ᠨᠢᠭᠡ᠂ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ | ᠭᠤᠤᠯ ᠡᠭᠦᠷᠭᠡ ᠬᠠᠷᠢᠭᠤᠴᠠᠯᠭ᠎ᠠ᠄ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ | ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠳᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠥᠬᠦ | ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠲᠦᠷᠢᠮ ᠤᠨ | ᠪᠠᠲᠤᠯᠠᠭ᠎ᠠ᠂ ᠬᠠᠮᠢᠶᠠᠷᠤᠯᠲᠠ ᠶᠢᠨ ᠪᠠᠶᠢᠭᠤᠯᠤᠮᠵᠢ᠂ ᠠᠵᠢᠯᠲᠠᠨ ᠪᠠ ᠢᠨᠵᠧᠨᠧᠷᠢᠩ ᠤᠨ ᠠᠵᠢᠯᠯᠠᠭᠠᠨ ᠤ | ᠬᠠᠮᠢᠶᠠᠷᠤᠯᠲᠠ ᠶᠢᠨ ᠵᠠᠷᠤᠳᠠᠯ ᠴᠤᠭᠯᠠᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠵᠦ᠂ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ | ᠬᠠᠷᠢᠭᠤᠴᠠᠯᠭᠠᠲᠠᠨ᠄ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠣᠷᠣᠯᠠᠭᠴᠢ ᠳᠠᠷᠤᠭ᠎ᠠ ᠴᠧᠨ ᠬᠤ᠋ ᠨᠠᠠ᠃ | ᠬᠤᠶᠠᠷ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ | ᠭᠤᠤᠯ ᠡᠭᠦᠷᠭᠡ ᠬᠠᠷᠢᠭᠤᠴᠠᠯᠭ᠎ᠠ᠄ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ | ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ | ᠬᠠᠮᠢᠶᠠᠷᠤᠯᠲᠠ ᠳᠤ ᠬᠢᠨᠠᠯᠲᠠᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠮᠠᠯᠵᠢᠬᠤ ᠲᠠᠷᠢᠶᠠᠯᠠᠬᠤ | ᠣᠷᠣᠨ ᠤ ᠤᠤᠭᠤᠬᠤ ᠤᠰᠤᠨ ᠤ ᠠᠶᠤᠯ ᠥᠭᠡᠢ ᠶᠢᠨ ᠲᠥᠯᠥᠪᠵᠢᠭᠦᠯᠭᠡ᠂ ᠲᠥᠷᠥᠯ ᠵᠦᠢᠯ ᠤᠨ ᠬᠡᠷᠡᠭᠵᠢᠭᠦᠯᠬᠦ | ᠲᠥᠰᠦᠯ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠨᠥᠭᠡᠴᠡᠯᠡᠬᠦ᠂ ᠪᠡᠯᠡ ᠮᠥᠩᠭᠦ ᠤᠯᠬᠤ ᠵᠡᠷᠭᠡ ᠡᠮᠦᠨᠡᠬᠢ | ᠬᠤᠭᠤᠴᠠᠭᠠᠨ ᠤ ᠠᠵᠢᠯ ᠢ ᠬᠠᠷᠢᠭᠤᠴᠠᠨ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠤᠤᠭᠤᠬᠤ ᠤᠰᠤᠨ ᠤ | ᠠᠮᠤᠷ ᠲᠥᠪᠰᠢᠨ ᠤ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠪᠣᠯᠤᠨ ᠠᠵᠢᠯᠯᠠᠭᠠᠨ ᠤ ᠬᠠᠮᠢᠶᠠᠷᠤᠯᠲᠠ ᠶᠢᠨ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠢᠯᠣᠭᠤᠳᠴᠤ᠂ ᠬᠢᠨᠠᠯᠲᠠ ᠲᠠᠯᠪᠢᠨ᠎ᠠ᠃ | ᠬᠠᠷᠢᠭᠤᠴᠠᠯᠭᠠᠲᠠᠨ᠄ ᠠᠷᠤ ᠬᠤᠷᠴᠢᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ | ᠵᠠᠩ ᠯᠢ ᠵᠧᠩ ᠃ | ᠭᠤᠷᠪᠠ᠂ ᠤᠰᠤ ᠬᠠᠩᠭᠠᠬᠤ ᠡᠯ᠎ᠡ ᠨᠢᠭᠡᠴᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ | ᠭᠤᠤᠯ ᠡᠭᠦᠷᠭᠡ ᠬᠠᠷᠢᠭᠤᠴᠠᠯᠭ᠎ᠠ᠄ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ | ᠪᠣᠯ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭᠠᠲᠤ ᠨᠢᠭᠡᠴᠢ ᠪᠠᠶᠢᠵᠤ᠂ | ᠬᠠᠷᠢᠶᠠᠲᠤ ᠣᠷᠣᠨ ᠤ ᠳᠣᠲᠣᠷᠠᠬᠢ ᠤᠤᠭᠤᠬᠤ ᠤᠰᠤᠨ ᠤ ᠠᠮᠤᠷ ᠲᠦᠪᠰᠢᠨ ᠤ ᠲᠦᠷᠢᠮ ᠤᠨ ᠪᠠᠲᠤᠯᠠᠭ᠎ᠠ᠂ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠭᠠᠴᠠᠭ᠎ᠠ ᠲᠣᠰᠬᠤᠨ ᠤ ᠠᠵᠢᠯᠯᠠᠭᠠᠨ ᠤ | ᠬᠠᠮᠢᠶᠠᠷᠤᠯᠲᠠ ᠶᠢᠨ ᠬᠠᠷᠢᠭᠤᠴᠠᠯᠭᠠᠲᠠᠨ ᠢ ᠲᠣᠳᠣᠷᠬᠠᠶᠢᠯᠠᠨ᠎ᠠ᠃ ᠤᠰᠤ ᠬᠡᠷᠡᠭᠯᠡᠬᠦ ᠡᠷᠦᠬᠡ ᠳᠤ ᠤᠰᠤᠨ ᠤ ᠴᠢᠨᠠᠷ᠂ | ᠤᠰᠤᠨ ᠤ ᠬᠡᠮᠵᠢᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠤᠰᠤ ᠬᠠᠩᠭᠠᠬᠤ ᠦᠢᠯᠡᠴᠢᠯᠡᠭᠡ ᠬᠠᠩᠭᠠᠬᠤ ᠶᠢ | ᠬᠠᠷᠢᠭᠤᠴᠠᠵᠤ᠂ ᠬᠡᠪ ᠤᠨ ᠤᠰᠤᠨ ᠤ ᠬᠠᠩᠭᠠᠯᠭ᠎ᠠ ᠶᠢ ᠪᠠᠲᠤᠯᠠᠨ᠂ ᠵᠣᠬᠢᠬᠤ ᠠᠵᠢᠯᠲᠠᠨ ᠢ ᠨᠠᠶᠢᠳᠠᠪᠤᠷᠢᠵᠢᠭᠤᠯᠵᠤ᠂ | ᠤᠰᠤᠨ ᠤ ᠡᠬᠢ ᠰᠤᠷᠪᠤᠯᠵᠢ ᠶᠢ ᠲᠣᠭᠤᠷᠢᠨ ᠪᠠᠶᠢᠴᠠᠭᠠᠬᠤ᠂ ᠪᠠᠷᠢᠯᠭ᠎ᠠ ᠶᠢᠨ ᠠᠵᠢᠯᠯᠠᠭᠠᠨ ᠤ ᠬᠠᠮᠢᠶᠠᠷᠤᠯᠲᠠ᠂ | ᠤᠰᠤᠨ ᠤ ᠴᠢᠨᠠᠷ ᠢ ᠪᠠᠶᠢᠴᠠᠭᠠᠨ ᠰᠢᠯᠭᠠᠬᠤ᠂ ᠤᠰᠤᠨ ᠤ ᠰᠦᠢᠳᠬᠡᠯ ᠢ ᠪᠤᠳᠤᠵᠤ ᠬᠤᠷᠢᠶᠠᠬᠤ ᠪᠠ ᠰᠡᠯᠪᠢᠨ ᠵᠠᠰᠠᠵᠤ | ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠨ᠎ᠠ᠃ | | ᠠᠷᠤ ᠬᠤᠷᠴᠢᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ | 2022 ᠣᠨ ᠤ 4 ᠰᠠᠷ᠎ᠠ ᠶᠢᠨ 11 ᠤ ᠡᠳᠦᠷ | | | ᠳᠠᠭᠠᠯᠳᠤᠭᠤᠯᠤᠯ ᠬᠦᠰᠦᠨᠦᠭᠲᠦ | | |