ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠠᠩᠰᠠᠯᠠᠯᠲᠠ ᠶᠢ ᠬᠠᠰᠤᠬᠤ
ᠨᠡᠶᠢᠲᠡᠯᠡᠭᠰᠡᠨ ᠴᠠᠭ᠄
2022/3/9
ᠬᠦᠯᠢᠶᠡᠨ ᠰᠢᠢᠳᠪᠦᠷᠢᠯᠡᠬᠦ ᠨᠥᠬᠦᠴᠡᠯ        ᠲᠤᠰᠢᠶᠠᠭᠰᠠᠨ ᠮᠠᠲ᠋ᠧᠷᠢᠶᠠᠯ ᠨᠢ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠵᠦᠢᠯ ᠵᠤᠷᠪᠤᠰ ᠤᠨ ᠲᠣᠭᠲᠠᠭᠠᠯ ᠳᠤ ᠨᠡᠶᠢᠴᠡᠭᠰᠡᠨ ᠪᠠᠶᠢᠬᠤ᠃ᠲᠣᠭᠲᠠᠭᠠᠭᠰᠠᠨ ᠦᠨᠳᠦᠰᠦᠯᠡᠯ        ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠦᠷᠢᠮ︾        ᠭᠤᠷᠪᠠᠳᠤᠭᠠᠷ ᠵᠤᠷᠪᠤᠰ ᠲᠤ᠂ ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠪᠠᠶᠢᠭᠤᠯᠤᠭᠰᠠᠨ ᠦᠭᠡᠢ ᠬᠤᠳᠠ᠂ ᠬᠤᠳᠠ ᠶᠢᠨ ᠬᠠᠷᠢᠶ᠎ᠠ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠳᠠᠩᠰᠠᠯᠠᠬᠤ ᠪᠠᠶᠢᠭᠤᠯᠭ᠎ᠠ ︵ᠳᠣᠣᠷ᠎ᠠ ᠳᠠᠩᠰᠠᠯᠠᠬᠤ ᠪᠠᠶᠢᠭᠤᠯᠭ᠎ᠠ ᠭᠡᠵᠦ ᠳᠥᠭᠦᠮᠴᠢᠯᠡᠨ᠎ᠡ︶ ᠪᠣᠯᠣᠨ᠎ᠠ᠃ ᠳᠠᠩᠰᠠᠯᠠᠬᠤ ᠪᠠᠶᠢᠭᠤᠯᠭ᠎ᠠ  ᠨᠢ ᠲᠦᠷᠦ ᠶᠢᠨ ᠶᠠᠪᠤᠳᠠᠯ ᠤᠨ ᠬᠤᠷᠢᠶᠠᠨ ᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ᠂ ᠲᠡᠭᠦᠨ ᠤ ᠳᠣᠣᠷ᠎ᠠ ᠱᠠᠲᠤᠨ ᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠭᠠᠵᠠᠷ ᠲᠤ ᠨᠠᠶᠢᠳᠠᠵᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠠᠩᠰᠠᠯᠠᠬᠤ ᠭᠦᠢᠴᠡᠳᠬᠡᠯ ᠬᠢᠵᠦ ᠪᠣᠯᠣᠨ᠎ᠠ᠃        ᠨᠠᠢᠮᠠᠳᠤᠭᠠᠷ ᠵᠤᠷᠪᠤᠰ ᠲᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠪᠠᠷ ᠳᠠᠩᠰᠠᠯᠠᠭᠤᠯᠬᠤ ᠪᠠᠷ ᠭᠤᠶᠤᠴᠢᠯᠠᠬᠤ ᠳᠤ ᠡᠵᠡᠩᠨᠡᠯᠲᠡ ᠶᠢᠨ ᠲᠠᠯᠠᠪᠤᠷ ᠤᠨ ᠪᠠᠶᠢᠭ᠎ᠠ ᠭᠠᠵᠠᠷ ᠤᠨ ᠳᠠᠩᠰᠠᠯᠠᠬᠤ ᠪᠠᠶᠢᠭᠤᠯᠭ᠎ᠠ ᠳᠤ ᠳᠠᠩᠰᠠᠯᠠᠭᠤᠯᠬᠤ ᠪᠠᠷ ᠭᠤᠶᠤᠴᠢᠯᠠᠬᠤ ᠬᠡᠷᠡᠭᠲᠡᠢ᠃ ᠭᠤᠶᠤᠴᠢᠯᠠᠭᠴᠢ ᠨᠢ ᠳᠠᠩᠰᠠᠯᠠᠭᠤᠯᠬᠤ ᠭᠤᠶᠤᠴᠢᠯᠠᠯ ᠤᠨ ᠪᠢᠴᠢᠭ᠂ ᠪᠡᠶ᠎ᠡ ᠶᠢᠨ ᠬᠢᠷᠢ ᠬᠡᠮ ᠤᠨ ᠭᠡᠷᠡᠴᠢ ᠪᠠ ᠡᠵᠡᠩᠨᠡᠯᠲᠡ ᠶᠢᠨ ᠭᠠᠵᠠᠷ ᠤᠨ ᠭᠡᠷᠡᠴᠢ ᠶᠢ ᠲᠤᠰᠢᠶᠠᠬᠤ ᠬᠡᠷᠡᠭᠲᠡᠢ᠃        ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠳᠠᠩᠰᠠᠯᠠᠭᠤᠯᠬᠤ ᠵᠦᠢᠯ ᠳᠤ ᠡᠵᠡᠩᠨᠡᠭᠴᠢ ᠶᠢᠨ ᠣᠪᠣᠭ ᠨᠡᠷ᠎ᠡ ᠪᠠ ᠣᠷᠣᠨ ᠰᠠᠭᠤᠴᠠ᠂ ᠪᠦᠷᠢᠯᠳᠦᠭᠰᠡᠨ ᠬᠡᠯᠪᠡᠷᠢ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ᠂ ᠡᠵᠡᠩᠨᠡᠯᠲᠡ ᠶᠢᠨ ᠲᠠᠯᠠᠪᠤᠷ ᠪᠠᠭᠲᠠᠨ᠎ᠠ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠨᠡᠷᠡᠶᠢᠳᠦᠯ ᠬᠡᠷᠡᠭᠯᠡᠭᠰᠡᠨ ᠪᠠᠶᠢᠪᠠᠯ᠂ ᠨᠡᠷᠡᠶᠢᠳᠦᠯ ᠢ ᠳᠠᠩᠰᠠᠯᠠᠭᠤᠯᠬᠤ ᠵᠦᠢᠯ ᠪᠣᠯᠭᠠᠨ᠎ᠠ᠃        ᠠᠷᠪᠠᠳᠤᠭᠠᠷ ᠵᠤᠷᠪᠤᠰ ᠲᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠳᠠᠩᠰᠠᠯᠠᠭᠤᠯᠤᠭᠰᠠᠨ ᠵᠦᠢᠯ ᠢ ᠬᠤᠪᠢᠷᠠᠭᠤᠯᠬᠤ ᠳᠤ ᠬᠦᠷᠪᠡᠯ᠂ ᠳᠠᠩᠰᠠᠯᠠᠭᠤᠯᠤᠭᠰᠠᠨ ᠪᠠᠶᠢᠭᠤᠯᠭ᠎ᠠ ᠳᠤ ᠬᠤᠪᠢᠷᠠᠭᠤᠯᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠬᠡᠷᠡᠭᠲᠡᠢ᠃        ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠡᠵᠡᠩᠨᠡᠭᠴᠢ ᠪᠠᠨ ᠬᠤᠪᠢᠷᠠᠭᠤᠯᠬᠤ ᠳᠤ ᠬᠦᠷᠪᠡᠯ᠂ ᠳᠠᠩᠰᠠᠯᠠᠯᠲᠠ ᠪᠠᠨ ᠬᠠᠰᠤᠭᠤᠯᠤᠭᠰᠠᠨ ᠤ ᠲᠡᠷᠠᠭ᠎ᠠ᠂ ᠰᠢᠨ᠎ᠡ ᠡᠵᠡᠩᠨᠡᠭᠴᠢ ᠲᠠᠬᠢᠨ ᠳᠠᠩᠰᠠᠯᠠᠭᠤᠯᠤᠨ ᠪᠦᠷᠢᠳᠬᠡᠭᠦᠯᠬᠦ ᠪᠠᠷ ᠭᠤᠶᠤᠴᠢᠯᠠᠬᠤ ᠬᠡᠷᠡᠭᠲᠡᠢ᠃ ᠭᠡᠷ ᠪᠦᠯᠢ ᠪᠠᠷ ᠡᠵᠡᠩᠨᠡᠵᠦ ᠪᠠᠶᠢᠭ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠭᠡᠷ ᠪᠦᠯᠢ ᠶᠢᠨ ᠪᠦᠷᠢᠯᠳᠦᠭᠦᠨ ᠤ ᠪᠠᠨ ᠬᠤᠭᠤᠷᠣᠨᠳᠤ ᠪᠠᠨ ᠡᠵᠡᠩᠨᠡᠭᠴᠢ ᠪᠠᠨ ᠬᠤᠪᠢᠷᠠᠭᠤᠯᠬᠤ ᠳᠤ ᠬᠦᠷᠪᠡᠯ᠂ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠬᠤᠪᠢᠷᠠᠭᠤᠯᠬᠤ ᠭᠠᠷ ᠭᠦᠢᠴᠡᠳᠬᠡᠯ ᠬᠢᠬᠦ ᠬᠡᠷᠡᠭᠲᠡᠢ᠃        ᠠᠷᠪᠠᠨ ᠬᠤᠶᠠᠳᠤᠭᠠᠷ ᠵᠤᠷᠪᠤᠰ ᠲᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠡᠵᠡᠩᠨᠡᠯᠲᠡ ᠶᠢᠨ ᠠᠵᠢᠯᠯᠠᠭ᠎ᠠ ᠪᠠᠨ ᠵᠣᠭᠰᠣᠭᠰᠠᠨ ᠪᠠᠶᠢᠪᠠᠯ᠂ ᠳᠠᠩᠰᠠᠯᠠᠭᠤᠯᠤᠭᠰᠠᠨ ᠪᠠᠶᠢᠭᠤᠯᠭ᠎ᠠ ᠳᠤ ᠬᠦᠷᠴᠦ ᠳᠠᠩᠰᠠᠯᠠᠯᠲᠠ ᠪᠠᠨ ᠬᠠᠰᠤᠭᠤᠯᠬᠤ ᠬᠡᠷᠡᠭᠲᠡᠢ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 20 — 22 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff80808175ba75c00175bbbd5d4e3caa®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号