ᠠᠰᠢᠭ ᠬᠤᠨᠵᠢᠪᠤᠷᠢ ᠶᠢᠨ ᠴᠢᠨᠠᠷᠲᠠᠢ ᠡᠯᠡᠰᠦ ᠶᠢ ᠵᠠᠰᠠᠬᠤ ᠠᠵᠢᠯᠯᠠᠭ᠎ᠠ ᠬᠢᠬᠦ ᠵᠥᠪᠰᠢᠶᠡᠷᠡᠯ
ᠨᠡᠶᠢᠲᠡᠯᠡᠭᠰᠡᠨ ᠴᠠᠭ᠄
2022/3/2
ᠬᠦᠯᠢᠶᠡᠨ ᠰᠢᠢᠳᠪᠦᠷᠢᠯᠡᠬᠦ ᠨᠥᠬᠦᠴᠡᠯ        ᠠᠰᠢᠭ ᠬᠤᠨᠵᠢᠪᠤᠷᠢ ᠶᠢᠨ ᠴᠢᠨᠠᠷᠲᠠᠢ ᠡᠯᠡᠰᠦ ᠶᠢ ᠵᠠᠰᠠᠬᠤ ᠠᠵᠢᠯᠯᠠᠭ᠎ᠠ ᠬᠢᠬᠦ ᠵᠥᠪᠰᠢᠶᠡᠷᠡᠯ ᠳᠤ ᠨᠡᠶᠢᠴᠡᠬᠦ ᠬᠤᠪᠢ ᠬᠥᠮᠥᠨ ᠪᠤᠶᠤ ᠪᠠᠶᠢᠭᠤᠯᠭ᠎ᠠ ᠨᠢᠭᠡᠴᠢᠲᠣᠭᠲᠠᠭᠠᠭᠰᠠᠨ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠠᠤᠯᠢ︾ ︵2001 ᠣᠨ ᠤ 8 ᠰᠠᠷ᠎ᠠ ᠶᠢᠨ 31 ᠤ ᠡᠳᠦᠷ ᠤᠨ ᠲᠡᠷᠢᠭᠦᠯᠡᠭᠴᠢ ᠶᠢᠨ ᠵᠠᠷᠯᠢᠭ ᠲᠠᠪᠢᠨ ᠲᠠᠪᠤᠳᠤᠭᠠᠷ ᠲᠣᠭᠠᠲᠤ︶ ᠶᠢᠨ ᠬᠤᠷᠢᠨ ᠵᠢᠷᠭᠤᠳᠤᠭᠠᠷ ᠵᠦᠢᠯ᠄ ᠭᠠᠵᠠᠷ ᠰᠢᠷᠣᠢ ᠶᠢᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠦᠭᠡᠢ ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠠᠰᠢᠭ ᠬᠤᠨᠵᠢᠪᠤᠷᠢ ᠶᠢᠨ ᠴᠢᠨᠠᠷᠲᠠᠢ ᠡᠯᠡᠰᠦ ᠶᠢ ᠵᠠᠰᠠᠬᠤ ᠠᠵᠢᠯᠯᠠᠭ᠎ᠠ ᠬᠢᠬᠦ ᠳᠤ ᠬᠦᠷᠪᠡᠯ᠂ ᠤᠷᠢᠳ ᠢᠶᠠᠷ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ ᠪᠤᠶᠤ ᠬᠡᠷᠡᠭᠯᠡᠬᠦ ᠡᠷᠬᠡᠲᠦ ᠬᠥᠮᠥᠨ ᠲᠠᠢ ᠬᠡᠯᠡᠯᠴᠡᠭᠡᠷ ᠲᠣᠭᠲᠠᠭᠠᠵᠤ᠂ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠠᠤᠯᠢ ᠶᠣᠰᠣᠭᠠᠷ ᠣᠯᠬᠤ ᠬᠡᠷᠡᠭᠲᠡᠢ᠃ ᠵᠠᠰᠠᠬᠤ ᠠᠵᠢᠯᠯᠠᠭ᠎ᠠ ᠡᠬᠢᠯᠡᠬᠦ ᠠᠴᠠ ᠡᠮᠦᠨ᠎ᠡ᠂ ᠠᠰᠢᠭ ᠬᠤᠨᠵᠢᠪᠤᠷᠢ ᠶᠢᠨ ᠴᠢᠨᠠᠷᠲᠠᠢ ᠡᠯᠡᠰᠦ ᠶᠢ ᠵᠠᠰᠠᠬᠤ ᠠᠵᠢᠯᠯᠠᠭ᠎ᠠ ᠬᠢᠬᠦ ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠵᠠᠰᠠᠬᠤ ᠲᠥᠷᠥᠯ ᠵᠦᠢᠯ ᠤᠨ ᠪᠠᠶᠢᠭ᠎ᠠ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠪᠤᠰᠤᠳ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠵᠠᠰᠠᠬᠤ ᠭᠤᠶᠤᠴᠢᠯᠠᠯ ᠭᠠᠷᠭᠠᠬᠤ ᠬᠡᠷᠡᠭᠲᠡᠢ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 37 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff80808175fe29ad017607952db85a8b®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号