ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ | 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ | ᠬᠡᠪᠴᠢᠶᠡᠨ ᠳᠤ ᠬᠠᠷᠢᠶᠠᠯᠠᠭᠳᠠᠬᠤ᠃ 2. ᠭᠤᠶᠤᠴᠢᠯᠠᠭᠴᠢ ᠶᠢᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠨᠢ | ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ᠃ 3. ᠭᠤᠶᠤᠴᠢᠯᠠᠭᠴᠢ ᠵᠠᠰᠠᠭ ᠵᠠᠬᠢᠷᠭᠠᠨ ᠤ | ᠵᠥᠪᠰᠢᠶᠡᠷᠡᠯ ᠢ ᠭᠦᠢᠴᠡᠳᠬᠡᠬᠦ ᠳᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ ᠨᠢᠭᠡ | ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠢ ᠪᠦᠷᠢᠨ ᠭᠦᠢᠴᠡᠳ ᠬᠠᠩᠭᠠᠭᠰᠠᠨ ᠪᠤᠶᠤ ᠪᠦᠷᠢᠨ ᠭᠦᠢᠴᠡᠳ | ᠨᠥᠬᠦᠪᠦᠷᠢᠯᠡᠭᠰᠡᠨ᠃ | ︵ᠬᠤᠶᠠᠷ︶ ᠦᠯᠦ ᠵᠥᠪᠰᠢᠶᠡᠷᠡᠭᠰᠡᠨ ᠪᠠᠶᠢᠳᠠᠯ᠄ | 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ | ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠠᠶᠢᠬᠤ᠃ 2. ᠭᠤᠶᠤᠴᠢᠯᠠᠭᠴᠢ ᠶᠢᠨ ᠲᠤᠰᠢᠶᠠᠭᠰᠠᠨ | ᠭᠤᠶᠤᠴᠢᠯᠠᠯ ᠤᠨ ᠮᠠᠲ᠋ᠧᠷᠢᠶᠠᠯ ᠨᠢ ᠪᠣᠳᠠᠲᠠᠢ ᠲᠠᠢ ᠨᠡᠶᠢᠴᠡᠬᠦ ᠦᠭᠡᠢ᠃ | ︵ᠭᠤᠷᠪᠠ︶ ᠲᠣᠳᠣᠷᠬᠠᠶᠢᠯᠠᠬᠤ ᠴᠢᠬᠤᠯᠠᠲᠠᠢ ᠪᠤᠰᠤᠳ ᠪᠠᠶᠢᠳᠠᠯ᠄ | ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠪᠠᠶᠢᠬᠤ ᠦᠭᠡᠢ᠃ | | ᠲᠣᠭᠲᠠᠭᠠᠭᠰᠠᠨ ᠦᠨᠳᠦᠰᠦᠯᠡᠯ | ︽ᠲᠠᠷᠢᠶᠠᠨ ᠡᠮ ᠤᠨ ᠬᠠᠮᠢᠶᠠᠷᠤᠯᠲᠠ ᠶᠢᠨ ᠳᠦᠷᠢᠮ︾ ︵1997 ᠣᠨ ᠤ 5 ᠰᠠᠷ᠎ᠠ ᠶᠢᠨ 8 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ 216 ᠳ᠋ᠤᠭᠠᠷ ᠵᠠᠷᠯᠢᠭ ᠢᠶᠠᠷ ᠨᠡᠶᠢᠲᠡᠯᠡᠵᠦ᠂ 2017 ᠣᠨ ᠤ 3 ᠰᠠᠷ᠎ᠠ ᠶᠢᠨ | 16 ᠤ ᠡᠳᠦᠷ ᠵᠠᠰᠠᠪᠤᠷᠢ ᠣᠷᠣᠭᠤᠯᠤᠭᠰᠠᠨ︶ ᠤᠨ ᠬᠤᠷᠢᠨ ᠳᠥᠷᠪᠡᠳᠦᠭᠡᠷ ᠵᠤᠷᠪᠤᠰ᠄ ᠤᠯᠤᠰ ᠠᠴᠠ ᠲᠠᠷᠢᠶᠠᠨ ᠡᠮ | ᠡᠵᠡᠩᠨᠡᠬᠦ ᠵᠥᠪᠰᠢᠶᠡᠷᠡᠯ ᠤᠨ ᠳᠦᠷᠢᠮ ᠢ ᠬᠡᠷᠡᠭᠵᠢᠭᠦᠯᠦᠨ᠎ᠡ᠂ ᠭᠡᠪᠡᠴᠦ ᠡᠷᠡᠭᠦᠯ ᠬᠠᠮᠠᠭᠠᠯᠠᠯ ᠳᠤ ᠬᠡᠷᠡᠭᠯᠡᠬᠦ ᠲᠠᠷᠢᠶᠠᠨ ᠡᠮ | ᠡᠵᠡᠩᠨᠡᠵᠦ ᠪᠠᠶᠢᠭ᠎ᠠ ᠠᠴᠠ ᠭᠠᠳᠠᠨ᠎ᠠ᠃ ᠲᠠᠷᠢᠶᠠᠨ ᠡᠮ ᠡᠵᠡᠩᠨᠡᠭᠴᠢ ᠨᠥᠬᠦᠴᠡᠯ ᠪᠦᠷᠢᠯᠳᠦᠭᠦᠯᠬᠦ ᠬᠡᠷᠡᠭᠲᠡᠢ ᠪᠥᠭᠡᠳ | ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ | ᠶᠣᠰᠣᠭᠠᠷ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠲᠠᠷᠢᠶᠠᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ | ᠭᠤᠶᠤᠴᠢᠯᠠᠬᠤ ᠬᠡᠷᠡᠭᠲᠡᠢ᠄ ︵ᠨᠢᠭᠡ︶ ᠲᠠᠷᠢᠶᠠᠨ ᠡᠮ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ | ᠵᠠᠰᠠᠬᠤ ᠲᠤᠰᠬᠠᠢ ᠮᠡᠷᠭᠡᠵᠢᠯ ᠤᠨ ᠮᠡᠳᠡᠯᠭᠡ ᠲᠠᠢ᠂ ᠲᠠᠷᠢᠶᠠᠨ ᠡᠮ ᠤᠨ ᠬᠠᠮᠢᠶᠠᠷᠤᠯᠲᠠ ᠶᠢᠨ ᠲᠣᠭᠲᠠᠭᠠᠯ ᠢ ᠰᠠᠶᠢᠨ | ᠮᠡᠳᠡᠳᠡᠭ᠂ ᠲᠠᠷᠢᠶᠠᠨ ᠡᠮ ᠢ ᠠᠶᠤᠯᠭᠦᠢ ᠪᠥᠭᠡᠳ ᠵᠦᠢ ᠵᠣᠬᠢᠰᠲᠠᠢ ᠬᠡᠷᠡᠭᠯᠡᠬᠦ ᠶᠢ ᠵᠢᠯᠤᠭᠤᠳᠴᠤ ᠴᠢᠳᠠᠬᠤ | ᠡᠵᠡᠩᠨᠡᠯᠲᠡ ᠶᠢᠨ ᠠᠵᠢᠯᠲᠠᠨ ᠲᠠᠢ ᠪᠠᠶᠢᠬᠤ᠃ ︵ᠬᠤᠶᠠᠷ︶ ᠪᠤᠰᠤᠳ ᠲᠠᠸᠠᠷ ᠵᠢᠴᠢ ᠤᠤᠭᠤᠬᠤ ᠤᠰᠤᠨ ᠤ ᠡᠬᠢ | ᠰᠤᠷᠪᠤᠯᠵᠢ᠂ ᠠᠮᠢᠳᠤᠷᠠᠯ ᠤᠨ ᠲᠣᠭᠤᠷᠢᠭ ᠵᠡᠷᠭᠡ ᠠᠴᠠ ᠪᠦᠲᠦᠮᠵᠢᠲᠡᠶ ᠲᠤᠰᠠᠭᠠᠷᠯᠠᠭᠰᠠᠨ ᠡᠵᠡᠩᠨᠡᠯᠲᠡ ᠶᠢᠨ ᠲᠠᠯᠠᠪᠤᠷ | ᠪᠠ ᠬᠥᠮᠥᠷᠭᠡᠯᠡᠨ ᠬᠠᠳᠠᠭᠠᠯᠠᠬᠤ ᠲᠠᠯᠠᠪᠤᠷ ᠲᠠᠢ ᠪᠠᠶᠢᠬᠤ ᠶᠢᠨ ᠬᠠᠮᠲᠤ ᠡᠵᠡᠩᠨᠡᠬᠦ ᠪᠠᠷ ᠭᠤᠶᠤᠴᠢᠯᠠᠭᠰᠠᠨ ᠲᠠᠷᠢᠶᠠᠨ | ᠡᠮ ᠲᠠᠢ ᠪᠠᠨ ᠵᠣᠬᠢᠴᠠᠭᠰᠠᠨ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠢ᠃ ︵ᠭᠤᠷᠪᠠ︶ | ᠡᠵᠡᠩᠨᠡᠬᠦ ᠪᠠᠷ ᠭᠤᠶᠤᠴᠢᠯᠠᠭᠰᠠᠨ ᠲᠠᠷᠢᠶᠠᠨ ᠡᠮ ᠲᠠᠢ ᠪᠠᠨ ᠵᠣᠬᠢᠴᠠᠯᠳᠤᠭᠰᠠᠨ ᠶᠠᠰᠤ ᠴᠢᠨᠠᠷ ᠤᠨ ᠬᠠᠮᠢᠶᠠᠷᠤᠯᠲᠠ᠂ ᠡᠬᠡ | ᠲᠠᠩᠰᠠ ᠶᠢᠨ ᠲᠡᠮᠳᠡᠭᠯᠡᠯ᠂ ᠠᠮᠤᠷ ᠲᠦᠪᠰᠢᠨ ᠤ ᠰᠡᠷᠭᠡᠶᠢᠯᠡᠯᠲᠡ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ | ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ ᠵᠡᠷᠭᠡ ᠳᠦᠷᠢᠮ ᠲᠠᠢ ᠪᠠᠶᠢᠬᠤ᠃ ᠬᠡᠷᠡᠭᠯᠡᠬᠦ ᠶᠢ ᠬᠢᠵᠠᠭᠠᠷᠯᠠᠭᠰᠠᠨ ᠲᠠᠷᠢᠶᠠᠨ | ᠡᠮ ᠡᠵᠡᠩᠨᠡᠬᠦ ᠳᠤ ᠪᠠᠰᠠ ᠡᠮ ᠬᠡᠷᠡᠭᠯᠡᠬᠦ ᠵᠢᠯᠣᠭᠤᠳᠤᠯᠭ᠎ᠠ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ | ᠵᠠᠰᠠᠬᠤ ᠲᠤᠰᠬᠠᠢ ᠮᠡᠷᠭᠡᠵᠢᠯ ᠤᠨ ᠠᠵᠢᠯᠲᠠᠨ ᠲᠣᠬᠢᠷᠠᠭᠤᠯᠬᠤ ᠬᠡᠷᠡᠭᠲᠡᠢ ᠪᠥᠭᠡᠳ ᠪᠠᠶᠢᠭ᠎ᠠ ᠭᠠᠵᠠᠷ ᠤᠨ ᠢᠶᠠᠨ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠴᠡᠭ ᠲᠣᠭᠲᠠᠭᠠᠨ ᠡᠵᠡᠩᠨᠡᠬᠦ | ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠭᠤᠶᠤᠴᠢᠯᠠᠯ ᠢ ᠭᠥᠯᠢᠶᠡᠨ ᠠᠪᠤᠭᠰᠠᠨ ᠡᠳᠦᠷ ᠠᠴᠠ | ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠭᠰᠡᠨ ᠲᠣᠭᠲᠠᠭᠠᠯ ᠭᠠᠷᠭᠠᠬᠤ ᠬᠡᠷᠡᠭᠲᠡᠢ᠃ | ᠨᠥᠬᠦᠴᠡᠯ ᠳᠤ ᠨᠡᠶᠢᠴᠡᠭᠰᠡᠨ ᠪᠣᠯ ᠲᠠᠷᠢᠶᠠᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠨ᠎ᠠ᠃ | ᠨᠥᠬᠦᠴᠡᠯ ᠳᠤ ᠨᠡᠶᠢᠴᠡᠬᠦ ᠦᠭᠡᠢ ᠪᠣᠯ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ | ᠰᠢᠯᠲᠠᠭᠠᠨ ᠢ ᠲᠣᠳᠣᠷᠬᠠᠶᠢᠯᠠᠨ᠎ᠠ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 38 ᠳ᠋ᠤᠭᠠᠷ | ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=ff80808175aab3dd0175aadf1a9a18cc®ionCode=150421000000&highlight=personal&record=istrue |