ᠠᠷᠤ ᠵᠠᠰᠠᠭ ᠠᠯᠪᠠᠨ ᠲᠠᠷᠬᠠᠭᠠᠭᠰᠠᠨ ﹇2022﹈ 25 ᠳ᠋ᠤᠭᠠᠷ ᠲᠣᠭᠠᠲᠤ | | ᠠᠷᠤ ᠬᠤᠷᠴᠢᠨ ᠬᠤᠰᠢᠭᠤᠨ ᠤ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢ ᠰᠡᠷᠭᠦᠭᠡᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠲᠤ᠄ | ︽ᠠᠷᠤ ᠬᠤᠷᠴᠢᠨ ᠬᠤᠰᠢᠭᠤᠨ ᠤ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢ ᠰᠡᠷᠭᠦᠭᠡᠬᠦ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠴᠢᠩᠭ᠎ᠠ ᠠᠳᠬᠤᠨ | ᠰᠠᠶᠢᠲᠤᠷ ᠨᠠᠶᠢᠳᠠᠪᠤᠷᠢᠵᠢᠭᠤᠯᠲᠤᠭᠠᠢ᠃ | ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 3 ᠰᠠᠷ᠎ᠠ ᠶᠢᠨ 21 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | ᠠᠷᠤ ᠬᠤᠷᠴᠢᠨ ᠬᠤᠰᠢᠭᠤᠨ ᠤ ᠨᠢᠭᠡᠨᠲᠡ ᠬᠠᠭᠠᠯᠪᠤᠷᠢᠯᠠᠭᠰᠠᠨ ᠨᠤᠲᠤᠭ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠰᠥᠯ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠯᠲᠠ ᠵᠢᠴᠢ ︽ᠳᠠᠬᠢᠨ ᠪᠠᠶᠢᠴᠠᠭᠠᠯᠲᠠ︾᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ | ᠬᠠᠷᠢᠭᠤ ᠲᠤᠰᠬᠠᠭᠰᠠᠨ ᠨᠤᠲᠤᠭ ᠪᠡᠯᠴᠢᠭᠡᠷ ᠢ ᠡᠮᠬᠢ ᠵᠢᠷᠤᠮ ᠦᠭᠡᠢ ᠪᠠᠷ ᠬᠠᠭᠠᠯᠪᠤᠷᠢᠯᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ | ᠵᠠᠰᠠᠯᠲᠠ ᠶᠢ ᠴᠢᠩᠭᠠᠳᠬᠠᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠢ ᠰᠡᠷᠭᠦᠭᠡᠬᠦ ᠶᠢᠨ ᠲᠦᠯᠦᠭᠡ᠂ | ᠠᠵᠢᠯ ᠲᠥᠷᠥᠯ ᠤᠨ ᠮᠡᠷᠭᠡᠵᠢᠯ ᠤᠨ ᠳᠦᠷᠢᠮ ᠢ ᠦᠨᠳᠦᠰᠦᠯᠡᠨ᠂ ︽ᠠᠷᠤ ᠬᠤᠷᠴᠢᠨ ᠬᠤᠰᠢᠭᠤᠨ ᠤ ᠨᠢᠭᠡᠨᠲᠡ | ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠮᠬᠢ ᠵᠢᠷᠤᠮ ᠢ ᠵᠢᠷᠤᠮᠵᠢᠭᠤᠯᠤᠨ ᠴᠡᠭᠴᠡᠯᠡᠨ ᠵᠠᠰᠠᠬᠤ | ᠲᠤᠰᠬᠠᠢ ᠠᠵᠢᠯᠯᠠᠭᠠᠨ ᠤ ᠠᠵᠢᠯ ᠤᠨ ᠲᠥᠰᠥᠯ︾ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠨᠠᠷᠢᠨ ᠬᠢᠨᠠᠮᠠᠭᠠᠢ | ᠰᠤᠳᠤᠯᠬᠤ ᠪᠠᠷ ᠳᠡᠮᠵᠢᠨ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠦᠨᠡᠯᠡᠰᠢ | ᠦᠭᠡᠢ ᠥᠪ ᠡᠷᠳᠡᠨᠢ︾ ᠭᠡᠬᠦ ᠣᠨᠣᠯᠵᠢᠬᠤᠨ ᠢ ᠪᠠᠲᠤ ᠪᠣᠶ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠳᠤᠯ ᠦᠭᠡᠢ ᠬᠦᠭᠵᠢᠯᠲᠡ ᠶᠢ ᠪᠠᠷᠢᠮᠲᠠᠯᠠᠨ᠂ ᠠᠮᠢ ᠠᠬᠤᠢ ᠶᠢ ᠰᠡᠷᠭᠦᠭᠡᠨ ᠤᠷᠭᠤᠮᠠᠯ ᠤᠨ ᠬᠤᠴᠢᠯᠭ᠎ᠠ ᠶᠢ | ᠰᠡᠷᠭᠦᠭᠡᠬᠦ᠂ ᠠᠮᠢ ᠠᠬᠤᠢ ᠶᠢ ᠵᠠᠰᠠᠵᠤ ᠤᠷᠭᠤᠮᠠᠯ ᠤᠨ ᠬᠤᠴᠢᠯᠭ᠎ᠠ ᠶᠢ ᠳᠠᠬᠢᠨ ᠪᠦᠷᠢᠳᠦᠭᠦᠯᠬᠦ ᠵᠡᠷᠭᠡ ᠠᠷᠭ᠎ᠠ | ᠬᠡᠮᠵᠢᠶ᠎ᠡ ᠪᠠᠷ ᠳᠡᠮᠵᠢᠨ᠂ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠬᠡᠰᠡᠭ ᠭᠠᠵᠠᠷ ᠢ ᠪᠥᠬᠦ ᠲᠠᠯ᠎ᠠ ᠪᠠᠷ | ᠰᠡᠷᠭᠦᠭᠡᠨ ᠵᠠᠰᠠᠵᠤ᠂ ᠵᠠᠰᠠᠯᠲᠠ ᠶᠢᠨ ᠣᠷᠣᠨ ᠤ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠨᠣᠷᠮ᠎ᠠ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠤᠲᠤᠭ ᠪᠡᠯᠴᠢᠭᠡᠷ ᠤᠨ ᠤᠤᠯ ᠤᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠭᠠᠵᠠᠷ ᠣᠷᠣᠨ ᠤ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠬᠡᠨ ᠬᠠᠭᠠᠯᠪᠤᠷᠢᠯᠠᠪᠠᠯ ᠬᠡᠨ ᠵᠠᠰᠠᠬᠤ ᠵᠠᠷᠴᠢᠮ ᠢ ᠪᠠᠷᠢᠮᠲᠠᠯᠠᠨ᠎ᠠ᠃ ᠬᠠᠭᠠᠯᠪᠤᠷᠢᠯᠠᠬᠤ ᠪᠠᠨ | ᠪᠣᠯᠢᠭᠰᠠᠨ ᠢ ᠵᠠᠷᠯᠠᠭᠰᠠᠨ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠲᠤ ᠬᠤᠰᠢᠭᠤᠨ ᠠᠷᠠᠳ ᠤᠨ ᠵᠠᠰᠠᠭ ᠤᠨ | ᠣᠷᠳᠣᠨ ᠠᠴᠠ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢ ᠬᠢᠨᠠᠨ ᠵᠢᠯᠤᠭᠤᠳᠴᠤ | ᠪᠠᠶᠢᠭᠠᠳ ᠬᠠᠭᠠᠯᠪᠤᠷᠢᠯᠠᠬᠤ ᠪᠠᠨ ᠪᠣᠯᠢᠭᠰᠠᠨ ᠲᠠᠷᠢᠶᠠᠨ ᠭᠠᠵᠠᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ | ᠲᠥᠰᠥᠯ ᠢ ᠲᠣᠭᠲᠠᠭᠠᠵᠤ᠂ ᠰᠡᠷᠭᠦᠭᠡᠬᠦ ᠭᠤᠣᠯ ᠴᠣᠭᠴᠠ ᠶᠢ ᠲᠣᠳᠣᠷᠬᠠᠶᠢᠯᠠᠨ᠂ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠬᠡᠯᠡᠯᠴᠡᠭᠡᠷ ᠲᠣᠭᠲᠠᠵᠤ᠂ ᠤᠷᠭᠤᠮᠠᠯ ᠤᠨ ᠬᠤᠴᠢᠯᠭ᠎ᠠ ᠶᠢ ᠴᠠᠭ ᠲᠤᠬᠠᠢ | ᠳᠤᠨᠢ ᠰᠡᠷᠭᠦᠭᠡᠬᠦ ᠬᠡᠷᠡᠭᠲᠡᠢ᠃ | ︵ᠬᠤᠶᠠᠷ︶ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠨᠢᠭᠡᠳᠦᠯᠲᠡᠢ ᠲᠥᠯᠥᠪᠯᠡᠨ | ᠵᠠᠰᠠᠬᠤ ᠵᠠᠷᠴᠢᠮ ᠢ ᠪᠠᠷᠢᠮᠲᠠᠯᠠᠨ᠎ᠠ᠃ ᠲᠤᠬᠠᠢ ᠶᠢᠨ ᠭᠠᠵᠠᠷ ᠤᠨ ᠨᠤᠲᠤᠭ ᠪᠡᠯᠴᠢᠭᠡᠷ ᠤᠨ ᠲᠥᠷᠥᠯ ᠬᠡᠯᠪᠡᠷᠢ᠂ ᠣᠢ ᠶᠢᠨ | ᠣᠷᠴᠢᠨ ᠤ ᠨᠥᠬᠦᠴᠡᠯ᠂ ᠡᠪᠡᠰᠦ ᠪᠡᠯᠴᠢᠭᠡᠷ ᠮᠠᠯ ᠠᠵᠤ ᠠᠬᠤᠢ ᠶᠢᠨ ᠬᠥᠭᠵᠢᠯᠲᠡ ᠶᠢᠨ ᠡᠬᠢ ᠪᠠᠶᠠᠯᠢᠭ ᠤᠨ | ᠰᠤᠷᠪᠤᠯᠵᠢ ᠵᠡᠷᠭᠡ ᠪᠤᠰᠤᠳᠴᠢ ᠪᠣᠳᠠᠲᠤ ᠪᠠᠶᠢᠳᠠᠯ ᠳᠤ ᠰᠠᠭᠤᠷᠢᠯᠠᠨ᠂ ᠢᠨᠵᠧᠨᠧᠷᠢᠩ ᠢᠶᠠᠷ ᠰᠡᠷᠭᠦᠭᠡᠬᠦ ᠪᠠ ᠠᠶᠠᠨᠳᠠᠭᠠᠨ | ᠰᠡᠷᠭᠦᠭᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠢᠭᠡᠨᠲᠡ ᠬᠠᠭᠠᠯᠪᠤᠷᠢᠯᠠᠭᠰᠠᠨ | ᠨᠤᠲᠤᠭ ᠪᠡᠯᠴᠢᠭᠡᠷ ᠢ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠵᠢᠯᠤᠭᠤᠳᠬᠤ ᠵᠠᠷᠴᠢᠮ᠃ | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠬᠠᠷᠢᠶ᠎ᠠ ᠣᠷᠣᠨ ᠤ ᠪᠠᠨ ᠨᠢᠭᠡᠨᠲᠡ | ᠬᠠᠭᠠᠯᠪᠤᠷᠢᠯᠠᠭᠰᠠᠨ ᠨᠤᠲᠤᠭ ᠪᠡᠯᠴᠢᠭᠡᠷ ᠢ ᠰᠡᠷᠭᠦᠭᠡᠨ ᠵᠠᠰᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ | ᠬᠠᠷᠢᠭᠤᠴᠠᠵᠤ᠂ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠣᠲᠣ ᠶᠢᠨ ᠡᠵᠡᠩᠨᠡᠭᠴᠢ ᠪᠤᠶᠤ ᠥᠮᠴᠢᠯᠡᠭᠴᠢ | ᠯᠦᠭᠡ ᠬᠠᠭᠠᠯᠪᠤᠷᠢᠯᠠᠬᠤ ᠪᠠᠨ ᠪᠣᠯᠢᠬᠤ ᠵᠥᠪᠯᠡᠯᠴᠡᠭᠡᠷ ᠲᠣᠭᠲᠠᠵᠤ᠂ ᠲᠡᠳᠡᠨ ᠢ ᠱᠠᠭᠠᠷᠳᠠᠵᠤ ᠪᠠᠶᠢᠭᠠᠳ ᠲᠣᠭᠲᠠᠭᠰᠠᠨ | ᠴᠠᠭ ᠲᠤᠨᠢ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠬᠡᠷᠡᠭᠲᠡᠢ᠃ ᠬᠤᠰᠢᠭᠤᠨ ᠨᠤᠲᠤᠭ ᠪᠡᠯᠴᠢᠭᠡᠷ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠮᠡᠷᠭᠡᠵᠢᠯ ᠤᠨ | ᠵᠢᠯᠣᠭᠤᠳᠤᠯᠭ᠎ᠠ ᠪᠠ ᠪᠠᠶᠢᠴᠠᠭᠠᠵᠤ ᠰᠢᠯᠭᠠᠨ ᠠᠪᠬᠤ ᠵᠡᠷᠭᠡ ᠠᠵᠢᠯ ᠢ ᠬᠠᠷᠢᠭᠤᠴᠠᠨ᠎ᠠ᠃ | ᠭᠤᠷᠪᠠ᠂ ᠠᠵᠢᠯ ᠤᠨ ᠡᠭᠦᠷᠭᠡ | ᠪᠥᠬᠦ ᠬᠤᠰᠢᠭᠤᠨ ᠤ ᠡᠯ᠎ᠡ ᠭᠠᠵᠠᠷ ᠣᠷᠣᠨ ᠤ ᠥᠩᠭᠡᠷᠡᠭᠰᠡᠨ ᠵᠢᠯ ᠤᠳ ᠲᠤ ᠨᠢᠭᠡᠨᠲᠡ ᠬᠠᠭᠠᠯᠪᠤᠷᠢᠯᠠᠭᠰᠠᠨ | ᠨᠤᠲᠤᠭ ᠪᠡᠯᠴᠢᠭᠡᠷ ᠤᠨ ᠬᠡᠰᠡᠭ ᠭᠠᠵᠠᠷ ︵ᠨᠢᠭᠡᠨᠲᠡ ᠠᠶᠠᠨᠳᠠᠭᠠᠨ ᠰᠡᠷᠭᠦᠭᠰᠡᠨ ᠪᠤᠶᠤ ᠬᠥᠮᠥᠨ ᠤ ᠬᠦᠴᠦ ᠪᠠᠷ | ᠰᠡᠷᠭᠦᠭᠡᠭᠰᠡᠨ ᠬᠡᠰᠡᠭ ᠭᠠᠵᠠᠷ ᠪᠠᠭᠲᠠᠬᠤ ᠦᠭᠡᠢ︶ ᠲᠤ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠎ᠡ᠃ | ᠳᠥᠷᠪᠡ᠂ ᠴᠠᠭ ᠤᠨ ᠲᠣᠬᠢᠷᠠᠭᠤᠯᠤᠯᠲᠠ | ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠵᠢᠯ ᠢ | 2022 ᠣᠨ ᠤ 3 ᠳ᠋ᠤᠭᠠᠷ ᠰᠠᠷ᠎ᠠ ᠠᠴᠠ 2022 ᠣᠨ ᠤ 8 ᠳ᠋ᠤᠭᠠᠷ ᠰᠠᠷ᠎ᠠ ᠶᠢᠨ ᠬᠤᠭᠤᠴᠠᠭᠠᠨ ᠳᠤ | ᠳᠠᠭᠤᠰᠬᠠᠨ᠎ᠠ᠃ | ᠲᠠᠪᠤ᠂ ᠰᠡᠷᠭᠦᠭᠡᠬᠦ ᠠᠷᠭ᠎ᠠ ᠬᠡᠮᠵᠢᠶ᠎ᠡ | ᠤᠰᠤᠨ ᠤ ᠡᠬᠢ ᠰᠤᠷᠪᠤᠯᠵᠢ ᠶᠢᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠲᠤ ᠠᠮᠢ ᠠᠬᠤᠢ ᠶᠢᠨ | ᠵᠠᠰᠠᠯᠲᠠ ᠶᠢᠨ ᠠᠷᠭ᠎ᠠ ᠬᠡᠮᠵᠢᠶ᠎ᠡ ᠠᠪᠴᠤ ᠪᠠᠶᠢᠭᠠᠳ ᠤᠷᠭᠤᠮᠠᠯ ᠤᠨ ᠬᠤᠴᠢᠯᠭ᠎ᠠ ᠶᠢ ᠲᠠᠬᠢᠨ ᠪᠦᠷᠢᠳᠦᠭᠦᠯᠵᠦ᠂ ᠴᠢᠨᠠᠷ | ᠰᠠᠶᠢᠲᠠᠢ ᠥᠨᠳᠥᠷ ᠬᠤᠷᠢᠶᠠᠯᠲᠠ ᠲᠠᠢ ᠬᠠᠳᠤᠯᠠᠩ ᠪᠠ ᠪᠡᠯᠴᠢᠭᠡᠷ ᠤᠨ ᠲᠠᠯᠠᠪᠠᠢ ᠶᠢ ᠪᠠᠶᠢᠭᠤᠯᠵᠤ ᠪᠣᠯᠣᠨ᠎ᠠ᠂ ᠪᠤᠰᠤᠳ | ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠢ ᠠᠮᠢ ᠠᠬᠤᠢ ᠶᠢ ᠰᠡᠷᠭᠦᠭᠡᠬᠦ ᠠᠷᠭ᠎ᠠ ᠬᠡᠮᠵᠢᠶ᠎ᠡ ᠲᠠᠢ | ᠤᠶᠠᠯᠳᠤᠭᠤᠯᠤᠨ᠂ ᠤᠷᠭᠤᠮᠠᠯ ᠤᠨ ᠬᠤᠴᠢᠯᠭ᠎ᠠ ᠶᠢ ᠪᠦᠬᠦᠨ ᠢ ᠠᠶᠠᠨᠳᠠᠭᠠᠨ ᠰᠡᠷᠭᠦᠭᠡᠨ᠎ᠡ ᠃ | ︵ᠨᠢᠭᠡ︶ ᠠᠮᠢ ᠠᠬᠤᠢ ᠶᠢ ᠵᠠᠰᠠᠵᠤ ᠤᠷᠭᠤᠮᠠᠯ ᠤᠨ ᠬᠤᠴᠢᠯᠭ᠎ᠠ ᠶᠢ ᠳᠠᠬᠢᠨ ᠪᠦᠷᠢᠳᠦᠭᠦᠯᠦᠨ᠎ᠡ᠃ ᠣᠯᠠᠨ | ᠨᠠᠰᠤᠲᠤ ᠴᠢᠨᠠᠷ ᠰᠠᠶᠢᠲᠠᠢ ᠲᠡᠵᠢᠭᠡᠯ ᠡᠪᠡᠰᠦ ᠶᠢ ᠬᠥᠮᠥᠨ ᠤ ᠬᠦᠴᠦ ᠪᠠᠷ ᠳᠠᠷᠢᠵᠤ᠂ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢ ᠳᠠᠬᠢᠨ ᠪᠦᠷᠢᠳᠦᠭᠦᠯᠵᠦ᠂ ᠴᠢᠨᠠᠷ ᠰᠠᠶᠢᠲᠠᠢ ᠥᠨᠳᠥᠷ ᠤᠨᠠᠯᠲᠠ ᠲᠠᠢ ᠬᠠᠳᠤᠯᠠᠩ ᠤᠨ | ᠲᠠᠯᠠᠪᠠᠢ ᠪᠤᠶᠤ ᠪᠡᠯᠴᠢᠭᠡᠷ ᠤᠨ ᠲᠠᠯᠠᠪᠠᠶ ᠶᠢ ᠪᠠᠶᠢᠭᠤᠯᠤᠨ᠎ᠠ᠃ ᠬᠠᠳᠤᠯᠠᠩ ᠤᠨ ᠲᠠᠯᠠᠪᠠᠢ ᠶᠢᠨ ᠪᠦᠲᠦᠭᠡᠨ | ᠪᠠᠶᠢᠭᠤᠯᠤᠯᠲᠠ ᠶᠢᠨ ᠵᠠᠭᠪᠤᠷ ᠲᠤ ᠣᠯᠠᠨ ᠨᠠᠰᠤᠲᠤ ᠲᠡᠵᠢᠭᠡᠯ ᠡᠪᠡᠰᠦ ᠶᠢ ᠲᠠᠩ ᠢᠶᠠᠷ ᠳᠠᠷᠢᠬᠤ ᠪᠤᠶᠤ ᠪᠦᠰᠡᠯᠢᠭ | ᠬᠡᠯᠪᠡᠷᠢ ᠪᠠᠷ ᠬᠤᠯᠢᠯᠳᠤᠭᠤᠯᠤᠨ ᠳᠠᠷᠢᠨ᠎ᠠ᠂ ᠪᠡᠯᠴᠢᠭᠡᠷ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ | ᠵᠠᠭᠪᠤᠷ ᠲᠤ ᠣᠯᠠᠨ ᠵᠦᠢᠯ ᠤᠨ ᠪᠡᠯᠴᠢᠭᠡᠷᠯᠡᠭᠦᠯᠬᠦ ᠴᠢᠨᠠᠷᠲᠠᠢ ᠣᠯᠠᠨ ᠨᠠᠰᠤᠲᠤ ᠲᠡᠵᠢᠭᠡᠯ ᠡᠪᠡᠰᠦ ᠶᠢ ᠬᠤᠯᠢᠯᠳᠤᠭᠤᠯᠤᠨ | ᠳᠠᠷᠢᠨ᠎ᠠ᠃ | ︵ᠬᠤᠶᠠᠷ︶ ᠠᠮᠢ ᠠᠬᠤᠢ ᠶᠢ ᠵᠠᠰᠠᠨ ᠰᠡᠷᠭᠦᠭᠡᠵᠦ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠎ᠡ᠃ ᠲᠤᠤᠷᠯᠠᠵᠤ | ᠬᠦᠷᠢᠶᠡᠯᠡᠨ ᠪᠢᠲᠡᠭᠦᠮᠵᠢᠯᠡᠨ ᠪᠣᠶᠢᠵᠢᠭᠤᠯᠬᠤ᠂ ᠬᠠᠭᠠᠯᠪᠤᠷᠢᠯᠠᠬᠤ ᠦᠭᠡᠢ ᠪᠠᠷ ᠨᠥᠬᠦᠵᠦ ᠳᠠᠷᠢᠬᠤ᠂ ᠤᠰᠤᠯᠠᠬᠤ᠂ | ᠪᠣᠷᠳᠣᠭᠤᠷ ᠣᠷᠣᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠤᠷᠭᠤᠮᠠᠯ ᠤᠨ ᠬᠤᠴᠢᠯᠭ᠎ᠠ ᠶᠢ | ᠰᠡᠷᠭᠦᠭᠡᠵᠦ᠂ ᠤᠰᠤᠯᠠᠬᠤ ᠦᠭᠡᠢ ᠪᠠᠷ ᠪᠠᠶᠢᠭᠠᠯᠢ ᠶᠢᠨ ᠴᠢᠨᠠᠷᠲᠠᠢ ᠪᠠᠷ ᠬᠠᠳᠤᠯᠠᠩ ᠪᠠ ᠪᠡᠯᠴᠢᠭᠡᠷ ᠤᠨ ᠲᠠᠯᠠᠪᠠᠶ ᠶᠢ | ᠪᠠᠶᠢᠭᠤᠯᠵᠤ᠂ ︽ᠦᠪᠡᠷᠲᠡᠭᠡᠨ ᠪᠠᠲᠤᠯᠭᠠᠵᠢᠭᠰᠠᠨ᠂ ᠬᠠᠮᠠᠭᠠᠯᠠᠯᠲᠠ ᠬᠡᠷᠡᠭᠰᠡᠬᠦ ᠦᠭᠡᠢ︾ ᠨᠤᠲᠤᠭ ᠪᠡᠯᠴᠢᠭᠡᠷ ᠤᠨ | ᠠᠮᠢ ᠠᠬᠤᠢ ᠶᠢᠨ ᠰᠢᠰᠲ᠋ᠧᠮ ᠢ ᠪᠠᠶᠢᠭᠤᠯᠤᠨ᠎ᠠ᠃ | ᠵᠢᠷᠭᠤᠭ᠎ᠠ᠂ ᠰᠡᠷᠭᠦᠭᠡᠬᠦ ᠠᠷᠭ᠎ᠠ ᠪᠠᠷᠢᠯ | ᠠᠮᠢ ᠠᠬᠤᠢ ᠶᠢᠨ ᠵᠠᠰᠠᠯᠲᠠ ᠪᠠᠷ ᠤᠷᠭᠤᠮᠠᠯ ᠤᠨ ᠬᠤᠴᠢᠯᠭ᠎ᠠ ᠶᠢ ᠳᠠᠬᠢᠨ ᠪᠦᠷᠢᠳᠦᠭᠦᠯᠬᠦ ᠪᠤᠶᠤ ᠠᠮᠢ | ᠠᠬᠤᠢ ᠶᠢᠨ ᠰᠡᠷᠭᠦᠭᠡᠯᠲᠡ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠣᠷᠣᠨ ᠪᠦᠰᠡ ᠶᠢᠨ ᠲᠡᠵᠢᠭᠡᠯ ᠡᠪᠡᠰᠦ | ᠳᠠᠷᠢᠬᠤ ᠭᠠᠵᠠᠷ ᠲᠤ᠂ ᠲᠤᠬᠠᠢ ᠶᠢᠨ ᠭᠠᠵᠠᠷ ᠤᠨ ᠪᠠᠶᠢᠭᠠᠯᠢ ᠶᠢᠨ ᠨᠥᠬᠦᠴᠡᠯ ᠳᠤ ᠲᠣᠬᠢᠷᠠᠬᠤ ᠭᠠᠩ ᠢ ᠳᠠᠭᠠᠭᠠᠬᠤ᠂ | ᠬᠦᠢᠲᠡᠨ ᠢ ᠡᠰᠡᠷᠭᠦᠴᠡᠬᠦ ᠴᠢᠳᠠᠪᠤᠷᠢ ᠪᠠᠷ ᠴᠢᠩᠭ᠎ᠠ ᠣᠯᠠᠨ ᠨᠠᠰᠤᠲᠤ ᠲᠡᠵᠢᠭᠡᠯ ᠡᠪᠡᠰᠦ ᠶᠢ ᠰᠠᠶᠢᠲᠤᠷ ᠰᠣᠩᠭᠤᠵᠤ᠂ | ᠬᠠᠭᠠᠯᠪᠤᠷᠢᠯᠠᠬᠤ ᠦᠭᠡᠢ ᠪᠠᠷ ᠳᠠᠷᠢᠬᠤ ᠶᠢ ᠰᠠᠨᠠᠭᠠᠴᠢᠯᠠᠨ᠎ᠠ᠃ | ︵ᠨᠢᠭᠡ︶ ᠳᠠᠷᠢᠬᠤ ᠲᠡᠵᠢᠭᠡᠯ ᠡᠪᠡᠰᠦᠨ ᠤ ᠲᠥᠷᠥᠯ ᠵᠦᠢᠯ᠃ ᠬᠠᠳᠤᠯᠠᠩ ᠤᠨ ᠲᠠᠯᠠᠪᠠᠢ ᠶᠢᠨ ᠪᠦᠲᠦᠭᠡᠨ | ᠪᠠᠶᠢᠭᠤᠯᠤᠯᠲᠠ ᠳᠤ ᠳᠠᠷᠢᠬᠤ ᠲᠡᠵᠢᠭᠡᠯ ᠡᠪᠡᠰᠦᠨ ᠤ ᠲᠥᠷᠥᠯ ᠵᠦᠢᠯ ᠳᠤ᠄ ᠪᠤᠷᠴᠠᠭ ᠤᠨ ᠢᠵᠠᠭᠤᠷ ᠤᠨ ᠲᠡᠵᠢᠭᠡᠯ | ᠡᠪᠡᠰᠦ ᠪᠣᠷᠤ ᠴᠠᠷᠭᠠᠰᠤ ᠪᠠ ᠦᠶᠡᠲᠦ ᠤᠷᠭᠤᠮᠠᠯ ᠤᠨ ᠢᠵᠠᠭᠤᠷ ᠤᠨ ᠲᠡᠵᠢᠭᠡᠯ ᠡᠪᠡᠰᠦ ᠬᠢᠶᠠᠭ᠂ ᠶᠦᠷᠬᠦᠭ ᠵᠡᠷᠭᠡ | ᠣᠯᠠᠨ ᠨᠠᠰᠤᠲᠤ ᠲᠡᠵᠢᠭᠡᠯ ᠡᠪᠡᠰᠦ ᠪᠣᠶ᠃ ᠪᠣᠷᠣ ᠴᠠᠷᠭᠠᠰᠤ ᠶᠢ ᠬᠤᠯᠢᠮᠠᠭ ᠴᠠᠷᠭᠠᠰᠤ᠂ ᠬᠥᠯᠥᠨ ᠪᠤᠶᠢᠷ ᠤᠨ | ᠴᠠᠷᠭᠠᠰᠤ᠂ ᠠᠤᠬᠠᠨ ᠴᠠᠷᠭᠠᠰᠤ᠂ ᠠᠵᠤ ᠦᠢᠯᠡᠳᠪᠦᠷᠢ ᠲᠠᠷᠢᠶᠠᠯᠠᠩ ᠤᠨ ᠨᠢᠭᠡᠳᠦᠭᠡᠷ ᠨᠣᠮᠧᠷᠲᠤ ᠴᠠᠷᠭᠠᠰᠤ᠂ | ᠵᠤᠤᠳᠤᠩ ᠤᠨ ᠴᠠᠷᠭᠠᠰᠤ ᠵᠡᠷᠭᠡ ᠬᠦᠢᠲᠡᠨ ᠢ ᠳᠠᠭᠠᠭᠠᠬᠤ ᠥᠨᠳᠥᠷ ᠤᠨᠠᠯᠲᠠ ᠲᠠᠢ ᠤᠯᠤᠰ ᠤᠨ ᠳᠣᠲᠣᠭᠠᠳᠤ ᠶᠢᠨ | ᠴᠠᠷᠭᠠᠰᠤ ᠶᠢᠨ ᠲᠦᠷᠦᠯ ᠵᠦᠢᠯ ᠪᠣᠯᠣᠨ ᠤᠮᠠᠷᠠᠲᠤ ᠲᠤᠶᠢᠯ ᠤᠨ ᠪᠠᠭᠠᠪᠠᠭᠠᠢ ᠵᠡᠷᠭᠡ ᠨᠠᠮᠤᠷ ᠤᠨ ᠢᠴᠡᠭᠡᠯᠡᠯᠲᠡ ᠶᠢᠨ | ᠲᠡᠰ 1-3 ᠳᠡᠰ᠂ ᠡᠪᠦᠯᠵᠢᠬᠦ ᠢᠯᠡᠳᠬᠡᠭᠴᠢ ᠲᠤᠭ᠎ᠠ 1-1.5 ᠶᠢᠨ ᠤᠯᠤᠰ ᠤᠨ ᠭᠠᠳᠠᠭᠠᠳᠤ ᠳᠤ ᠪᠣᠶᠢᠵᠢᠭᠤᠯᠤᠭᠰᠠᠨ | ᠲᠦᠷᠦᠯ ᠵᠦᠢᠯ ᠢ ᠰᠣᠩᠭᠤᠵᠤ᠂ ᠦᠷ᠎ᠡ ᠶᠢᠨ ᠶᠠᠰᠤ ᠴᠢᠨᠠᠷ ᠢ GB6141 ᠳᠤ ᠲᠣᠭᠲᠠᠭᠠᠭᠰᠠᠨ ᠬᠤᠶᠠᠳᠤᠭᠠᠷ | ᠳᠡᠰ ᠵᠢᠴᠢ ᠲᠡᠭᠦᠨ ᠠᠴᠠ ᠳᠡᠭᠡᠭᠰᠢᠬᠢ ᠪᠠᠷᠢᠮᠵᠢᠶ᠎ᠠ ᠳᠤ ᠬᠦᠷᠭᠡᠨ᠎ᠡ᠃ ᠦᠶᠡᠲᠦ ᠤᠷᠭᠤᠮᠠᠯ ᠤᠨ ᠢᠵᠠᠭᠤᠷ ᠤᠨ | ᠲᠡᠵᠢᠭᠡᠯ ᠡᠪᠡᠰᠦᠨ ᠤ ᠭᠤᠣᠯ ᠡᠭᠦᠯᠳᠡᠷ ᠲᠤ ᠵᠦᠩ ᠺᠧ ᠨᠢᠭᠡᠳᠦᠭᠡᠷ ᠨᠣᠮᠧᠷᠲᠤ ᠬᠢᠶᠠᠭ᠂ ᠬᠠᠪᠲᠠᠭᠠᠢ ᠲᠦᠷᠦᠭᠦᠲᠦ | ᠶᠦᠷᠬᠦᠭ ᠵᠡᠷᠭᠡ ᠪᠤᠶ᠃ ᠪᠡᠯᠴᠢᠭᠡᠷ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠪᠣᠯᠬᠤ ᠪᠡᠯᠴᠢᠭᠡᠷ | ᠡᠪᠡᠰᠦᠨ ᠤ ᠲᠥᠷᠥᠯ ᠵᠦᠢᠯ ᠳᠤ ᠦᠶᠡᠲᠦ ᠤᠷᠭᠤᠮᠠᠯ ᠤᠨ ᠢᠵᠠᠭᠤᠷ ᠤᠨ ᠲᠡᠵᠢᠭᠡᠯ ᠡᠪᠡᠰᠦ ᠰᠤᠷ ᠦᠭᠡᠢ | ᠰᠤᠭᠤᠪᠤᠷ᠂ ᠶᠦᠷᠬᠦᠭ᠂ ᠬᠢᠶᠠᠭ᠂ ᠬᠤᠵᠢᠷᠯᠢᠭ ᠡᠪᠡᠰᠦ ᠪᠠ ᠪᠤᠷᠴᠠᠭ ᠤᠨ ᠢᠵᠠᠭᠤᠷ ᠤᠨ ᠲᠡᠵᠢᠭᠡᠯ ᠡᠪᠡᠰᠦᠨ ᠤ | ᠮᠣᠷᠢᠨ ᠬᠤᠨᠴᠢᠷ᠂ ᠴᠠᠷᠭᠠᠰᠤ ᠪᠠᠷ ᠭᠤᠣᠯ ᠪᠣᠯᠭᠠᠭᠰᠠᠨ ᠪᠡᠯᠴᠢᠭᠡᠷᠯᠡᠭᠦᠯᠬᠦ ᠴᠢᠨᠠᠷᠲᠠᠢ ᠡᠪᠡᠰᠦ ᠪᠣᠶ᠃ | ︵ᠬᠤᠶᠠᠷ︶ ᠦᠷ᠎ᠡ ᠰᠠᠴᠤᠬᠤ ᠠᠷᠭ᠎ᠠ ᠮᠠᠶ᠋ᠢᠭ᠃ ᠵᠤᠷᠬᠠᠯᠠᠨ ᠲᠠᠷᠢᠬᠤ ᠳᠤ ᠵᠤᠷᠬᠠᠯᠠᠨ ᠲᠠᠷᠢᠬᠤ ᠮᠠᠰᠢᠨ ᠢᠶᠠᠷ | ᠲᠣᠭᠲᠠᠭᠰᠠᠨ ᠮᠥᠷ ᠤᠨ ᠵᠠᠢ ᠪᠠᠷ ᠨᠠᠷᠢᠨ ᠰᠣᠪᠠᠭ ᠭᠠᠷᠭᠠᠵᠤ᠂ ᠮᠦᠷ ᠤᠨ ᠵᠠᠢ ᠦᠭᠡᠢ ᠪᠠᠷ ᠲᠠᠷᠢᠨ᠎ᠠ᠃ ᠰᠠᠴᠤᠵᠤ | ᠲᠠᠷᠢᠬᠤ ᠳᠤ ᠦᠷᠡᠯᠡᠭᠦᠷ ᠮᠠᠰᠢᠨ ᠢᠶᠠᠷ ᠮᠥᠷ ᠤᠨ ᠵᠠᠢ ᠦᠭᠡᠢ᠂ ᠵᠤᠷᠬ᠎ᠠ ᠶᠢᠨ ᠵᠠᠢ ᠦᠭᠡᠢ ᠲᠠᠷᠢᠨ᠎ᠠ ︔ ᠪᠦᠰᠡᠯᠡᠨ | ᠳᠠᠷᠢᠬᠤ ᠶᠢ ᠪᠠᠰᠠ ᠥᠷᠭᠡᠨ ᠪᠦᠰᠡ ᠪᠠᠷ ᠳᠠᠷᠢᠬᠤ᠂ ᠥᠷᠭᠡᠨ ᠬᠡᠪᠴᠢᠶ᠎ᠡ ᠪᠠᠷ ᠳᠠᠷᠢᠬᠤ᠂ ᠵᠤᠷᠪᠤᠰᠯᠠᠨ ᠳᠠᠷᠢᠬᠤ | ᠭᠡᠳᠡᠭ᠂ ᠲᠡᠷᠡ ᠨᠢ ᠲᠣᠭᠲᠠᠭᠰᠠᠨ ᠵᠠᠢ ᠲᠠᠢ ᠪᠦᠰᠡᠯᠢᠭ ᠲᠠᠷᠢᠬᠤ ᠶᠢ ᠬᠡᠯᠡᠨ᠎ᠡ᠃ ᠵᠤᠷᠬᠠᠯᠠᠨ ᠳᠠᠷᠢᠬᠤ ᠠᠷᠭ᠎ᠠ | ᠮᠠᠶ᠋ᠢᠭ ᠢ ᠡᠩ ᠤᠨ ᠪᠠᠶᠢᠳᠠᠯ ᠳᠤ ᠥᠨᠳᠥᠷ ᠤᠨᠠᠯᠲᠠ ᠲᠠᠢ ᠴᠢᠨᠠᠷ ᠰᠠᠶᠢᠲᠠᠢ ᠴᠠᠷᠭᠠᠰᠤ ᠶᠢᠨ ᠬᠠᠳᠤᠯᠠᠩ ᠤᠨ | ᠲᠠᠯᠠᠪᠠᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠰᠠᠴᠤᠨ ᠳᠠᠷᠢᠬᠤ ᠠᠷᠭ᠎ᠠ ᠮᠠᠶ᠋ᠢᠭ ᠢ ᠬᠦᠨᠳᠦ ᠨᠣᠴᠢᠲᠠᠢ | ᠡᠯᠡᠰᠦᠵᠢᠭᠰᠡᠨ ᠣᠷᠣᠨ ᠪᠦᠰᠡ ᠶᠢᠨ ᠠᠮᠢ ᠠᠬᠤᠢ ᠶᠢ ᠰᠡᠷᠭᠦᠭᠡᠨ ᠵᠠᠰᠠᠬᠤ ᠳᠤ ᠬᠡᠷᠡᠭᠯᠡᠨ᠎ᠡ︔ ᠪᠦᠰᠡᠯᠡᠨ ᠲᠠᠷᠢᠬᠤ | ᠬᠡᠯᠪᠡᠷᠢ ᠶᠢ ᠲᠡᠵᠢᠭᠡᠯ ᠡᠪᠡᠰᠦ ᠶᠢ ᠪᠦᠰᠡᠯᠢᠭ ᠬᠤᠯᠢᠯᠳᠤᠭᠤᠯᠤᠨ ᠲᠠᠷᠢᠬᠤ ᠦᠶ᠎ᠡ ᠳᠤ ᠬᠡᠷᠡᠭᠯᠡᠨ᠎ᠡ᠃ | ︵ᠭᠤᠷᠪᠠ︶ ᠲᠠᠷᠢᠬᠤ ᠠᠷᠭ᠎ᠠ᠃ ᠬᠠᠭᠠᠯᠪᠤᠷᠢᠯᠠᠬᠤ ᠦᠭᠡᠢ ᠪᠠᠷ ᠲᠠᠷᠢᠬᠤ ᠮᠠᠰᠢᠨ ᠢᠶᠠᠷ ᠬᠠᠮᠠᠭᠠᠯᠠᠨ ᠲᠠᠷᠢᠬᠤ᠂ | ᠲᠠᠩ ᠢᠶᠠᠷ ᠲᠠᠷᠢᠬᠤ᠂ ᠬᠤᠯᠢᠯᠳᠤᠭᠤᠯᠤᠨ ᠲᠠᠷᠢᠬᠤ ᠠᠷᠭ᠎ᠠ ᠶᠢ ᠬᠡᠷᠡᠭᠯᠡᠨ᠎ᠡ᠃ ᠬᠠᠮᠠᠭᠠᠯᠠᠨ ᠲᠠᠷᠢᠬᠤ ᠠᠷᠭ᠎ᠠ ᠪᠠᠷ | ᠬᠠᠪᠤᠷ ᠤᠨ ᠤᠯᠠᠷᠢᠯ ᠳᠤ ᠪᠣᠷᠤ ᠴᠠᠷᠭᠠᠰᠤ ᠳᠠᠷᠢᠬᠤ ᠳᠤ 3 ᠰᠠᠷ᠎ᠠ ᠶᠢᠨ 20 ᠤ ᠡᠳᠦᠷ ᠠᠴᠠ 4 ᠰᠠᠷ᠎ᠠ ᠶᠢᠨ 20 ᠤ | ᠡᠳᠦᠷ ᠤᠨ ᠬᠤᠭᠤᠷᠣᠨᠳᠤ ᠬᠠᠮᠠᠭᠠᠯᠠᠨ ᠲᠠᠷᠢᠬᠤ ᠪᠠ ᠬᠠᠭᠠᠯᠪᠤᠷᠢᠯᠠᠬᠤ ᠦᠭᠡᠢ ᠪᠠᠷ ᠳᠠᠷᠢᠬᠤ ᠠᠷᠭ᠎ᠠ ᠶᠢ ᠬᠡᠷᠡᠭᠯᠡᠨ᠎ᠡ᠂ | ᠬᠠᠮᠠᠭᠠᠯᠠᠨ ᠲᠠᠷᠢᠬᠤ ᠳᠤ ᠨᠣᠬᠠᠢ ᠶᠢᠨ ᠬᠤᠰᠢᠭᠤ᠂ ᠬᠠᠷ᠎ᠠ ᠪᠤᠭᠤᠳᠠᠢ ᠶᠢᠨ ᠡᠪᠡᠰᠦ ᠶᠢ ᠪᠦᠷ ᠬᠠᠮᠠᠭᠠᠯᠠᠯᠲᠠ ᠶᠢᠨ | ᠲᠠᠷᠢᠮᠠᠯ ᠪᠣᠯᠭᠠᠵᠤ ᠪᠣᠯᠣᠨ᠎ᠠ᠃ ᠨᠣᠬᠠᠢ ᠶᠢᠨ ᠬᠤᠰᠢᠭᠤ ᠪᠠᠷ ᠵᠢᠱᠢᠶᠡᠯᠡᠪᠡᠯ᠂ 3 ᠰᠠᠷ᠎ᠠ ᠶᠢᠨ ᠰᠡᠭᠦᠯᠴᠢ ᠪᠤᠶᠤ 4 | ᠰᠠᠷ᠎ᠠ ᠶᠢᠨ ᠰᠢᠨᠡᠳ ᠠᠴᠠ ᠡᠮᠦᠨ᠎ᠡ ᠨᠣᠬᠠᠢ ᠶᠢᠨ ᠬᠤᠰᠢᠭᠤ ᠶᠢ ᠲᠠᠷᠢᠵᠤ᠂ ᠲᠠᠷᠢᠬᠤ ᠬᠡᠮᠵᠢᠶ᠎ᠡ ᠶᠢ 3kg/ᠮᠦ | ᠳᠣᠲᠣᠷ᠎ᠠ ᠬᠢᠵᠠᠭᠠᠷᠯᠠᠨ᠎ᠠ᠃ ᠨᠣᠬᠠᠢ ᠶᠢᠨ ᠬᠤᠰᠢᠭᠤ ᠴᠢᠬᠢᠯᠡᠭᠰᠡᠨ ᠤ ᠳᠠᠷᠠᠭ᠎ᠠ᠂ ᠰᠠᠭᠤᠷᠢ ᠨᠢ 2cm ᠪᠤᠶᠤ 2cm | ᠠᠴᠠ ᠳᠡᠭᠡᠭᠰᠢ ᠪᠣᠯᠬᠤ ᠦᠶᠡᠰ ᠴᠠᠷᠭᠠᠰᠤ ᠶᠢ ᠰᠣᠯᠪᠢᠴᠠᠭᠤᠯᠤᠨ ᠵᠤᠷᠬᠠᠯᠠᠨ ᠳᠠᠷᠢᠵᠤ᠂ ᠴᠠᠷᠭᠠᠰᠤ ᠶᠢᠨ ᠳᠠᠷᠢᠬᠤ | ᠬᠡᠮᠵᠢᠶ᠎ᠡ ᠨᠢ 1.8 kg/ᠮᠦ ︱ 2kg/ᠮᠦ ᠪᠠᠶᠢᠳᠠᠭ᠃ | ᠲᠠᠩ ᠢᠶᠠᠷ ᠳᠠᠷᠢᠬᠤ ᠠᠷᠭ᠎ᠠ ᠶᠢ 6 ᠳ᠋ᠤᠭᠠᠷ ᠰᠠᠷ᠎ᠠ ᠶᠢᠨ ᠳᠤᠮᠳᠠᠴᠢ ᠠᠴᠠ 7 ᠳ᠋ᠤᠭᠠᠷ ᠰᠠᠷ᠎ᠠ ᠶᠢᠨ ᠳᠤᠮᠳᠠᠴᠢ | ᠪᠣᠯᠲᠠᠯ᠎ᠠ ᠴᠠᠷᠭᠠᠰᠤ ᠶᠢ ᠲᠠᠩ ᠢᠶᠠᠷ ᠳᠠᠷᠢᠬᠤ ᠪᠤᠶᠤ ᠴᠠᠷᠭᠠᠰᠤ ᠶᠢ ᠪᠦᠰᠡᠯᠢᠭ ᠬᠤᠯᠢᠯᠳᠤᠭᠤᠯᠤᠨ ᠳᠠᠷᠢᠬᠤ ᠪᠠ | ᠪᠤᠰᠤᠳ ᠦᠶᠡᠲᠦ ᠤᠷᠭᠤᠮᠠᠯ ᠤᠨ ᠢᠵᠠᠭᠤᠷ ᠤᠨ ᠲᠡᠵᠢᠭᠡᠯ ᠡᠪᠡᠰᠦ ᠶᠢ ᠳᠠᠷᠢᠬᠤ ᠳᠤ ᠬᠡᠷᠡᠭᠯᠡᠨ᠎ᠡ᠂ ᠨᠢᠭᠡ ᠪᠦᠰᠡ | ᠴᠠᠷᠭᠠᠰᠤ ᠶᠢᠨ ᠳᠡᠭᠡᠷ᠎ᠡ ᠨᠢᠭᠡ ᠪᠦᠰᠡ ᠦᠶᠡᠲᠦ ᠤᠷᠭᠤᠮᠠᠯ ᠤᠨ ᠢᠵᠠᠭᠤᠷ ᠤᠨ ᠲᠡᠵᠢᠭᠡᠯ ᠡᠪᠡᠰᠦ ᠶᠢ ᠨᠡᠮᠡᠵᠦ | ᠪᠦᠰᠡᠯᠢᠭ ᠬᠤᠯᠢᠯᠳᠤᠭᠤᠯᠤᠨ ᠳᠠᠷᠢᠨ᠎ᠠ᠂ ᠥᠷᠭᠡᠨ ᠨᠢ 8 ︱ 16 ᠮᠧᠲᠷ ᠪᠠᠶᠢᠵᠤ᠂ ᠴᠠᠷᠭᠠᠰᠤ ᠶᠢᠨ ᠳᠠᠷᠢᠬᠤ | ᠬᠡᠮᠵᠢᠶ᠎ᠡ ᠶᠢ 1.8 kg/ᠮᠦ ᠠᠴᠠ 2kg/ᠮᠦ ᠶᠢᠨ ᠬᠤᠭᠤᠷᠣᠨᠳᠤ ᠪᠠᠶᠢᠯᠭᠠᠵᠤ᠂ ᠪᠤᠰᠤᠳ ᠲᠡᠵᠢᠭᠡᠯ | ᠡᠪᠡᠰᠦ ᠶᠢᠨ ᠳᠠᠷᠢᠬᠤ ᠬᠡᠮᠵᠢᠶ᠎ᠡ ᠶᠢ ᠲᠡᠵᠢᠭᠡᠯ ᠡᠪᠡᠰᠦᠨ ᠤ ᠲᠥᠷᠥᠯ ᠵᠦᠢᠯ ᠢᠶᠠᠷ ᠲᠣᠭᠲᠠᠭᠠᠨ᠎ᠠ᠃ ᠪᠡᠯᠴᠢᠭᠡᠷ ᠤᠨ | ᠲᠠᠯᠠᠪᠠᠢ ᠶᠢᠨ ᠪᠦᠲᠦᠭᠡᠨ ᠪᠠᠶᠢᠭᠤᠯᠤᠯᠲᠠ ᠳᠤ ᠲᠡᠵᠢᠭᠡᠯ ᠡᠪᠡᠰᠦ ᠬᠤᠯᠢᠯᠳᠤᠭᠤᠯᠤᠨ ᠲᠠᠷᠢᠬᠤ ᠠᠷᠭ᠎ᠠ ᠪᠣᠯ᠂ ᠨᠠᠷᠢᠯᠢᠭ | ᠬᠡᠮᠵᠢᠶᠡᠨ ᠤ ᠦᠷ᠎ᠡ ᠰᠠᠴᠤᠬᠤ ᠮᠠᠰᠢᠨ ᠢᠶᠠᠷ ᠬᠤᠯᠢᠮᠠᠭ ᠦᠷ᠎ᠡ ᠶᠢ ᠵᠤᠷᠬᠠᠯᠠᠨ ᠲᠠᠷᠢᠨ᠎ᠠ᠂ ᠭᠤᠣᠯ ᠪᠣᠯᠬᠤ ᠲᠡᠵᠢᠭᠡᠯ | ᠡᠪᠡᠰᠦᠨ ᠤ ᠲᠦᠷᠦᠯ ᠵᠦᠢᠯ ᠪᠣᠯ ᠦᠶᠡᠲᠦ ᠤᠷᠭᠤᠮᠠᠯ ᠤᠨ ᠢᠵᠠᠭᠤᠷ ᠤᠨ ᠲᠡᠵᠢᠭᠡᠯ ᠡᠪᠡᠰᠦ ᠰᠤᠷ ᠦᠭᠡᠢ | ᠰᠤᠭᠤᠪᠤᠷ᠂ ᠬᠢᠶᠠᠭ᠂ ᠶᠦᠷᠬᠦᠭ᠂ ᠬᠤᠵᠢᠷᠯᠢᠭ ᠡᠪᠡᠰᠦ ᠪᠠ ᠪᠤᠷᠴᠠᠭ ᠤᠨ ᠢᠵᠠᠭᠤᠷ ᠤᠨ ᠲᠡᠵᠢᠭᠡᠯ ᠡᠪᠡᠰᠦ ᠮᠣᠷᠢᠨ | ᠬᠤᠨᠴᠢᠷ᠂ ᠴᠠᠷᠭᠠᠰᠤ ᠪᠠᠷ ᠭᠤᠣᠯ ᠪᠣᠯᠭᠠᠭᠰᠠᠨ ᠲᠡᠵᠢᠭᠡᠯ ᠡᠪᠡᠰᠦ ᠪᠣᠯᠣᠨ᠎ᠠ᠃ ᠲᠠᠷᠢᠬᠤ ᠬᠡᠮᠵᠢᠶ᠎ᠡ ᠶᠢᠨ ᠪᠠᠷᠢᠮᠵᠢᠶ᠎ᠠ | ᠨᠢ᠄ ᠰᠤᠷ ᠦᠭᠡᠢ ᠰᠤᠭᠤᠪᠤᠷ 1 kg/ ᠮᠦ᠂ ᠬᠠᠪᠲᠠᠭᠠᠢ ᠲᠦᠷᠦᠭᠦᠲᠦ ᠶᠦᠷᠬᠦᠭ 0.6 kg/ ᠮᠦ᠂ ᠵᠦᠩ | ᠺᠧ ᠨᠢᠭᠡᠳᠦᠭᠡᠷ ᠨᠣᠮᠧᠷᠲᠤ ᠬᠢᠶᠠᠭ 0.5 kg/ ᠮᠦ᠂ ᠬᠤᠵᠢᠷᠯᠢᠭ ᠡᠪᠡᠰᠦ 0.4 kg/ᠮᠦ᠂ ᠮᠣᠷᠢᠨ | ᠬᠤᠨᠴᠢᠷ 0.15 kg/ ᠮᠦ᠂ ᠴᠠᠷᠭᠠᠰᠤ 0.05 kg/ ᠮᠦ᠃ | ︵ᠳᠥᠷᠪᠡ︶ ᠰᠡᠷᠭᠦᠭᠡᠬᠦ ᠪᠠᠷᠢᠮᠵᠢᠶ᠎ᠠ᠃ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠬᠡᠮᠵᠢᠶ᠎ᠡ ᠶᠢᠨ | ᠱᠠᠭᠠᠷᠳᠠᠯᠭ᠎ᠠ ᠶᠢᠨ 90% ᠠᠴᠠ ᠳᠡᠭᠡᠭᠰᠢ ᠬᠦᠷᠭᠡᠨ᠎ᠡ᠃ | ᠳᠣᠯᠤᠭ᠎ᠠ᠂ ᠪᠡᠯᠡ ᠮᠥᠩᠭᠦ ᠶᠢᠨ ᠢᠷᠡᠯᠲᠡ | ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠳᠤ | ᠬᠡᠷᠡᠭᠰᠡᠬᠦ ᠪᠡᠯᠡ ᠮᠥᠩᠭᠦ ᠶᠢ ᠤᠳᠤ ᠶᠢᠨ ᠡᠵᠡᠩᠨᠡᠭᠴᠢ ᠪᠤᠶᠤ ᠥᠮᠴᠢᠯᠡᠭᠴᠢ ᠠᠴᠠ ᠥᠪᠡᠷ ᠲᠡᠭᠡᠨ ᠴᠤᠭᠯᠠᠭᠤᠯᠤᠨ᠎ᠠ᠃ | ᠨᠠᠢᠮᠠ᠂ ᠠᠵᠢᠯ ᠤᠨ ᠱᠠᠭᠠᠷᠳᠠᠯᠭ᠎ᠠ | ︵ᠨᠢᠭᠡ︶ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠢ ᠴᠡᠭᠴᠡᠯᠡᠨ ᠵᠠᠰᠠᠬᠤ | ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢ ᠰᠡᠷᠭᠦᠭᠡᠬᠦ ᠶᠢ ᠬᠢᠨᠠᠨ ᠬᠠᠮᠢᠶᠠᠷᠬᠤ᠂ ᠬᠢᠨᠠᠨ ᠵᠢᠯᠤᠭᠤᠳᠬᠤ ᠠᠵᠢᠯ ᠢ ᠦᠨᠡᠨᠬᠦ ᠡᠭᠦᠷᠭᠡᠯᠡᠵᠦ᠂ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠰᠥᠯ ᠢ ᠴᠠᠭ ᠲᠤᠬᠠᠢ ᠳᠤ ᠨᠢ ᠲᠣᠭᠲᠠᠭᠠᠨ᠂ ᠰᠡᠷᠭᠦᠭᠡᠬᠦ ᠡᠭᠦᠷᠭᠡ ᠶᠢ | ᠲᠣᠳᠣᠷᠬᠠᠢ ᠣᠶᠢᠯᠠᠭᠠᠵᠤ᠂ ᠡᠭᠦᠷᠭᠡ ᠶᠢᠨ ᠡᠬᠡ ᠲᠠᠩᠰᠠ ᠪᠠᠶᠢᠭᠤᠯᠤᠨ᠂ ᠨᠢᠭᠡᠨᠲᠡ ᠬᠠᠭᠠᠯᠪᠤᠷᠢᠯᠠᠭᠰᠠᠨ ᠨᠤᠲᠤᠭ | ᠪᠡᠯᠴᠢᠭᠡᠷ ᠤᠨ ᠤᠳᠤ ᠪᠠᠶᠢᠭ᠎ᠠ ᠡᠵᠡᠩᠨᠡᠭᠴᠢ ᠪᠤᠶᠤ ᠥᠮᠴᠢᠯᠡᠭᠴᠢ ᠯᠦᠭᠡ ᠲᠠᠷᠢᠶᠠᠯᠠᠬᠤ ᠪᠠᠨ ᠪᠣᠯᠢᠬᠤ ᠵᠥᠪᠯᠡᠯᠴᠡᠭᠡᠷ | ᠲᠣᠭᠲᠠᠵᠤ᠂ ᠲᠡᠭᠦᠨ ᠢ ᠰᠢᠮᠳᠠᠭᠤᠯᠵᠤ ᠪᠠᠶᠢᠭᠠᠳ ᠤᠷᠭᠤᠮᠠᠯ ᠤᠨ ᠬᠤᠴᠢᠯᠭ᠎ᠠ ᠶᠢ ᠴᠠᠭ ᠲᠤᠬᠠᠢ ᠳᠤ ᠨᠢ | ᠰᠡᠷᠭᠦᠭᠡᠯᠭᠡᠵᠦ᠂ ᠲᠣᠭᠲᠠᠭᠠᠭᠰᠠᠨ ᠴᠠᠭ ᠬᠤᠭᠤᠴᠠᠭ᠎ᠠ ᠪᠠ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠤᠷᠭᠤᠮᠠᠯ ᠤᠨ | ᠬᠤᠴᠢᠯᠭ᠎ᠠ ᠶᠢ ᠰᠡᠷᠭᠦᠭᠡᠭᠰᠡᠨ ᠦᠭᠡᠢ ᠪᠣᠯ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ︵ᠬᠤᠶᠠᠷ︶ ᠵᠢᠯᠣᠭᠤᠳᠣᠮᠵᠢ ᠪᠠᠨ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠢ ᠴᠠᠭ ᠲᠤᠬᠠᠢ ᠳᠤ | ᠨᠢ ᠬᠤᠰᠢᠭᠤᠨ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠯᠦᠭᠡ ᠨᠡᠪᠲᠡᠷᠡᠯᠴᠡᠨ ᠵᠣᠯᠭᠠᠭᠤᠯᠵᠤ᠂ ᠤᠷᠭᠤᠮᠠᠯ ᠤᠨ | ᠬᠤᠴᠢᠯᠭ᠎ᠠ ᠶᠢ ᠰᠡᠷᠭᠦᠭᠡᠬᠦ ᠠᠷᠭ᠎ᠠ ᠬᠡᠮᠵᠢᠶ᠎ᠡ ᠨᠢ ᠵᠦᠢ ᠵᠣᠬᠢᠰᠲᠠᠢ᠂ ᠪᠠᠷᠢᠮᠵᠢᠶ᠎ᠠ ᠨᠢ ᠵᠢᠷᠤᠮᠵᠢᠯ ᠲᠠᠢ ᠪᠠᠶᠢᠬᠤ ᠶᠢ | ᠪᠠᠲᠤᠯᠠᠬᠤ ᠬᠡᠷᠡᠭᠲᠡᠢ᠃ ᠬᠤᠰᠢᠭᠤᠨ ᠤ ᠨᠤᠲᠤᠭ ᠪᠡᠯᠴᠢᠭᠡᠷ ᠤᠨ ᠠᠵᠢᠯ ᠤᠨ ᠲᠤᠰᠬᠠᠢ ᠮᠡᠷᠭᠡᠵᠢᠯ ᠤᠨ ᠠᠵᠢᠯᠲᠠᠳ | ᠰᠡᠷᠭᠦᠭᠡᠨ ᠵᠠᠰᠠᠬᠤ ᠣᠷᠣᠨ ᠤ ᠮᠡᠷᠭᠡᠵᠢᠯ ᠤᠨ ᠵᠢᠯᠤᠭᠤᠳᠤᠮᠵᠢ ᠪᠠᠨ ᠴᠢᠩᠭᠠᠳᠬᠠᠵᠤ᠂ ᠰᠡᠷᠭᠦᠭᠡᠬᠦ ᠶᠢ ᠪᠡᠶᠡᠯᠡᠭᠦᠯᠦᠭᠰᠡᠨ | ᠭᠠᠵᠠᠷ ᠢ ᠪᠠᠶᠢᠴᠠᠭᠠᠨ ᠰᠢᠯᠭᠠᠵᠤ ᠠᠪᠬᠤ ᠬᠡᠷᠡᠭᠲᠡᠢ᠃ | ︵ᠭᠤᠷᠪᠠ︶ ᠰᠠᠶᠢᠲᠤᠷ ᠬᠠᠮᠵᠢᠯᠴᠠᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠨᠤᠭᠤᠳ ᠣᠶ ᠰᠢᠭᠤᠢ ᠨᠣᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠳᠣᠲᠣᠭᠠᠳᠤ ᠶᠢ | ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ ᠯᠦᠭᠡ ᠴᠠᠭ ᠲᠤᠬᠠᠢ ᠳᠤ ᠨᠢ | ᠨᠢᠭᠲᠠ ᠬᠠᠮᠵᠢᠯᠴᠠᠵᠤ᠂ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠢ ᠰᠡᠷᠭᠦᠭᠡᠬᠦ ᠠᠵᠢᠯ ᠤᠨ ᠤᠷᠤᠭᠰᠢᠲᠠᠢ | ᠪᠥᠭᠡᠳ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠳᠥᠷᠪᠡ︶ ᠴᠢᠩᠭ᠎ᠠ ᠬᠡᠷᠡᠭᠵᠢᠭᠦᠯᠬᠦ ᠬᠡᠷᠡᠭᠲᠡᠢ᠃ ᠥᠩᠭᠡᠷᠡᠭᠰᠡᠨ ᠵᠢᠯ ᠤᠳ ᠲᠤ ᠨᠢᠭᠡᠨᠲᠡ | ᠬᠠᠭᠠᠯᠪᠤᠷᠢᠯᠠᠬᠤ ᠪᠠᠨ ᠪᠣᠯᠢᠵᠤ ᠠᠶᠠᠨᠳᠠᠭᠠᠨ ᠰᠡᠷᠭᠦᠭᠰᠡᠨ ᠭᠠᠵᠠᠷ ᠨᠢ ᠲᠣᠰ ᠤᠳᠠᠭᠠᠨ ᠤ ᠤᠷᠭᠤᠮᠠᠯ ᠤᠨ | ᠬᠤᠴᠢᠯᠭ᠎ᠠ ᠶᠢ ᠰᠡᠷᠭᠦᠭᠡᠬᠦ ᠬᠡᠪᠴᠢᠶᠡᠨ ᠳᠤ ᠪᠠᠭᠲᠠᠬᠤ ᠦᠭᠡᠢ᠂ ᠬᠡᠷᠪᠡ 2022 ᠣᠨ ᠳᠤ ᠳᠤᠷ᠎ᠠ ᠪᠠᠷ ᠢᠶᠠᠨ ᠠᠲᠠᠷ | ᠬᠠᠭᠠᠯᠪᠤᠷᠢᠯᠠᠵᠤ ᠲᠡᠵᠢᠭᠡᠯ ᠡᠪᠡᠰᠦ ᠪᠤᠶᠤ ᠲᠠᠷᠢᠮᠠᠯ ᠳᠠᠷᠢᠪᠠᠯ᠂ ᠬᠠᠤᠯᠢ ᠪᠤᠰᠤ ᠪᠠᠷ ᠨᠤᠲᠤᠭ ᠪᠡᠯᠴᠢᠭᠡᠷ ᠢ | ᠬᠠᠭᠠᠯᠪᠤᠷᠢᠯᠠᠭᠰᠠᠨ ᠢᠶᠠᠷ ᠰᠢᠢᠳᠪᠦᠷᠢᠯᠡᠨ᠎ᠡ᠃ ᠲᠣᠰ ᠲᠥᠰᠥᠯ ᠤᠨ ᠱᠠᠭᠠᠷᠳᠠᠯᠭ᠎ᠠ ᠶᠣᠰᠣᠭᠠᠷ ᠲᠡᠵᠢᠭᠡᠯ ᠡᠪᠡᠰᠦ | ᠳᠠᠷᠢᠭᠰᠠᠨ ᠦᠭᠡᠢ ᠪᠠᠶᠢᠪᠠᠯ᠂ ᠠᠰᠠᠭᠤᠳᠠᠯ ᠤᠨ ᠰᠢᠨᠵᠢ ᠴᠢᠨᠠᠷ ᠪᠠ ᠦᠶᠯᠡ ᠪᠠᠶᠢᠳᠠᠯ ᠤᠨ ᠬᠦᠨᠳᠦ ᠬᠥᠩᠭᠡᠨ ᠢ | ᠦᠨᠳᠦᠰᠦᠯᠡᠨ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠂ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠢᠳᠪᠦᠷᠢᠯᠡᠨ᠎ᠡ᠂ ᠲᠡᠷᠡ ᠮᠥᠷᠲᠡᠭᠡᠨ ᠲᠣᠰ ᠭᠠᠵᠠᠷ ᠲᠤ | ᠦᠷᠭᠦᠯᠵᠢᠯᠡᠨ ᠲᠡᠵᠢᠭᠡᠯ ᠡᠪᠡᠰᠦ ᠳᠠᠷᠢᠵᠤ ᠪᠣᠯᠬᠤ ᠦᠭᠡᠢ᠂ ᠡᠷᠬᠡᠪᠰᠢ ᠲᠠᠷᠢᠶᠠᠯᠠᠬᠤ ᠪᠠᠨ ᠪᠣᠯᠢᠵᠤ ᠨᠤᠲᠤᠭ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠠᠶᠠᠨᠳᠠᠭᠠᠨ ᠰᠡᠷᠭᠦᠭᠡᠬᠦ ᠬᠡᠷᠡᠭᠲᠡᠢ᠃ | |