ᠡᠷᠭᠦᠨ ᠲᠡᠵᠢᠭᠡᠭᠰᠡᠨ ᠬᠠᠷᠢᠴᠠᠭ᠎ᠠ ᠪᠠᠨ ᠲᠠᠰᠤᠯᠬᠤ ᠳᠠᠩᠰᠠᠯᠠᠯᠲᠠ
ᠨᠡᠶᠢᠲᠡᠯᠡᠭᠰᠡᠨ ᠴᠠᠭ᠄
2022/3/7
ᠬᠦᠯᠢᠶᠡᠨ ᠰᠢᠢᠳᠪᠦᠷᠢᠯᠡᠬᠦ ᠨᠥᠬᠦᠴᠡᠯ        ᠡᠷᠭᠦᠨ ᠲᠡᠵᠢᠭᠡᠭᠰᠡᠨ ᠬᠠᠷᠢᠴᠠᠭ᠎ᠠ ᠶᠢ ᠲᠠᠰᠤᠯᠬᠤ᠄        1. ᠡᠷᠭᠦᠨ ᠲᠡᠵᠢᠭᠡᠭᠴᠢ᠂ ᠡᠷᠭᠦᠨ ᠲᠡᠵᠢᠭᠡᠯᠭᠡᠭᠴᠢ ᠬᠤᠶᠠᠷ ᠡᠲᠡᠭᠡᠳ ᠬᠡᠯᠡᠯᠴᠡᠭᠡᠷ ᠢᠶᠠᠷ ᠳᠠᠮᠵᠢᠨ ᠲᠠᠰᠤᠯᠬᠤ ᠳᠤ᠂ ᠲᠡᠵᠢᠭᠡᠭᠳᠡᠭᠰᠡᠨ ᠬᠡᠦᠬᠡᠳ ᠨᠢ ᠪᠦᠬᠦᠯᠢ ᠠᠷᠪᠠᠨ ᠨᠠᠰᠤ ᠢ ᠬᠡᠲᠦᠷᠡᠭᠰᠡᠨ ᠪᠣᠯ ᠲᠤᠰ ᠬᠥᠮᠥᠨ ᠤ ᠬᠢᠨᠢ ᠵᠥᠪᠰᠢᠶᠡᠷᠡᠯ ᠢ ᠣᠯᠬᠤ ᠬᠡᠷᠡᠭᠲᠡᠢ᠃        2. ᠡᠷᠭᠦᠨ ᠲᠡᠵᠢᠭᠡᠭᠴᠢ ᠨᠢ ᠠᠰᠠᠷᠠᠨ ᠲᠡᠵᠢᠭᠡᠬᠦ ᠡᠭᠦᠷᠭᠡ ᠪᠠᠨ ᠭᠦᠢᠴᠡᠳᠬᠡᠬᠦ ᠦᠭᠡᠢ᠂ ᠬᠠᠯᠠ ᠦᠵᠡᠭᠦᠯᠬᠦ ᠂ ᠬᠠᠶᠠᠬᠤ ᠵᠡᠷᠭᠡ ᠨᠠᠰᠤᠨ ᠳᠤ ᠬᠦᠷᠦᠭᠡᠳᠦᠢ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠤᠢᠢᠯᠠ ᠠᠵᠢᠯᠯᠠᠭ᠎ᠠ ᠲᠠᠢ ᠪᠠᠶᠢᠪᠠᠯ᠂ ᠡᠷᠭᠦᠨ ᠲᠡᠵᠢᠭᠡᠯᠭᠡᠭᠴᠢ ᠨᠢ ᠲᠡᠵᠢᠭᠡᠭᠰᠡᠨ ᠡᠴᠢᠭᠡ ᠡᠬᠡ ᠪᠣᠯᠣᠨ ᠲᠡᠵᠢᠭᠡᠭᠳᠡᠭᠰᠡᠨ ᠬᠡᠦᠬᠡᠳ ᠤᠨ ᠬᠤᠭᠤᠷᠣᠨᠳᠣᠬᠢ ᠡᠷᠭᠦᠨ ᠲᠡᠵᠢᠭᠡᠭᠰᠡᠨ ᠬᠠᠷᠢᠴᠠᠭ᠎ᠠ ᠶᠢ ᠲᠠᠰᠤᠯᠬᠤ ᠪᠠᠷ ᠱᠠᠭᠠᠷᠳᠠᠬᠤ ᠡᠷᠬᠡ ᠲᠠᠢ᠃        3. ᠲᠡᠵᠢᠭᠡᠭᠰᠡᠨ ᠡᠴᠢᠭᠡ ᠡᠬᠡ ᠪᠣᠯᠣᠨ ᠨᠠᠰᠤᠨ ᠳᠤ ᠬᠦᠷᠦᠭᠰᠡᠠ ᠲᠡᠵᠢᠭᠡᠭᠳᠡᠭᠰᠡᠨ ᠬᠡᠦᠬᠡᠳ ᠤᠨ ᠬᠤᠭᠤᠷᠣᠨᠳᠣᠬᠢ ᠬᠠᠷᠢᠴᠠᠭ᠎ᠠ ᠨᠢ ᠮᠠᠭᠤᠳᠠᠭᠠᠳ ᠬᠠᠮᠲᠤ ᠠᠮᠢᠳᠤᠷᠠᠬᠤ ᠶᠢᠨ ᠠᠷᠭ᠎ᠠ ᠤᠶᠢᠭᠡᠢ ᠪᠣᠯᠤᠭᠰᠠᠨ ᠪᠠᠶᠢᠪᠠᠯ᠂ ᠬᠡᠯᠡᠯᠴᠡᠭᠡᠷ ᠢᠶᠠᠷ ᠳᠠᠮᠵᠢᠨ ᠬᠠᠷᠢᠴᠠᠭ᠎ᠠ ᠪᠠᠨ ᠲᠠᠰᠤᠯᠵᠤ ᠪᠣᠯᠣᠨ᠎ᠠ᠃ᠲᠣᠭᠲᠠᠭᠠᠭᠰᠠᠨ ᠦᠨᠳᠦᠰᠦᠯᠡᠯ      【ᠬᠠᠤᠯᠢ ᠴᠠᠭᠠᠵᠠ】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠭᠦᠨ ᠲᠡᠵᠢᠭᠡᠬᠦ ᠬᠠᠤᠯᠢ︾ ᠶᠢᠨ ᠠᠷᠪᠠᠨ ᠲᠠᠪᠤᠳᠤᠭᠠᠷ ᠵᠤᠷᠪᠤᠰ ᠲᠤ᠂ ᠡᠷᠭᠦᠨ ᠲᠡᠵᠢᠭᠡᠬᠦ ᠳᠡᠭᠡᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠳᠠᠩᠰᠠᠯᠠᠭᠤᠯᠤᠨ᠎ᠠ᠃ ᠡᠷᠭᠦᠨ ᠲᠡᠵᠢᠭᠡᠬᠦ ᠬᠠᠷᠢᠴᠠᠭ᠎ᠠ ᠨᠢ ᠳᠠᠩᠰᠠᠯᠠᠭᠤᠯᠤᠭᠰᠠᠨ ᠡᠳᠦᠷ ᠠᠴᠠ ᠡᠬᠢᠯᠡᠵᠦ ᠪᠠᠶᠢᠭᠤᠯᠤᠭᠳᠠᠨ᠎ᠠ᠃ ᠲᠥᠷᠥᠭᠰᠡᠨ ᠡᠴᠢᠭᠡ ᠡᠬᠡ ᠶᠢ ᠨᠢ ᠡᠷᠢᠵᠦ ᠣᠯᠬᠤ ᠦᠭᠡᠢ ᠬᠠᠶᠠᠭᠳᠠᠭᠰᠠᠨ ᠨᠢᠯᠬ᠎ᠠ ᠬᠡᠦᠬᠡᠳ ᠪᠣᠯᠣᠨ ᠪᠠᠭᠠᠴᠤᠤᠯ ᠢ ᠡᠷᠭᠦᠨ ᠲᠡᠵᠢᠭᠡᠬᠦ ᠳᠤ ᠬᠦᠷᠪᠡᠯ᠂ ᠳᠠᠩᠰᠠᠯᠠᠬᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠳᠠᠩᠰᠠᠯᠠᠬᠤ ᠠᠴᠠ ᠡᠮᠦᠨ᠎ᠡ ᠵᠠᠷᠯᠠᠨ ᠨᠡᠶᠢᠲᠡᠯᠡᠬᠦ ᠬᠡᠷᠡᠭᠲᠡᠢ᠃ ᠡᠷᠭᠦᠨ ᠲᠡᠵᠢᠭᠡᠬᠦ ᠬᠠᠷᠢᠴᠠᠭ᠎ᠠ ᠶᠢᠨ ᠲᠤᠬᠠᠢ ᠶᠢᠨ ᠬᠥᠮᠥᠨ ᠨᠢ ᠡᠷᠭᠦᠨ ᠲᠡᠵᠢᠭᠡᠬᠦ ᠬᠡᠯᠡᠯᠴᠡᠭᠡᠷ ᠲᠣᠭᠲᠠᠭᠠᠬᠤ ᠶᠢ ᠵᠥᠪᠰᠢᠶᠡᠷᠡᠪᠡᠯ ᠡᠷᠭᠦᠨ ᠲᠡᠵᠢᠭᠡᠬᠦ ᠬᠡᠯᠡᠯᠴᠡᠭᠡᠷ ᠲᠣᠭᠲᠠᠭᠠᠵᠤ ᠪᠣᠯᠣᠨ᠎ᠠ᠃ ᠡᠷᠭᠦᠨ ᠲᠡᠵᠢᠭᠡᠬᠦ ᠬᠠᠷᠢᠴᠠᠭ᠎ᠠ ᠶᠢᠨ ᠲᠤᠬᠠᠢ ᠶᠢᠨ ᠬᠥᠮᠥᠨ ᠤ ᠡᠯ᠎ᠡ ᠲᠠᠯ᠎ᠠ ᠪᠤᠶᠤ ᠨᠢᠭᠡ ᠲᠠᠯ᠎ᠠ ᠨᠢ ᠡᠷᠭᠦᠨ ᠲᠡᠵᠢᠭᠡᠬᠦ ᠠᠯᠪᠠᠨ ᠭᠡᠷᠡᠴᠢᠯᠡᠭᠡ ᠬᠢᠯᠭᠡᠬᠦ ᠪᠠᠷ ᠱᠠᠭᠠᠷᠳᠠᠪᠠᠯ ᠡᠷᠭᠦᠨ ᠲᠡᠵᠢᠭᠡᠬᠦ ᠠᠯᠪᠠᠨ ᠭᠡᠷᠡᠴᠢᠯᠡᠭᠡ ᠬᠢᠯᠭᠡᠬᠦ ᠬᠡᠷᠡᠭᠲᠡᠢ᠃ ᠬᠤᠷᠢᠨ ᠨᠠᠢᠮᠠᠳᠤᠭᠠᠷ ᠵᠤᠷᠪᠤᠰ ᠲᠤ᠂ ᠲᠤᠬᠠᠢ ᠶᠢᠨ ᠬᠥᠮᠥᠨ ᠨᠢ ᠬᠡᠯᠡᠯᠴᠡᠭᠡᠷ ᠢᠶᠠᠷ ᠡᠷᠭᠦᠨ ᠲᠡᠵᠢᠭᠡᠭᠰᠡᠨ ᠬᠠᠷᠢᠴᠠᠭ᠎ᠠ ᠪᠠᠨ ᠲᠠᠰᠤᠯᠤᠭᠰᠠᠨ ᠪᠠᠶᠢᠪᠠᠯ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠣᠴᠢᠵᠤ ᠡᠷᠭᠦᠨ ᠲᠡᠵᠢᠭᠡᠭᠰᠡᠨ ᠬᠠᠷᠢᠴᠠᠭ᠎ᠠ ᠪᠠᠨ ᠲᠠᠰᠤᠯᠤᠭᠰᠠᠨ ᠳᠠᠩᠰᠠᠯᠠᠯᠲᠠ ᠬᠢᠯᠭᠡᠬᠦ ᠬᠡᠷᠡᠭᠲᠡᠢ᠃      【ᠵᠠᠰᠠᠭ ᠵᠠᠬᠢᠷᠭᠠᠨ ᠤ ᠬᠠᠤᠯᠢ ᠲᠣᠭᠲᠠᠭᠠᠯ】 ︽ᠳᠤᠮᠳᠠᠳᠤ ᠤᠯᠤᠰ ᠤᠨ ᠠᠷᠠᠳ ᠢᠷᠭᠡᠨ ᠤ ᠦᠷ᠎ᠡ ᠬᠡᠦᠬᠡᠳ ᠡᠷᠭᠦᠨ ᠲᠡᠵᠢᠭᠡᠬᠦ ᠶᠢ ᠳᠠᠩᠰᠠᠯᠠᠬᠤ ᠠᠷᠭ᠎ᠠ︾ ︵ᠠᠷᠠᠳ ᠤᠨ ᠶᠠᠪᠤᠳᠠᠯ ᠤᠨ ᠶᠠᠮᠤᠨ ᠤ ᠵᠠᠷᠯᠢᠭ 14 ᠳ᠋ᠦ᠋ᠭᠡᠷ ᠲᠣᠭᠠᠲᠤ︶ ᠶᠢᠨ ᠬᠤᠶᠠᠳᠤᠭᠠᠷ ᠵᠤᠷᠪᠤᠰ ᠲᠤ᠂ ᠳᠤᠮᠳᠠᠳᠤ ᠤᠯᠤᠰ ᠤᠨ ᠠᠷᠠᠳ ᠢᠷᠭᠡᠨ ᠳᠤᠮᠳᠠᠳᠤ ᠤᠯᠤᠰ ᠤᠨ ᠬᠢᠯᠢ ᠶᠢᠨ ᠳᠣᠲᠣᠷ᠎ᠠ ᠦᠷ᠎ᠡ ᠬᠡᠦᠬᠡᠳ ᠡᠷᠭᠦᠨ ᠲᠡᠵᠢᠭᠡᠬᠦ ᠪᠤᠶᠤ ᠬᠡᠯᠡᠯᠴᠡᠭᠡᠷ ᠢᠶᠠᠷ ᠡᠷᠭᠦᠨ ᠲᠡᠵᠢᠭᠡᠭᠰᠡᠨ ᠬᠠᠷᠢᠴᠠᠭ᠎ᠠ ᠪᠠᠨ ᠲᠠᠰᠤᠯᠬᠤ ᠳᠤ ᠬᠦᠷᠪᠡᠯ᠂ ᠲᠤᠰ ᠠᠷᠭ᠎ᠠ ᠶᠢᠨ ᠲᠣᠭᠲᠠᠭᠠᠯ ᠶᠣᠰᠣᠭᠠᠷ ᠳᠠᠩᠰᠠᠯᠠᠭᠤᠯᠬᠤ ᠬᠡᠷᠡᠭᠲᠡᠢ᠃ ᠡᠷᠭᠦᠨ ᠲᠡᠵᠢᠭᠡᠬᠦ ᠶᠢ ᠳᠠᠩᠰᠠᠯᠠᠬᠤ ᠪᠠᠶᠢᠭᠤᠯᠭ᠎ᠠ ᠪᠣᠯ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 29 ᠳ᠋ᠦ᠋ᠭᠡᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff8080817887d56a0178957ea8dd6c0b®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号