ᠬᠦᠯᠢᠶᠡᠨ ᠰᠢᠢᠳᠪᠦᠷᠢᠯᠡᠬᠦ ᠨᠥᠬᠦᠴᠡᠯ | ᠲᠤᠰᠢᠶᠠᠭᠰᠠᠨ ᠮᠠᠲ᠋ᠧᠷᠢᠶᠠᠯ ᠨᠢ ᠦᠨᠡᠨ ᠪᠣᠳᠠᠲᠠᠢ᠂ ᠪᠦᠷᠢᠨ ᠭᠦᠢᠴᠡᠳ᠂ ᠣᠨᠣᠪᠴᠢᠲᠠᠶ ᠪᠠᠶᠢᠬᠤ | ᠬᠡᠷᠡᠭᠲᠡᠢ᠃ | | ᠲᠣᠭᠲᠠᠭᠠᠭᠰᠠᠨ ᠦᠨᠳᠦᠰᠦᠯᠡᠯ | ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠦᠷᠢᠮ︾ | ᠭᠤᠷᠪᠠᠳᠤᠭᠠᠷ ᠵᠤᠷᠪᠤᠰ ᠲᠤ᠂ ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠪᠠᠶᠢᠭᠤᠯᠤᠭᠰᠠᠨ | ᠦᠭᠡᠢ ᠬᠤᠳᠠ᠂ ᠬᠤᠳᠠ ᠶᠢᠨ ᠬᠠᠷᠢᠶ᠎ᠠ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠳᠠᠩᠰᠠᠯᠠᠬᠤ | ᠪᠠᠶᠢᠭᠤᠯᠭ᠎ᠠ ︵ᠳᠣᠣᠷ᠎ᠠ ᠳᠠᠩᠰᠠᠯᠠᠬᠤ ᠪᠠᠶᠢᠭᠤᠯᠭ᠎ᠠ ᠭᠡᠵᠦ ᠳᠥᠭᠦᠮᠴᠢᠯᠡᠨ᠎ᠡ︶ ᠪᠣᠯᠣᠨ᠎ᠠ᠃ ᠳᠠᠩᠰᠠᠯᠠᠬᠤ ᠪᠠᠶᠢᠭᠤᠯᠭ᠎ᠠ | ᠨᠢ ᠲᠦᠷᠦ ᠶᠢᠨ ᠶᠠᠪᠤᠳᠠᠯ ᠤᠨ ᠬᠤᠷᠢᠶᠠᠨ ᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ᠂ ᠲᠡᠭᠦᠨ ᠤ ᠳᠣᠣᠷ᠎ᠠ ᠱᠠᠲᠤᠨ ᠤ ᠦᠢᠯᠡᠳᠪᠦᠷᠢ | ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠭᠠᠵᠠᠷ ᠲᠤ ᠨᠠᠶᠢᠳᠠᠵᠤ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠳᠠᠩᠰᠠᠯᠠᠬᠤ ᠭᠦᠢᠴᠡᠳᠬᠡᠯ ᠬᠢᠵᠦ ᠪᠣᠯᠣᠨ᠎ᠠ᠃ | ᠨᠠᠢᠮᠠᠳᠤᠭᠠᠷ ᠵᠤᠷᠪᠤᠰ ᠲᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠪᠠᠷ | ᠳᠠᠩᠰᠠᠯᠠᠭᠤᠯᠬᠤ ᠪᠠᠷ ᠭᠤᠶᠤᠴᠢᠯᠠᠬᠤ ᠳᠤ ᠡᠵᠡᠩᠨᠡᠯᠲᠡ ᠶᠢᠨ ᠲᠠᠯᠠᠪᠤᠷ ᠤᠨ ᠪᠠᠶᠢᠭ᠎ᠠ ᠭᠠᠵᠠᠷ ᠤᠨ ᠳᠠᠩᠰᠠᠯᠠᠬᠤ | ᠪᠠᠶᠢᠭᠤᠯᠭ᠎ᠠ ᠳᠤ ᠳᠠᠩᠰᠠᠯᠠᠭᠤᠯᠬᠤ ᠪᠠᠷ ᠭᠤᠶᠤᠴᠢᠯᠠᠬᠤ ᠬᠡᠷᠡᠭᠲᠡᠢ᠃ ᠭᠤᠶᠤᠴᠢᠯᠠᠭᠴᠢ ᠨᠢ ᠳᠠᠩᠰᠠᠯᠠᠭᠤᠯᠬᠤ | ᠭᠤᠶᠤᠴᠢᠯᠠᠯ ᠤᠨ ᠪᠢᠴᠢᠭ᠂ ᠪᠡᠶ᠎ᠡ ᠶᠢᠨ ᠬᠢᠷᠢ ᠬᠡᠮ ᠤᠨ ᠭᠡᠷᠡᠴᠢ ᠪᠠ ᠡᠵᠡᠩᠨᠡᠯᠲᠡ ᠶᠢᠨ ᠭᠠᠵᠠᠷ ᠤᠨ ᠭᠡᠷᠡᠴᠢ ᠶᠢ | ᠲᠤᠰᠢᠶᠠᠬᠤ ᠬᠡᠷᠡᠭᠲᠡᠢ᠃ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠳᠠᠩᠰᠠᠯᠠᠭᠤᠯᠬᠤ ᠵᠦᠢᠯ ᠳᠤ ᠡᠵᠡᠩᠨᠡᠭᠴᠢ ᠶᠢᠨ | ᠣᠪᠣᠭ ᠨᠡᠷ᠎ᠡ ᠪᠠ ᠣᠷᠣᠨ ᠰᠠᠭᠤᠴᠠ᠂ ᠪᠦᠷᠢᠯᠳᠦᠭᠰᠡᠨ ᠬᠡᠯᠪᠡᠷᠢ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ᠂ | ᠡᠵᠡᠩᠨᠡᠯᠲᠡ ᠶᠢᠨ ᠲᠠᠯᠠᠪᠤᠷ ᠪᠠᠭᠲᠠᠨ᠎ᠠ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠨᠡᠷᠡᠶᠢᠳᠦᠯ | ᠬᠡᠷᠡᠭᠯᠡᠭᠰᠡᠨ ᠪᠠᠶᠢᠪᠠᠯ᠂ ᠨᠡᠷᠡᠶᠢᠳᠦᠯ ᠢ ᠳᠠᠩᠰᠠᠯᠠᠭᠤᠯᠬᠤ ᠵᠦᠢᠯ ᠪᠣᠯᠭᠠᠨ᠎ᠠ᠃ | ᠠᠷᠪᠠᠳᠤᠭᠠᠷ ᠵᠤᠷᠪᠤᠰ ᠲᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ | ᠳᠠᠩᠰᠠᠯᠠᠭᠤᠯᠤᠭᠰᠠᠨ ᠵᠦᠢᠯ ᠢ ᠬᠤᠪᠢᠷᠠᠭᠤᠯᠬᠤ ᠳᠤ ᠬᠦᠷᠪᠡᠯ᠂ ᠳᠠᠩᠰᠠᠯᠠᠭᠤᠯᠤᠭᠰᠠᠨ ᠪᠠᠶᠢᠭᠤᠯᠭ᠎ᠠ ᠳᠤ | ᠬᠤᠪᠢᠷᠠᠭᠤᠯᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠬᠡᠷᠡᠭᠲᠡᠢ᠃ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠡᠵᠡᠩᠨᠡᠭᠴᠢ ᠪᠠᠨ ᠬᠤᠪᠢᠷᠠᠭᠤᠯᠬᠤ ᠳᠤ ᠬᠦᠷᠪᠡᠯ᠂ | ᠳᠠᠩᠰᠠᠯᠠᠯᠲᠠ ᠪᠠᠨ ᠬᠠᠰᠤᠭᠤᠯᠤᠭᠰᠠᠨ ᠤ ᠲᠡᠷᠠᠭ᠎ᠠ᠂ ᠰᠢᠨ᠎ᠡ ᠡᠵᠡᠩᠨᠡᠭᠴᠢ ᠲᠠᠬᠢᠨ ᠳᠠᠩᠰᠠᠯᠠᠭᠤᠯᠤᠨ | ᠪᠦᠷᠢᠳᠬᠡᠭᠦᠯᠬᠦ ᠪᠠᠷ ᠭᠤᠶᠤᠴᠢᠯᠠᠬᠤ ᠬᠡᠷᠡᠭᠲᠡᠢ᠃ ᠭᠡᠷ ᠪᠦᠯᠢ ᠪᠠᠷ ᠡᠵᠡᠩᠨᠡᠵᠦ ᠪᠠᠶᠢᠭ᠎ᠠ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠭᠡ ᠭᠡᠷ ᠪᠦᠯᠢ ᠶᠢᠨ ᠪᠦᠷᠢᠯᠳᠦᠭᠦᠨ ᠤ ᠪᠠᠨ ᠬᠤᠭᠤᠷᠣᠨᠳᠤ ᠪᠠᠨ ᠡᠵᠡᠩᠨᠡᠭᠴᠢ ᠪᠠᠨ | ᠬᠤᠪᠢᠷᠠᠭᠤᠯᠬᠤ ᠳᠤ ᠬᠦᠷᠪᠡᠯ᠂ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠬᠤᠪᠢᠷᠠᠭᠤᠯᠬᠤ ᠭᠠᠷ ᠭᠦᠢᠴᠡᠳᠬᠡᠯ | ᠬᠢᠬᠦ ᠬᠡᠷᠡᠭᠲᠡᠢ᠃ | ᠠᠷᠪᠠᠨ ᠬᠤᠶᠠᠳᠤᠭᠠᠷ ᠵᠤᠷᠪᠤᠰ ᠲᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ | ᠡᠵᠡᠩᠨᠡᠯᠲᠡ ᠶᠢᠨ ᠠᠵᠢᠯᠯᠠᠭ᠎ᠠ ᠪᠠᠨ ᠵᠣᠭᠰᠣᠭᠰᠠᠨ ᠪᠠᠶᠢᠪᠠᠯ᠂ ᠳᠠᠩᠰᠠᠯᠠᠭᠤᠯᠤᠭᠰᠠᠨ ᠪᠠᠶᠢᠭᠤᠯᠭ᠎ᠠ ᠳᠤ ᠬᠦᠷᠴᠦ | ᠳᠠᠩᠰᠠᠯᠠᠯᠲᠠ ᠪᠠᠨ ᠬᠠᠰᠤᠭᠤᠯᠬᠤ ᠬᠡᠷᠡᠭᠲᠡᠢ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 20 | —22 ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=ff80808175ba75c00175bbbc900d3bae®ionCode=150421000000&highlight=personal&record=istrue |