ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1. ᠭᠤᠣᠯ ᠤᠨ ᠬᠡᠪᠡᠯᠢ ᠶᠢᠨ ᠡᠯᠡᠰᠦ ᠮᠠᠯᠲᠠᠬᠤ ᠲᠥᠯᠦᠪᠵᠢᠭᠦᠯᠭᠡ | ︵ᠣᠨ ᠤ ᠬᠡᠷᠡᠭᠵᠢᠭᠦᠯᠬᠦ ᠲᠥᠰᠥᠯ︶ ᠳᠤ ᠲᠣᠭᠲᠠᠭᠠᠭᠰᠠᠨ ᠮᠠᠯᠲᠠᠵᠤ ᠪᠣᠯᠬᠤ ᠣᠷᠣᠨ ᠪᠣᠯᠣᠨ ᠮᠠᠯᠲᠠᠵᠤ ᠪᠣᠯᠬᠤ | ᠬᠤᠭᠤᠴᠠᠭᠠᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ᠃2. ᠣᠨ ᠤ ᠡᠯᠡᠰᠦ ᠮᠠᠯᠲᠠᠬᠤ ᠶᠢ ᠬᠢᠵᠠᠭᠠᠷᠯᠠᠬᠤ | ᠶᠡᠷᠦᠩᠬᠡᠢ ᠬᠡᠮᠵᠢᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ 3. ᠲᠣᠭᠲᠠᠭᠠᠭᠰᠠᠨ ᠠᠵᠢᠯ ᠤᠨ | ᠠᠷᠭ᠎ᠠ ᠮᠠᠶ᠋ᠢᠭ ᠲᠤ ᠨᠡᠶᠢᠴᠡᠭᠰᠡᠨ ᠪᠠᠶᠢᠬᠤ᠃ 4. ᠡᠯᠡᠰᠦ ᠮᠠᠯᠲᠠᠬᠤ ᠣᠩᠭᠤᠴᠠ᠂ ᠮᠠᠰᠢᠨ ᠪᠠᠭᠠᠵᠢ ᠶᠢᠨ ᠲᠤᠭ᠎ᠠ | ᠬᠡᠮᠵᠢᠶ᠎ᠡ ᠵᠢᠴᠢ ᠡᠯᠡᠰᠦ ᠮᠠᠯᠲᠠᠬᠤ ᠴᠢᠳᠠᠪᠤᠷᠢ ᠶᠢ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ᠃ 5. | ᠬᠠᠤᠯᠢ ᠠᠴᠠ ᠵᠥᠷᠢᠴᠡᠨ ᠬᠠᠶᠢᠷ ᠮᠠᠯᠲᠠᠭᠰᠠᠨ ᠳᠠᠩᠰᠠ ᠦᠭᠡᠢ᠃ 6. ᠭᠤᠷᠪᠠᠳᠠᠭᠢ ᠡᠲᠡᠭᠡᠳ ᠤᠨ ᠬᠠᠤᠯᠢ | ᠶᠣᠰᠣᠨ ᠤ ᠤᠰᠤᠨ ᠤ ᠶᠠᠪᠤᠳᠠᠯ ᠤᠨ ᠡᠷᠬᠡ ᠠᠰᠢᠭ ᠲᠤ ᠬᠤᠯᠪᠣᠭᠳᠠᠭᠰᠠᠨ ᠬᠡᠯᠡᠯᠴᠡᠭᠡᠷ ᠨᠢ ᠦᠨᠡᠨ ᠪᠣᠳᠠᠲᠠᠢ᠂ | ᠬᠦᠴᠦᠨ ᠲᠠᠢ᠃ 7. ᠵᠢᠯ ᠤᠨ ᠨᠡᠭᠡᠭᠡᠨ ᠮᠠᠯᠲᠠᠬᠤ ᠬᠡᠮᠵᠢᠶ᠎ᠡ ᠨᠢ 100 ᠲᠦᠮᠡᠨ ᠲᠡᠭᠰᠢ ᠳᠥᠷᠪᠡᠯᠵᠢᠨ ᠮᠧᠲᠷ ᠠᠴᠠ | ᠳᠡᠭᠡᠭᠰᠢᠬᠢ ᠲᠣᠮᠣ ᠬᠡᠯᠪᠡᠷᠢ ᠶᠢᠨ ᠡᠯᠡᠰᠦ ᠮᠠᠯᠲᠠᠬᠤ ᠲᠠᠯᠠᠪᠠᠶ ᠨᠢ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ᠂ | ᠬᠡᠷᠡᠭᠵᠢᠭᠦᠯᠵᠦ ᠪᠣᠯᠬᠤᠶᠢᠴᠠ ᠨᠤᠲᠠᠯᠠᠯᠲᠠ ᠶᠢᠨ ᠮᠡᠳᠡᠭᠦᠯᠦᠯᠲᠡ ᠶᠢ ᠲᠤᠰᠠᠭᠠᠷ ᠨᠠᠶᠢᠷᠠᠭᠤᠯᠤᠨ ᠵᠣᠬᠢᠶᠠᠬᠤ ᠬᠡᠷᠡᠭᠲᠡᠢ᠃ | ︵ᠬᠤᠶᠠᠷ︶ ᠵᠥᠪᠰᠢᠶᠡᠷᠡᠬᠦ ᠦᠭᠡᠢ ᠪᠠᠶᠢᠳᠠᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ᠃ 2᠂ | ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠪᠣᠳᠠᠲᠠᠢ ᠲᠠᠢ ᠨᠡᠶᠢᠴᠡᠬᠦ ᠦᠭᠡᠢ᠃ ︵ | ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ | ᠬᠢᠵᠠᠭᠠᠷᠯᠠᠯ ᠦᠭᠡᠢ᠃ | | ᠲᠣᠭᠲᠠᠭᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︵2016 ᠣᠨ ᠳᠤ | ᠵᠠᠰᠠᠪᠤᠷᠢ ᠣᠷᠣᠭᠤᠯᠤᠭᠰᠠᠨ︶ ᠶᠢᠨ ᠭᠤᠴᠢ ᠶᠢᠰᠦᠳᠦᠭᠡᠷ ᠵᠤᠷᠪᠤᠰ ᠲᠤ᠂ ᠤᠯᠤᠰ ᠠᠴᠠ ᠭᠤᠣᠯ ᠤᠨ ᠬᠡᠪᠡᠯᠢ ᠠᠴᠠ | ᠡᠯᠡᠰᠦ ᠮᠠᠯᠲᠠᠬᠤ ᠵᠥᠪᠰᠢᠶᠡᠷᠡᠯ ᠤᠨ ᠳᠦᠷᠢᠮ ᠢ ᠬᠡᠷᠡᠭᠵᠢᠭᠦᠯᠦᠨ᠎ᠡ᠃ ᠭᠤᠣᠯ ᠤᠨ ᠬᠡᠪᠡᠯᠢ ᠠᠴᠠ ᠡᠯᠡᠰᠦ ᠮᠠᠯᠲᠠᠬᠤ | ᠵᠥᠪᠰᠢᠶᠡᠷᠡᠯ ᠤᠨ ᠳᠦᠷᠢᠮ ᠢ ᠬᠡᠷᠡᠭᠵᠢᠭᠦᠯᠬᠦ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠬᠡᠪᠡᠯᠢ ᠶᠢᠨ ᠬᠠᠮᠢᠶᠠᠷᠤᠯᠲᠠ ᠶᠢᠨ | ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 588 ᠳ᠋ᠤᠭᠠᠷ ᠲᠣᠭᠠᠲᠤ᠂ 2018 ᠣᠨ ᠳᠤ | ᠵᠠᠰᠠᠪᠤᠷᠢ ᠣᠷᠣᠭᠤᠯᠤᠭᠰᠠᠨ︶ ᠤᠨ ᠬᠤᠷᠢᠨ ᠲᠠᠪᠤᠳᠤᠭᠠᠷ ᠵᠤᠷᠪᠤᠰ ᠲᠤ᠂ ᠭᠤᠣᠯ ᠤᠨ ᠬᠡᠪᠡᠯᠢ ᠶᠢᠨ | ᠬᠠᠮᠢᠶᠠᠷᠤᠯᠲᠠ ᠶᠢᠨ ᠬᠡᠪᠴᠢᠶᠡᠨ ᠳᠤ ᠳᠣᠣᠷᠠᠬᠢ ᠮᠡᠲᠦ ᠠᠵᠢᠯᠯᠠᠭ᠎ᠠ ᠬᠢᠬᠦ ᠳᠤ ᠡᠷᠬᠡᠪᠰᠢ ᠭᠤᠣᠯ ᠤᠨ ᠬᠡᠪᠡᠯᠢ ᠶᠢᠨ | ᠭᠤᠣᠯᠴᠢᠯᠠᠨ ᠬᠠᠮᠢᠶᠠᠷᠬᠤ ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ ᠪᠤᠰᠤᠳ ᠰᠠᠯᠠᠭ᠎ᠠ | ᠮᠥᠴᠢᠷ ᠲᠤ ᠬᠤᠯᠪᠣᠭᠳᠠᠪᠠᠯ᠂ ᠭᠤᠣᠯ ᠤᠨ ᠬᠡᠪᠡᠯᠢ ᠶᠢᠨ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠥᠪᠰᠢᠶᠡᠷᠡᠨ᠎ᠡ᠄ ︵ᠨᠢᠭᠡ︶ ᠡᠯᠡᠰᠦ ᠮᠠᠯᠲᠠᠬᠤ᠂ ᠰᠢᠷᠣᠢ ᠠᠪᠬᠤ᠂ | ᠠᠯᠲᠠ ᠮᠠᠯᠲᠠᠬᠤ᠂ ᠬᠠᠶᠢᠷ ᠴᠢᠯᠠᠭᠤ ᠪᠤᠶᠤ ᠯᠠᠭ ᠰᠢᠪᠠᠷ ᠬᠠᠶᠠᠬᠤ ᠁ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 47 — | 50 ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=bb4497086b1a5d56016b1b55733c6c31®ionCode=150421000000&record=istrue |