ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠳᠤᠪᠤᠶᠢᠮ᠎ᠠ ᠢᠯᠡᠷᠡᠯ ᠲᠠᠢ ᠰᠢᠯᠢᠳᠡᠭ ᠨᠠᠮ ᠤᠨ ᠵᠣᠬᠢᠶᠠᠨ ᠪᠠᠶᠢᠭᠤᠯᠤᠯᠲᠠ ᠪᠠ ᠰᠢᠯᠢᠳᠡᠭ ᠨᠠᠮ ᠤᠨ ᠭᠡᠰᠢᠭᠦᠨ ᠺᠠᠳ᠋ᠷ ᠢ ᠲᠠᠨᠢᠯᠴᠠᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/3/22
ᠡᠯ᠎ᠡ ᠰᠣᠮᠣ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠬᠤᠰᠢᠭᠤᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ᠄      ᠣᠶᠢᠷ᠎ᠠ ᠳᠤ᠂ ᠤᠯᠤᠰ ᠤᠨ ᠳᠣᠲᠤᠭᠠᠳᠤ ᠶᠢᠨ ᠬᠢᠵᠢᠭ ᠤᠨ ᠪᠠᠶᠢᠳᠠᠯ ᠳᠤ ᠣᠯᠠᠨ ᠴᠡᠭ ᠢᠶᠠᠷ᠂ ᠦᠷᠭᠡᠨ ᠬᠡᠪᠴᠢᠶ᠎ᠡ ᠪᠠᠷ᠂ ᠪᠠᠶᠢᠩᠭᠤ ᠡᠭᠦᠰᠬᠦ ᠣᠨᠴᠠᠯᠢᠭ ᠢᠯᠡᠷᠡᠵᠦ᠂ ᠡᠷᠭᠢᠨ ᠲᠤᠭᠤᠷᠢᠨ ᠤ ᠭᠠᠵᠠᠷ ᠣᠷᠣᠨ ᠳᠤ ᠣᠨᠣᠰᠢᠯᠠᠭᠰᠠᠨ ᠡᠪᠡᠳᠴᠢᠨ ᠤ ᠵᠢᠱᠢᠶ᠎ᠡ ᠵᠠᠯᠭᠠᠭ᠎ᠠ ᠪᠠᠷ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠣᠳᠤᠯᠢᠶᠠᠨᠲᠠᠢ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠵᠢᠯᠤᠭᠤᠳᠬᠤ ᠪᠠ ᠬᠢᠨᠠᠨ ᠰᠢᠯᠭᠠᠬᠤ ᠠᠵᠢᠯ ᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠦᠨ᠂ ᠺᠠᠳ᠋ᠷ ᠢ ᠬᠢᠨᠠᠨ ᠰᠢᠯᠭᠠᠬᠤ ︽ᠵᠠᠯᠠᠭᠤᠷ︾ ᠤᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠬᠤ ᠶᠢᠨ ᠲᠦᠯᠦᠭᠡ᠂ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠤᠰᠤᠭᠠᠷ᠂ ᠬᠤᠰᠢᠭᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠨ ᠪᠠᠶᠢᠴᠠᠭᠠᠬᠤ ᠳᠤᠭᠤᠶᠢᠯᠠᠩ ᠪᠠᠶᠢᠭᠤᠯᠤᠨ᠂ ᠰᠣᠮᠣ ᠰᠢᠶᠠᠩ ᠪᠠᠯᠭᠠᠰᠤ ᠵᠡᠭᠡᠯᠢ ᠭᠤᠳᠤᠮᠵᠢ᠂ ᠭᠠᠴᠠᠭ᠎ᠠ ᠲᠤᠰᠬᠤᠨ ᠨᠡᠶᠢᠭᠡᠮ ᠲᠤᠭᠤᠷᠢᠭ ᠪᠠ ᠪᠠᠶᠢᠭᠤᠯᠭ᠎ᠠ ᠨᠢᠭᠡᠴᠢ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠵᠢᠯ ᠢ ᠦᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠣᠮᠳᠠᠬᠢ ᠺᠠᠳ᠋ᠷ ᠤᠨ ᠪᠤᠲᠠᠳᠤ ᠢᠯᠡᠷᠡᠯ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠨᠠᠮ ᠤᠨ ᠭᠡᠰᠢᠭᠦᠨ ᠤ ᠦᠢᠯᠡᠳᠦᠯ ᠢ ᠪᠠᠳᠠᠷᠠᠭᠤᠯᠤᠭᠰᠠᠨ ᠪᠠᠶᠢᠳᠠᠯ ᠢ ᠬᠢᠨᠠᠨ ᠰᠢᠯᠭᠠᠨ᠎ᠠ᠃ ᠳᠤᠪᠤᠶᠢᠮ᠎ᠠ ᠢᠯᠡᠷᠡᠯ ᠲᠠᠢ᠂ ᠬᠦᠨᠳᠦ ᠡᠭᠦᠷᠭᠡ ᠡᠭᠦᠷᠭᠡᠯᠡᠵᠦ ᠳᠡᠶᠢᠯᠬᠦ ᠰᠢᠯᠢᠳᠡᠭ ᠺᠠᠳ᠋ᠷ ᠢ ᠴᠠᠭ ᠲᠤᠬᠠᠢ ᠳᠤ ᠨᠢ ᠵᠣᠬᠢᠶᠠᠨ ᠪᠠᠶᠢᠭᠤᠯᠤᠯᠲᠠ ᠳᠤ ᠮᠡᠳᠡᠭᠳᠡᠵᠦ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠯᠠᠪᠯᠠᠬᠤ ᠦᠨᠳᠦᠰᠦᠯᠡᠯ ᠪᠣᠯᠭᠠᠨ᠎ᠠ᠃ ᠰᠢᠯᠲᠠᠭᠯᠠᠨ ᠲᠦᠯᠬᠢᠯᠴᠡᠬᠦ᠂ ᠠᠯᠪᠠ ᠬᠠᠰᠢᠵᠤ ᠠᠮᠠ ᠪᠦᠭᠯᠡᠬᠦ᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ᠂ ᠬᠦᠴᠦ ᠭᠠᠷᠭᠠᠬᠤ ᠦᠭᠡᠢ ᠵᠡᠷᠭᠡ ᠦᠢᠯᠡ ᠠᠵᠢᠯᠯᠠᠭ᠎ᠠ ᠠᠴᠠ ᠪᠣᠯᠵᠤ  ᠠᠵᠢᠯ ᠢᠶᠠᠨ ᠬᠦᠨᠳᠦ ᠨᠣᠴᠢᠲᠠᠢ ᠤᠳᠠᠭᠠᠰᠢᠷᠠᠭᠤᠯᠤᠭᠰᠠᠨ ᠢ ᠣᠯᠵᠣ ᠮᠡᠳᠡᠪᠡᠯ᠂ ᠲᠡᠷᠡ ᠳᠠᠷᠤᠢ ᠳᠤ ᠨᠢ ᠵᠣᠬᠢᠶᠠᠨ ᠪᠠᠶᠢᠭᠤᠯᠤᠯᠲᠠ ᠠᠴᠠ ᠰᠢᠢᠳᠬᠡᠯ ᠥᠭᠬᠦ  ᠶᠢᠨ  ᠬᠠᠮᠲᠤ  ᠪᠠᠶᠢᠳᠠᠯ ᠢ   ᠨᠢ  ᠦᠵᠡᠵᠦ  ᠪᠠᠶᠢᠭᠠᠳ  ᠲᠣᠬᠢᠷᠠᠭᠤᠯᠤᠯᠲᠠ  ᠬᠢᠨ᠎ᠡ᠃      ᠪᠦᠬᠦ ᠬᠤᠰᠢᠭᠤᠨ ᠤ ᠡᠯ᠎ᠡ ᠱᠠᠲᠣᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠦᠷᠭᠡᠨ ᠣᠯᠠᠨ ᠨᠠᠮ ᠤᠨ ᠭᠡᠰᠢᠭᠦᠨ ᠤᠯᠤᠰ ᠲᠥᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠭᠤᠷᠪᠠᠨ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠦᠴᠦᠨ ᠢᠶᠠᠷ ᠢᠶᠠᠨ ᠠᠵᠢᠯ ᠢᠶᠠᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠤᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠨᠢᠭᠡᠴᠢ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠴᠤᠯᠭᠤᠷᠠᠨ ᠭᠠᠷᠤᠭᠰᠠᠨ ᠲᠡᠷᠢᠭᠦᠨ ᠤ ᠬᠠᠮᠲᠤ ᠨᠢᠭᠡᠴᠢ᠂ ᠲᠡᠷᠢᠭᠦᠨ ᠤ ᠬᠤᠪᠢ ᠬᠦᠮᠦᠨ ᠤ ᠨᠡᠶᠢᠲᠡᠯᠢᠭ ᠠᠷᠭ᠎ᠠ ᠬᠢᠳᠡᠯ ᠪᠣᠯᠣᠨ ᠰᠡᠳᠬᠢᠯ ᠬᠦᠳᠡᠯᠭᠡᠮ᠎ᠡ ᠦᠢᠯᠡ ᠠᠵᠢᠯᠯᠠᠭ᠎ᠠ ᠪᠠᠨ ᠴᠠᠭ ᠲᠤᠬᠠᠢ ᠳᠤ ᠨᠢ ᠳ᠋ᠦᠩᠨᠡᠨ ᠮᠡᠳᠡᠭᠦᠯᠵᠦ᠂ ᠨᠡᠶᠢᠭᠡᠮ ᠤᠨ ᠢᠳᠡᠪᠬᠢ ᠬᠦᠴᠦᠨ ᠢ ᠶᠡᠭᠡ ᠪᠠᠷ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃      ᠡᠬᠡ ᠪᠢᠴᠢᠭ ᠢᠷᠡᠭᠦᠯᠬᠦ ᠢᠮᠧᠯ᠄ aqzzys@163.com      ᠬᠠᠷᠢᠯᠴᠠᠬᠤ ᠤᠲᠠᠰᠤ᠄ 7232835                               ᠳᠤᠮᠳᠠᠳᠣ ᠤᠯᠤᠰ ᠤᠨ ᠡᠪ ᠬᠠᠮᠲᠤ ᠨᠠᠮ ᠤᠨ ᠠᠷᠤ ᠬᠤᠷᠴᠢᠨ                               ᠬᠤᠰᠢᠭᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ                                           2022 ᠣᠨ ᠤ 3  ᠰᠠᠷ᠎ᠠ ᠶᠢᠨ 20  ᠤ ᠡᠳᠦᠷ
 
ᠢᠷᠡᠯᠲᠡ᠄ ᠠᠷᠣ ᠬᠤᠷᠴᠢᠨ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠮᠤᠩᠭᠤᠯ ᠬᠡᠯᠡᠨ ᠦ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号