ᠲᠦᠭᠦᠬᠡᠢ ᠰᠦ ᠬᠤᠳᠠᠯᠳᠤᠨ ᠠᠪᠬᠤ ᠥᠷᠲᠡᠭᠡ ᠪᠠᠶᠢᠭᠤᠯᠬᠤ ᠵᠥᠪᠰᠢᠶᠡᠷᠡᠯ
ᠨᠡᠶᠢᠲᠡᠯᠡᠭᠰᠡᠨ ᠴᠠᠭ᠄
2022/3/15
ᠬᠦᠯᠢᠶᠡᠨ ᠰᠢᠢᠳᠪᠦᠷᠢᠯᠡᠬᠦ ᠨᠥᠬᠦᠴᠡᠯ        ︵ᠨᠢᠭᠡ︶ ᠵᠥᠪᠰᠢᠶᠡᠷᠡᠬᠦ ᠨᠥᠬᠦᠴᠡᠯ᠄ 1. ᠲᠦᠭᠦᠬᠡᠢ ᠰᠦ ᠬᠤᠳᠠᠯᠳᠤᠨ ᠠᠪᠬᠤ ᠥᠷᠲᠡᠭᠡᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠪᠠᠶᠢᠷᠢᠯᠠᠭᠤᠯᠤᠯᠲᠠ ᠳᠤ ᠨᠡᠶᠢᠴᠡᠭᠰᠡᠨ᠃ 2. ᠣᠷᠴᠢᠨ ᠠᠬᠤᠢ ᠶᠢᠨ ᠬᠠᠮᠠᠭᠠᠯᠠᠯᠲᠠ ᠪᠠ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠨᠡᠶᠢᠴᠡᠭᠰᠡᠨ ᠬᠤᠳᠠᠯᠳᠤᠨ ᠠᠪᠬᠤ ᠲᠠᠯᠠᠪᠤᠷ ᠲᠠᠢ ᠪᠠᠶᠢᠬᠤ᠃ 3. ᠰᠦ ᠬᠤᠷᠢᠶᠠᠬᠤ ᠬᠡᠮᠵᠢᠶ᠎ᠡ ᠲᠠᠢ ᠲᠣᠬᠢᠷᠠᠯᠴᠠᠭᠰᠠᠨ ᠬᠥᠷᠥᠭᠡᠬᠦ᠂ ᠬᠦᠢᠲᠡᠨ ᠢᠶᠠᠷ ᠬᠠᠳᠠᠭᠠᠯᠠᠬᠤ᠂ ᠰᠢᠨ᠎ᠡ ᠰᠣᠷᠭᠤᠭ ᠪᠠᠶᠢᠯᠭᠠᠬᠤ ᠲᠥᠬᠦᠭᠡᠷᠦᠮᠵᠢ ᠪᠠ ᠳᠣᠣᠷ᠎ᠠ ᠳᠤᠯᠠᠭᠠᠨ ᠳᠤ ᠵᠥᠭᠡᠭᠡᠪᠦᠷᠢᠯᠡᠬᠦ ᠲᠥᠬᠦᠭᠡᠷᠦᠮᠵᠢ ᠲᠠᠢ ᠪᠠᠶᠢᠬᠤ ᠬᠡᠷᠡᠭᠲᠡᠢ᠃ 4. ᠪᠠᠶᠢᠴᠠᠭᠠᠨ ᠰᠢᠯᠭᠠᠬᠤ ᠵᠦᠢᠯ ᠲᠠᠢ ᠵᠣᠬᠢᠴᠠᠭᠰᠠᠨ ᠰᠢᠨᠵᠢᠯᠡᠨ ᠰᠢᠯᠭᠠᠬᠤ᠂ ᠬᠡᠮᠵᠢᠬᠦ᠂ ᠪᠠᠶᠢᠴᠠᠭᠠᠨ ᠰᠢᠯᠭᠠᠬᠤ ᠬᠡᠮᠵᠢᠭᠦᠷᠯᠢᠭ ᠲᠥᠬᠦᠭᠡᠷᠦᠮᠵᠢ ᠲᠠᠢ ᠪᠠᠶᠢᠬᠤ᠃ 5. ᠪᠣᠯᠪᠠᠰᠤᠷᠠᠯ ᠳᠤ ᠬᠢᠷᠢ ᠲᠡᠩᠴᠡᠭᠰᠡᠨ ᠪᠥᠭᠡᠳ ᠬᠦᠴᠦᠨ ᠪᠦᠬᠦᠢ ᠡᠷᠡᠭᠦᠯ ᠮᠡᠨᠳᠦ ᠶᠢᠨ ᠦᠨᠡᠮᠯᠡᠯ ᠲᠠᠢ ᠠᠵᠢᠯᠲᠠᠨ ᠲᠠᠢ ᠪᠠᠶᠢᠬᠤ᠃ 6. ᠡᠷᠡᠭᠦᠯ ᠬᠠᠮᠠᠭᠠᠯᠠᠯ ᠤᠨ ᠬᠠᠮᠢᠶᠠᠷᠤᠯᠲᠠ ᠪᠠ ᠶᠠᠰᠤ ᠴᠢᠨᠠᠷ ᠤᠨ ᠠᠶᠤᠯᠭᠦᠢ ᠶᠢᠨ ᠪᠠᠲᠤᠯᠠᠭ᠎ᠠ ᠶᠢᠨ ᠳᠦᠷᠢᠮ ᠲᠠᠢ ᠪᠠᠶᠢᠬᠤ ᠬᠡᠷᠡᠭᠲᠡᠢ᠃        ︵ᠬᠤᠶᠠᠷ︶ ᠥᠯᠥ ᠵᠥᠪᠰᠢᠶᠡᠷᠡᠬᠦ ᠪᠠᠶᠢᠳᠠᠯ᠄ ᠲᠥᠷᠥ ᠶᠢᠨ ᠶᠠᠪᠤᠳᠠᠯ ᠤᠨ ᠬᠤᠷᠢᠶᠠᠨ ᠤ ︽ᠴᠠᠭᠠᠨ ᠢᠳᠡᠭᠡᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾᠂ ᠲᠠᠷᠢᠶᠠᠯᠠᠩ ᠤᠨ ᠶᠠᠮᠤᠨ ᠤ ︽ᠲᠦᠭᠦᠬᠡᠢ ᠰᠦ ᠦᠢᠯᠡᠳᠪᠦᠷᠢᠯᠡᠵᠦ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠦ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠪᠣᠯ ᠵᠥᠪᠰᠢᠶᠡᠷᠡᠬᠦ ᠦᠭᠡᠢ᠃        ︵ᠭᠤᠷᠪᠠ︶ ᠲᠣᠳᠣᠷᠬᠠᠶᠢᠯᠠᠬᠤ ᠴᠢᠬᠤᠯᠠᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠪᠠᠶᠢᠬᠤ ᠦᠭᠡᠢ᠃ᠲᠣᠭᠲᠠᠭᠠᠭᠰᠠᠨ ᠦᠨᠳᠦᠰᠦᠯᠡᠯ        ︽ᠴᠠᠭᠠᠨ ᠢᠳᠡᠭᠡᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾ ︵2008 ᠣᠨ ᠤ 10 ᠳ᠋ᠤᠭᠠᠷ ᠰᠠᠷ᠎ᠠ ᠶᠢᠨ 9 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 536 ᠳ᠋ᠤᠭᠠᠷ ᠲᠣᠭᠠᠲᠤ︶ ᠤᠨ ᠬᠤᠷᠢᠳᠤᠭᠠᠷ ᠵᠤᠷᠪᠤᠰ ᠲᠤ᠄ ᠲᠦᠭᠦᠬᠡᠢ ᠰᠦ ᠬᠤᠳᠠᠯᠳᠤᠨ ᠠᠪᠬᠤ ᠦᠷᠳᠡᠭᠡ ᠶᠢ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠲᠠᠢ ᠰᠦ ᠰᠠᠭᠠᠯᠢ ᠶᠢᠨ ᠪᠦᠲᠦᠭᠡᠭᠳᠡᠬᠦᠨ ᠦᠢᠯᠡᠳᠪᠦᠷᠢᠯᠡᠬᠦ ᠠᠵᠤ ᠠᠬᠤᠶᠢᠯᠠᠯ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ᠂ ᠰᠦ ᠰᠠᠭᠠᠯᠢ ᠶᠢᠨ ᠲᠤᠰᠬᠠᠢ ᠦᠢᠯᠡᠳᠪᠦᠷᠢᠯᠡᠯ ᠤᠨ ᠬᠤᠷᠰᠢᠶᠠᠵᠢᠯ ᠠᠴᠠ ᠡᠷᠬᠢᠯᠡᠬᠦ ᠶᠢᠨ ᠬᠠᠮᠲᠤ ᠳᠣᠣᠷ᠎ᠠ ᠵᠢᠭᠰᠠᠭᠠᠭᠰᠠᠨ ᠨᠥᠬᠦᠴᠡᠯ ᠢ ᠪᠦᠷᠢᠯᠳᠦᠭᠦᠯᠦᠨ᠎ᠡ᠄ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠠᠯ ᠠᠵᠤ ᠠᠬᠤᠢ ᠮᠠᠯ ᠡᠮᠨᠡᠯᠭᠡ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠯᠭᠤᠭᠰᠠᠨ ᠲᠦᠭᠦᠬᠡᠢ ᠰᠦ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠢ ᠣᠯᠣᠭᠰᠠᠨ ᠪᠠᠶᠢᠬᠤ ᠬᠡᠷᠡᠭᠲᠡᠢ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 35 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=bb4497086b03fa83016b0d8b22e00aaf®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号