ᠢᠳᠡᠭᠡᠨ ᠦᠢᠯᠡᠳᠪᠦᠷᠢᠯᠡᠨ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠭᠠᠵᠠᠷ ᠤᠨ ᠳᠠᠩᠰᠠᠯᠠᠯᠲᠠ ᠶᠢ ᠬᠤᠪᠢᠷᠠᠭᠤᠯᠬᠤ
ᠨᠡᠶᠢᠲᠡᠯᠡᠭᠰᠡᠨ ᠴᠠᠭ᠄
2022/3/31
ᠬᠦᠯᠢᠶᠡᠨ ᠰᠢᠢᠳᠪᠦᠷᠢᠯᠡᠬᠦ ᠨᠥᠬᠦᠴᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠭᠠᠵᠠᠷ ᠤᠨ ᠳᠠᠩᠰᠠᠯᠠᠯᠲᠠ ᠵᠢᠴᠢ ᠬᠢᠨᠠᠯᠲᠠ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠭᠠᠵᠠᠷ ᠪᠠ ᠢᠳᠡᠭᠡᠨ ᠤ ᠳᠡᠯᠭᠡᠭᠡ ᠬᠤᠳᠠᠯᠳᠤᠭᠠᠴᠢᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ᠃ᠲᠣᠭᠲᠠᠭᠠᠭᠰᠠᠨ ᠦᠨᠳᠦᠰᠦᠯᠡᠯ      【ᠬᠠᠤᠯᠢ ᠴᠠᠭᠠᠵᠠ】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠶᠤᠯᠭᠦᠢ ᠶᠢᠨ ᠬᠠᠤᠯᠢ︾ ︵2015 ᠣᠨ ᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ ᠬᠤᠷᠢᠨ ᠬᠤᠶᠠᠳᠤᠭᠠᠷ ᠲᠣᠭᠠᠲᠤ᠂ 2021 ᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠬᠤᠷᠠᠯᠳᠤᠭᠠᠨ ᠠᠴᠠ ᠵᠠᠰᠠᠪᠤᠷᠢ ᠣᠷᠣᠭᠤᠯᠤᠭᠰᠠᠨ︶ ᠭᠤᠴᠢᠨ ᠵᠢᠷᠭᠤᠳᠤᠭᠠᠷ ᠵᠤᠷᠪᠤᠰ ᠲᠤ᠄ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠭᠠᠵᠠᠷ ᠪᠠ ᠢᠳᠡᠭᠡᠨ ᠤ ᠳᠡᠯᠭᠡᠭᠡ ᠬᠤᠳᠠᠯᠳᠤᠭᠠᠴᠢᠨ ᠨᠢ ᠢᠳᠡᠭᠡᠨ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠡᠷᠬᠢᠯᠡᠬᠦ ᠳᠡᠭᠡᠨ ᠲᠤᠰ ᠬᠠᠤᠯᠢ ᠳᠤ ᠲᠣᠭᠲᠠᠭᠠᠭᠰᠠᠨ ᠲᠡᠭᠦᠨ ᠤ ᠦᠢᠯᠡᠳᠪᠦᠷᠢᠯᠡᠵᠦ ᠡᠵᠡᠩᠨᠡᠬᠦ ᠬᠡᠪᠴᠢᠶ᠎ᠡ᠂ ᠨᠥᠬᠦᠴᠡᠯ ᠲᠠᠢ ᠵᠣᠬᠢᠴᠠᠭᠰᠠᠨ ᠢᠳᠡᠭᠡᠨ ᠤ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠦᠯᠵᠦ᠂ ᠦᠢᠯᠡᠳᠪᠦᠷᠢᠯᠡᠵᠦ ᠡᠵᠡᠩᠨᠡᠭᠰᠡᠨ ᠢᠳᠡᠭᠡᠨ ᠤ ᠪᠠᠨ ᠠᠷᠢᠭᠤᠨ ᠴᠡᠪᠡᠷ᠂ ᠬᠤᠣᠷ ᠦᠭᠡᠢ᠂ ᠬᠤᠣᠷᠳᠠᠯ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠂ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠡᠭᠦᠨ ᠢ ᠬᠢᠨᠠᠵᠤ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃        ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠢᠳᠡᠭᠡᠨ ᠢ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠭᠠᠵᠠᠷ᠂ ᠢᠳᠡᠭᠡᠨ ᠤ ᠳᠡᠯᠭᠡᠭᠡ ᠬᠤᠳᠠᠯᠳᠤᠭᠠᠴᠢᠨ ᠵᠡᠷᠭᠡ ᠶᠢ ᠶᠡᠷᠦᠩᠬᠡᠶᠢᠯᠡᠨ ᠵᠠᠰᠠᠵᠤ᠂ ᠦᠢᠯᠡᠴᠢᠯᠡᠭᠡ ᠪᠠᠨ ᠴᠢᠩᠭᠠᠳᠬᠠᠨ ᠨᠢᠭᠡᠳᠦᠯᠲᠡᠢ ᠲᠥᠯᠥᠪᠵᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠣᠷᠴᠢᠨ ᠨᠥᠬᠦᠴᠡᠯ ᠢ ᠨᠢ ᠰᠠᠶᠢᠵᠢᠷᠠᠭᠤᠯᠵᠤ᠂ ᠲᠡᠳᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠥᠬᠦᠴᠡᠯ ᠢᠶᠠᠨ ᠰᠠᠶᠢᠵᠢᠷᠠᠭᠤᠯᠬᠤ᠂ ᠲᠥᠪᠯᠡᠷᠡᠭᠦᠯᠦᠨ ᠠᠷᠠᠯᠵᠢᠶᠠᠯᠠᠬᠤ ᠵᠠᠬ᠎ᠠ ᠳᠡᠯᠭᠡᠭᠦᠷ᠂ ᠳᠡᠯᠭᠡᠭᠦᠷ ᠫᠦᠰᠡ ᠵᠡᠷᠭᠡ ᠲᠣᠭᠲᠠᠮᠠᠯ ᠲᠠᠯᠠᠪᠤᠷ ᠲᠤ ᠣᠷᠣᠵᠤ ᠡᠵᠡᠩᠨᠡᠬᠦ ᠪᠤᠶᠤ ᠵᠢᠭᠠᠨ ᠲᠣᠭᠲᠠᠭᠠᠭᠰᠠᠨ ᠲᠦᠷ ᠴᠠᠭ ᠤᠨ ᠡᠵᠡᠩᠨᠡᠯᠲᠡ ᠶᠢᠨ ᠣᠷᠣᠨ ᠪᠦᠰᠡ᠂ ᠴᠠᠭ ᠬᠤᠭᠤᠴᠠᠭᠠᠨ ᠳᠤ ᠡᠵᠡᠩᠨᠡᠬᠦ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃        ᠢᠳᠡᠭᠡᠨ ᠢ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠭᠠᠵᠠᠷ ᠪᠠ ᠢᠳᠡᠭᠡᠨ ᠤ ᠳᠡᠯᠭᠡᠭᠡ ᠬᠤᠳᠠᠯᠳᠤᠭᠠᠴᠢᠨ ᠵᠡᠷᠭᠡ ᠶᠢᠨ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠲᠣᠭᠲᠠᠭᠠᠨ᠎ᠠ᠃      【 ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ】 ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠭᠠᠵᠠᠷ ᠪᠠ ᠢᠳᠡᠭᠡᠨ ᠤ ᠳᠡᠯᠭᠡᠭᠡ ᠬᠤᠳᠠᠯᠳᠤᠭᠠᠴᠢᠨ ᠤ ᠬᠠᠮᠢᠶᠠᠷᠤᠯᠲᠠ ᠶᠢᠨ ᠳᠦᠷᠢᠮ︾ ︵2015 ᠣᠨ ᠤ 5 ᠳ᠋ᠤᠭᠠᠷ ᠰᠠᠷ᠎ᠠ ᠶᠢᠨ 22 ᠤᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠷᠠᠯᠳᠤᠭᠠᠨ ᠠᠴᠠ ᠪᠠᠲᠤᠯᠠᠭᠰᠠᠨ︶        ᠠᠷᠪᠠᠨ ᠬᠤᠶᠠᠳᠤᠭᠠᠷ ᠵᠦᠢᠯ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠢ ᠬᠤᠰᠢᠭᠤ ᠰᠢᠶᠠᠨ ᠤ ᠱᠠᠲᠤᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠳᠠᠩᠰᠠᠯᠠᠭᠤᠯᠬᠤ ᠶᠢᠨ ᠬᠠᠮᠲᠤ ︽ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠳᠠᠩᠰᠠᠯᠠᠭᠤᠯᠤᠭᠰᠠᠨ ᠦᠨᠡᠮᠯᠡᠯ︾ ᠢ ᠣᠯᠣᠭᠰᠠᠨ ᠤ ᠲᠠᠷᠠᠭ᠎ᠠ ᠰᠠᠶ᠋ᠢ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠵᠤ ᠪᠣᠯᠣᠨ᠎ᠠ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 20 — 22 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff8080817c6443f3017c78bac7f264fa®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号