ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠪᠦᠲᠦᠮᠵᠢᠲᠡᠢ ᠰᠡᠷᠭᠡᠶᠢᠯᠡᠨ | ᠬᠤᠷᠢᠭᠯᠠᠵᠤ᠂ ᠪᠦᠬᠦ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠶ ᠶᠢᠨ ᠬᠠᠤᠯᠢ︾ | ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ | ᠰᠢᠢᠳᠬᠡᠯ ᠤᠨ ᠬᠠᠤᠯᠢ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠠᠷᠤ | ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ | ᠠᠶᠤᠯ ᠠᠮᠠᠷᠬᠠᠨ ᠡᠭᠦᠰᠬᠦ ᠬᠤᠭᠤᠴᠠᠭᠠᠨ ᠳᠤ ᠴᠢᠩᠭ᠎ᠠ ᠰᠡᠷᠭᠡᠶᠢᠯᠡᠯᠲᠡ ᠬᠠᠮᠢᠶᠠᠷᠤᠯᠲᠠ ᠶᠠᠪᠤᠭᠤᠯᠬᠤ ᠪᠠᠷ ᠲᠣᠭᠲᠠᠪᠠ᠃ | ᠣᠳᠣ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠭᠠᠯ ᠴᠠᠭᠠᠵᠠᠯᠠᠬᠤ ᠴᠠᠭ | 2022 ᠣᠨ ᠤ 3 ᠰᠠᠷ᠎ᠠ ᠶᠢᠨ 15 ᠤ ᠡᠳᠦᠷ ᠠᠴᠠ 2022 ᠣᠨ ᠤ 6 ᠰᠠᠷ᠎ᠠ ᠶᠢᠨ 15 ᠤ ᠡᠳᠦᠷ | ᠬᠤᠶᠠᠷ᠂ ᠭᠠᠯ ᠴᠠᠭᠠᠵᠠᠯᠠᠬᠤ ᠬᠡᠪᠴᠢᠶ᠎ᠡ | ᠠᠷᠤ ᠬᠤᠷᠴᠢᠨ ᠬᠤᠰᠢᠭᠤᠨ ᠤ ᠬᠢᠯᠢ ᠳᠣᠲᠣᠷᠠᠬᠢ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ | ᠭᠤᠷᠪᠠ᠂ ᠭᠠᠯ ᠴᠠᠭᠠᠵᠠᠯᠠᠬᠤ ᠱᠠᠭᠠᠷᠳᠠᠯᠭ᠎ᠠ | ︵ᠨᠢᠭᠡ︶ ᠡᠯ᠎ᠡ ᠲᠥᠷᠥᠯ ᠤᠨ ᠣᠩᠭᠤᠨ ᠤ ᠭᠠᠵᠠᠷ᠂ ᠪᠣᠩᠬᠤᠨ ᠤ ᠬᠦᠷᠢᠶᠡᠯᠡᠩ ᠳᠤ ᠲᠠᠬᠢᠯᠭ᠎ᠠ ᠶᠢᠨ | ᠪᠣᠳᠠᠰ ᠰᠢᠲᠠᠭᠠᠬᠤ ᠶᠢ ᠴᠢᠩᠭ᠎ᠠ ᠴᠠᠭᠠᠵᠠᠯᠠᠵᠤ᠂ ᠵᠠᠮ᠂ ᠠᠭᠤᠳᠠᠮ ᠲᠠᠯᠠᠪᠠᠢ᠂ ᠰᠠᠭᠤᠭᠠᠯᠢ ᠲᠣᠭᠤᠷᠢᠭ᠂ ᠭᠤᠣᠯ ᠵᠠᠮ᠂ | ᠴᠡᠴᠡᠷᠯᠢᠭ ᠵᠡᠷᠭᠡ ᠲᠠᠯᠠᠪᠤᠷ ᠭᠠᠵᠠᠷ ᠲᠤ ᠲᠠᠬᠢᠯᠭ᠎ᠠ ᠶᠢᠨ ᠪᠣᠳᠠᠰ ᠰᠢᠲᠠᠭᠠᠵᠤ᠂ ᠴᠠᠭᠠᠰᠤᠨ ᠵᠣᠭᠤᠰ ᠰᠠᠴᠤᠬᠤ ᠶᠢ | ᠴᠢᠩᠭ᠎ᠠ ᠴᠠᠭᠠᠵᠠᠯᠠᠨ᠂ ᠪᠣᠯᠪᠠᠰᠤᠨ ᠲᠠᠬᠢᠯᠭ᠎ᠠ ᠬᠢᠬᠦ ᠶᠢ ᠰᠠᠨᠠᠭᠠᠴᠢᠯᠠᠨ᠎ᠠ᠃ | ︵ᠬᠤᠶᠠᠷ︶ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠰᠠᠭᠤᠭᠠᠯᠢ ᠠᠷᠠᠳ ᠳᠤᠷ᠎ᠠ ᠪᠠᠷ ᠢᠶᠠᠨ | ᠵᠤᠤᠬ᠎ᠠ ᠲᠤᠯᠭ᠎ᠠ ᠶᠢᠨ ᠦᠨᠡᠰᠦ ᠬᠠᠶᠠᠬᠤ ᠶᠢ ᠴᠢᠩᠭ᠎ᠠ ᠴᠠᠭᠠᠵᠠᠯᠠᠨ᠎ᠠ᠃ | ︵ᠭᠤᠷᠪᠠ︶ ᠶᠠᠮᠠᠷᠪᠠ ᠬᠥᠮᠦᠨ ᠴᠦ ᠭᠡᠰᠡᠨ ᠭᠠᠯ ᠠᠪᠴᠤ ᠠᠭᠤᠯᠠᠨ ᠳᠤ ᠭᠠᠷᠬᠤ᠂ ᠣᠢ ᠰᠢᠭᠤᠶ ᠳᠤ | ᠣᠷᠣᠬᠤ ᠶᠢ ᠴᠢᠩᠭ᠎ᠠ ᠴᠠᠭᠠᠵᠠᠯᠠᠵᠤ᠂ ᠦᠨᠡᠰᠦ ᠪᠠᠷ ᠪᠣᠷᠳᠣᠭᠤᠷ ᠴᠤᠭᠯᠠᠭᠤᠯᠬᠤ᠂ ᠠᠲᠠᠷ ᠬᠠᠭᠠᠯᠪᠤᠷᠢᠯᠠᠨ ᠨᠡᠭᠦᠷᠡᠰᠦ | ᠰᠢᠲᠠᠭᠠᠬᠤ᠂ ᠡᠰᠢ ᠰᠦᠷᠡᠯ ᠰᠢᠲᠠᠭᠠᠬᠤ᠂ ᠬᠤᠭ ᠨᠣᠪᠰᠢ ᠰᠢᠲᠠᠭᠠᠬᠤ ᠶᠢ ᠴᠠᠭᠠᠵᠠᠯᠠᠵᠤ᠂ ᠬᠡᠭᠡᠷ᠎ᠡ ᠲᠣᠭᠤᠭᠠᠯᠠᠬᠤ ᠪᠠ | ᠫᠤᠤᠵᠢᠩ ᠲᠠᠯᠪᠢᠬᠤ᠂ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠺᠦᠩ ᠮᠢᠩ ᠳ᠋ᠧᠩ ᠠᠰᠠᠭᠠᠬᠤ ᠵᠡᠷᠭᠡ ᠬᠡᠭᠡᠷ᠎ᠡ ᠭᠠᠳᠠᠨ᠎ᠠ | ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠳᠥᠷᠪᠡ︶ ᠪᠦᠬᠦ ᠬᠤᠰᠢᠭᠤᠨ ᠤ ᠭᠤᠣᠯᠳᠠᠯᠭ᠎ᠠ ᠲᠠᠢ ᠣᠢ ᠰᠢᠭᠤᠢ ᠨᠤᠲᠤᠭ ᠪᠡᠯᠴᠢᠭᠡᠷ ᠤᠨ ᠭᠠᠯ ᠢ | ᠴᠢᠩᠭ᠎ᠠ ᠰᠡᠷᠭᠡᠶᠢᠯᠡᠬᠦ ᠬᠤᠭᠤᠴᠠᠭᠠᠨ ᠳᠤ᠂ ᠲᠣᠭᠲᠠᠭᠠᠯ ᠢ ᠵᠥᠷᠢᠴᠡᠨ ᠭᠠᠯ ᠢ ᠴᠢᠩᠭ᠎ᠠ ᠰᠡᠷᠭᠡᠶᠢᠯᠡᠬᠦ ᠵᠠᠬᠢᠷᠤᠨ | ᠬᠠᠮᠢᠶᠠᠷᠬᠤ ᠣᠷᠣᠨ ᠳᠤ ᠳᠤᠷ᠎ᠠ ᠪᠠᠷ ᠣᠷᠣᠵᠤ ᠭᠠᠯ ᠬᠡᠷᠡᠭᠯᠡᠭᠰᠡᠨ᠂ ᠠᠳᠡᠯ ᠠᠴᠠ ᠪᠣᠯᠵᠤ ᠣᠢ ᠰᠢᠭᠤᠢ ᠨᠤᠲᠤᠭ | ᠪᠡᠯᠴᠢᠭᠡᠷ ᠤᠨ ᠭᠠᠯ ᠤᠨ ᠠᠶᠤᠯ ᠡᠭᠦᠰᠭᠡᠭᠰᠡᠨ᠂ ᠵᠣᠷᠢᠭᠤᠳᠠ ᠭᠠᠯ ᠲᠠᠯᠪᠢᠭᠰᠠᠨ᠂ ᠭᠠᠯ ᠰᠡᠷᠭᠡᠶᠢᠯᠡᠨ ᠭᠠᠯ | ᠤᠨᠲᠠᠷᠠᠭᠠᠬᠤ ᠠᠵᠢᠯᠲᠠᠨ ᠤ ᠵᠢᠯᠣᠭᠤᠳᠤᠯᠭ᠎ᠠ ᠶᠢ ᠳᠠᠭᠠᠬᠤ ᠥᠬᠡᠶ᠂ ᠭᠠᠯ ᠤᠨᠲᠠᠷᠠᠭᠠᠬᠤ ᠶᠢ ᠨᠥᠯᠥᠭᠡᠯᠡᠭᠰᠡᠨ᠂ ᠣᠢ | ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠭᠡᠭᠰᠡᠳ ᠢ ︽ᠡᠷᠡᠭᠦᠦ ᠶᠢᠨ ᠬᠠᠤᠯᠢ︾᠂ ︽ᠠᠮᠤᠷ ᠢ | ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠂ ︽ᠣᠢ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ᠵᠡᠷᠭᠡ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠤᠯᠢ | ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠲᠠᠪᠤ︶ ᠥᠷᠭᠡᠨ ᠣᠯᠠᠨ ᠺᠠᠳ᠋ᠷ ᠣᠯᠠᠨ ᠲᠦᠮᠡᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠪᠠ ᠤᠢ | ᠰᠢᠭᠤᠢ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠣᠯᠵᠤ ᠮᠡᠳᠡᠪᠡᠯ᠂ ᠳᠠᠷᠤᠶᠢᠬᠠᠨ ᠣᠢ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠰᠡᠷᠡᠮᠵᠢ ᠶᠢᠨ ᠤᠲᠠᠰᠤ᠄ 12119᠂ 7231802 ᠶᠢ ᠤᠲᠠᠰᠤᠳᠠᠬᠤ ᠬᠡᠷᠡᠭᠲᠡᠢ | ᠃ | | ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ |