲ᠋ᠧᠷᠢᠶᠠᠯ ᠨᠢ ᠥᠭᠡᠬᠦ ᠲᠣᠰᠣᠨ ᠳᠤ ᠳᠠᠭᠠᠭᠠᠮᠠᠭᠠᠢ᠂ | ᠬᠤᠣᠷᠳᠠᠯ ᠦᠭᠡᠢ᠂ ᠬᠡᠪ ᠤᠨ ᠳᠤᠯᠠᠭᠠᠨ ᠤ ᠨᠥᠬᠦᠴᠡᠯ ᠳᠣᠣᠷ᠎ᠠ ᠤᠬᠢᠶᠠᠯᠭ᠎ᠠ ᠶᠢᠨ ᠡᠳ᠋ ᠲᠤ ᠳᠠᠭᠠᠭᠠᠮᠠᠭᠠᠢ ᠪᠠᠶᠢᠬᠤ ᠬᠡᠷᠡᠭᠲᠡᠢ | ᠃ | 6. ᠰᠦ ᠵᠥᠭᠡᠭᠡᠪᠦᠷᠢᠯᠡᠬᠦ ᠲᠡᠷᠭᠡ ᠶᠢᠨ ᠣᠷᠣᠢ ᠶᠢᠨ ᠬᠠᠪᠬᠠᠭᠠᠰᠤ ᠶᠢᠨ ᠲᠥᠬᠦᠭᠡᠷᠦᠮᠵᠢ᠂ ᠠᠭᠠᠷ ᠨᠡᠪᠲᠡᠷᠡᠭᠦᠯᠬᠦ ᠪᠠ | ᠲᠣᠭᠤᠰᠣ ᠰᠢᠷᠣᠢ ᠰᠡᠷᠭᠡᠶᠢᠯᠡᠬᠦ ᠪᠦᠷᠬᠦᠭᠦᠯ ᠢ ᠵᠣᠬᠢᠰᠲᠠᠢ ᠵᠣᠬᠢᠶᠠᠵᠤ᠂ ᠰᠦ ᠵᠥᠭᠡᠭᠡᠪᠦᠷᠢᠯᠡᠬᠦ ᠰᠠᠪᠠ ᠪᠣᠯᠣᠨ ᠲᠦᠭᠦᠬᠡᠢ | ᠰᠦ ᠶᠢᠨ ᠪᠣᠬᠢᠷᠲᠤᠬᠤ ᠶᠢ ᠰᠡᠷᠭᠡᠶᠢᠯᠡᠬᠦ ᠬᠡᠷᠡᠭᠲᠡᠢ᠃ | 7. ᠵᠢᠯᠣᠭᠤᠴᠢ᠂ ᠵᠥᠭᠡᠭᠡᠪᠦᠷᠢᠯᠡᠭᠴᠢ ᠡᠷᠬᠡᠪᠰᠢ ᠬᠦᠴᠦᠨ ᠪᠦᠬᠦᠢ ᠡᠷᠡᠭᠦᠯ ᠮᠡᠨᠳᠦ ᠶᠢᠨ ᠭᠡᠷᠡᠴᠢ ᠲᠠᠢ ᠪᠠᠶᠢᠬᠤ | ᠬᠡᠷᠡᠭᠲᠡᠢ ᠪᠥᠭᠡᠳ ᠲᠦᠭᠦᠬᠡᠢ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠦᠨᠳᠦᠰᠦᠨ ᠮᠡᠳᠡᠯᠭᠡ ᠲᠠᠢ | ᠪᠠᠶᠢᠬᠤ ᠬᠡᠷᠡᠭᠲᠡᠢ᠃ | ︵ᠬᠤᠶᠠᠷ︶ ᠥᠯᠥ ᠵᠥᠪᠰᠢᠶᠡᠷᠡᠬᠦ ᠪᠠᠶᠢᠳᠠᠯ᠄ ᠲᠥᠷᠥ ᠶᠢᠨ ᠶᠠᠪᠤᠳᠠᠯ ᠤᠨ ᠬᠤᠷᠢᠶᠠᠨ ᠤ ︽ᠴᠠᠭᠠᠨ ᠢᠳᠡᠭᠡᠨ ᠤ | ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾ ᠪᠣᠯᠣᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠦ ᠦᠢᠯᠡᠳᠪᠦᠷᠢᠯᠡᠬᠦ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾ ᠳᠤ | ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠪᠣᠯ ᠵᠥᠪᠰᠢᠶᠡᠷᠡᠬᠦ ᠦᠭᠡᠢ᠃ | ︵ᠭᠤᠷᠪᠠ︶ ᠲᠣᠳᠣᠷᠬᠠᠶᠢᠯᠠᠬᠤ ᠴᠢᠬᠤᠯᠠᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ | ᠬᠢᠵᠠᠭᠠᠷᠯᠠᠯ ᠪᠠᠶᠢᠬᠤ ᠦᠭᠡᠢ᠃ | | ᠲᠣᠭᠲᠠᠭᠠᠭᠰᠠᠨ ᠦᠨᠳᠦᠰᠦᠯᠡᠯ | ︽ᠴᠠᠭᠠᠨ ᠢᠳᠡᠭᠡᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾ ︵ | 2008 ᠣᠨ ᠤ 10 ᠰᠠᠷ᠎ᠠ ᠶᠢᠨ 9 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 536 ᠳ᠋ᠤᠭᠠᠷ | ᠲᠣᠭᠠᠲᠤ︶ ᠤᠨ ᠬᠤᠷᠢᠨ ᠲᠠᠪᠤᠳᠤᠭᠠᠷ ᠵᠤᠷᠪᠤᠰ ᠲᠤ᠂ ᠲᠦᠭᠦᠬᠡᠢ ᠰᠦ ᠵᠥᠭᠡᠭᠡᠪᠦᠷᠢᠯᠡᠬᠦ ᠲᠡᠷᠭᠡ ᠪᠠᠶᠢᠭ᠎ᠠ ᠭᠠᠵᠠᠷ ᠤᠨ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠠᠯ ᠠᠵᠤ ᠠᠬᠤᠢ ᠮᠠᠯ ᠡᠮᠨᠡᠯᠭᠡ ᠶᠢᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠬᠢᠨᠠᠨ ᠣᠯᠭᠤᠭᠰᠠᠨ ᠲᠦᠭᠦᠬᠡᠢ ᠰᠦ ᠵᠥᠭᠡᠭᠡᠪᠦᠷᠢᠯᠡᠬᠦ ᠶᠢ ᠵᠥᠪᠰᠢᠶᠡᠷᠡᠭᠰᠡᠨ ᠦᠨᠡᠮᠯᠡᠯ ᠢ ᠣᠯᠣᠭᠰᠠᠨ | ᠪᠠᠶᠢᠬᠤ ᠬᠡᠷᠡᠭᠲᠡᠢ ᠪᠥᠭᠡᠳ ᠲᠦᠭᠦᠬᠡᠢ ᠰᠦ ᠲᠤᠰᠢᠶᠠᠭᠰᠠᠨ ᠪᠠ ᠭᠥᠯᠢᠶᠡᠨ ᠠᠪᠤᠭᠰᠠᠨ ᠬᠠᠭᠤᠳᠠᠰᠤ ᠪᠠᠨ ᠲᠡᠷᠭᠡᠨ ᠳᠤ ᠪᠠᠨ | ᠠᠪᠴᠤ ᠶᠠᠪᠤᠬᠤ ᠬᠡᠷᠡᠭᠲᠡᠢ᠃ ᠲᠤᠰᠢᠶᠠᠭᠰᠠᠨ ᠪᠠ ᠭᠥᠯᠢᠶᠡᠨ ᠠᠪᠤᠭᠰᠠᠨ ᠬᠠᠭᠤᠳᠠᠰᠤᠨ ᠳᠤ ᠲᠦᠭᠦᠬᠡᠢ ᠰᠦ ᠬᠤᠳᠠᠯᠳᠤᠨ | ᠠᠪᠤᠭᠰᠠᠨ ᠥᠷᠲᠡᠭᠡᠨ ᠤ ᠨᠡᠷᠡᠶᠢᠳᠦᠯ᠂ ᠲᠦᠭᠦᠬᠡᠢ ᠰᠦ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ᠂ ᠲᠤᠰᠢᠶᠠᠭᠰᠠᠨ ᠪᠠ | ᠭᠥᠯᠢᠶᠡᠨ ᠠᠪᠤᠭᠰᠠᠨ ᠴᠠᠭ ᠬᠤᠭᠤᠴᠠᠭ᠎ᠠ ᠶᠢ ᠲᠣᠳᠣᠷᠬᠠᠢ ᠪᠢᠴᠢᠬᠦ ᠶᠢᠨ ᠬᠠᠮᠲᠤ ᠲᠦᠭᠦᠬᠡᠢ ᠰᠦ ᠬᠤᠳᠠᠯᠳᠤᠨ ᠠᠪᠤᠭᠰᠠᠨ | ᠥᠷᠲᠡᠭᠡᠨ ᠤ ᠭᠠᠷᠳᠠᠨ ᠬᠢᠭᠴᠢ᠂ ᠵᠥᠭᠡᠭᠡᠪᠦᠷᠢᠯᠡᠭᠴᠢ᠂ ᠵᠢᠯᠣᠭᠤᠴᠢ᠂ ᠰᠦ ᠬᠤᠷᠢᠶᠠᠭᠴᠢ ᠪᠠᠷ ᠭᠠᠷ ᠤᠨ ᠦᠰᠦᠭ | ᠵᠢᠷᠤᠭᠤᠯᠬᠤ ᠬᠡᠷᠡᠭᠲᠡᠢ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ | ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 38 ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — | 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠵᠤ᠂ ᠵᠡᠭᠦᠨᠰᠢ 200 ᠮᠧᠲᠷ ᠶᠠᠪᠤᠨ᠎ᠠ᠃ | 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ | ᠥᠷᠲᠡᠭᠡᠨ ᠳᠤ ᠪᠠᠭᠤᠨ᠎ᠠ᠃ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg. | gov.cn/handle_affairs_detail? | item_detail_id=ff8080817f1f56d6017f5332ad4441d0®ionCode=150421000000&highlight=personal&record=istrue |