ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠦᠢᠯᠡᠴᠢᠯᠡᠭᠡᠨ ᠤ ᠵᠠᠭᠤᠴᠢ ᠵᠣᠬᠢᠶᠠᠨ ᠪᠠᠶᠢᠭᠤᠯᠤᠯᠲᠠ ᠶᠢ ᠳᠠᠩᠰᠠᠯᠠᠭᠤᠯᠬᠤ
ᠨᠡᠶᠢᠲᠡᠯᠡᠭᠰᠡᠨ ᠴᠠᠭ᠄
2022/4/19
ᠬᠦᠯᠢᠶᠡᠨ ᠰᠢᠢᠳᠪᠦᠷᠢᠯᠡᠬᠦ ᠨᠥᠬᠦᠴᠡᠯ        1. ᠳᠠᠭᠠᠭᠠᠴᠢᠯᠠᠭᠴᠢ ᠨᠢ ᠲᠣᠭᠲᠠᠪᠤᠷᠢᠲᠠᠢ ᠲᠠᠷᠢᠶᠠᠯᠠᠩ ᠤᠨ ᠪᠤᠰᠤ ᠠᠵᠢᠯ ᠲᠠᠢ ᠪᠤᠶᠤ ᠲᠣᠭᠲᠠᠪᠤᠷᠢᠲᠠᠢ ᠣᠷᠣᠯᠭ᠎ᠠ ᠶᠢᠨ ᠢᠷᠡᠯᠲᠡ ᠲᠠᠢ᠂ ᠳᠠᠭᠠᠭᠠᠴᠢᠯᠠᠭᠴᠢ ᠶᠢᠨ ᠭᠤᠶᠤᠴᠢᠯᠠᠯ ᠪᠠ ᠳᠠᠭᠠᠭᠠᠴᠢᠯᠠᠭᠤᠯᠤᠭᠴᠢ ᠶᠢᠨ ᠵᠥᠪᠰᠢᠶᠡᠷᠡᠯ ᠢᠶᠠᠷ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠪᠠᠨ ᠬᠡᠰᠡᠭ ᠢᠶᠠᠷ ᠪᠤᠶᠤ ᠪᠦᠬᠦᠨ ᠢᠶᠠᠷ ᠨᠢ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠬᠢᠵᠦ ᠪᠠᠶᠢᠭ᠎ᠠ ᠪᠤᠰᠤᠳ ᠲᠠᠷᠢᠶᠠᠯᠠᠬᠤ ᠮᠠᠯᠵᠢᠬᠤ ᠡᠷᠦᠭᠡ ᠳᠤ ᠰᠢᠯᠵᠢᠭᠦᠯᠦᠨ ᠥᠭᠬᠦ᠃        2. ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠳᠤ ᠳᠠᠭᠠᠭᠠᠴᠢᠯᠠᠯᠲᠠ ᠶᠢᠨ ᠭᠠᠵᠠᠷ ᠰᠢᠷᠣᠢ ᠶᠢᠨ ᠲᠠᠷᠢᠶᠠᠯᠠᠩ ᠤᠨ ᠬᠡᠷᠡᠭᠴᠡᠭᠡ ᠶᠢ ᠬᠤᠪᠢᠷᠠᠭᠤᠯᠵᠤ ᠪᠣᠯᠬᠤ ᠦᠭᠡᠢ᠂ ᠰᠢᠯᠵᠢᠭᠦᠯᠬᠦ ᠬᠤᠭᠤᠴᠠᠭ᠎ᠠ ᠶᠢ ᠳᠠᠭᠠᠭᠠᠴᠢᠯᠠᠯᠲᠠ ᠶᠢᠨ ᠬᠤᠭᠤᠴᠠᠭ᠎ᠠ ᠶᠢᠨ ᠦᠯᠡᠳᠡᠭᠰᠡᠨ ᠬᠤᠭᠤᠴᠠᠭ᠎ᠠ ᠠᠴᠠ ᠬᠡᠲᠦᠷᠡᠭᠦᠯᠵᠦ ᠪᠣᠯᠬᠤ ᠦᠭᠡᠢ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠪᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠃ᠲᠣᠭᠲᠠᠭᠠᠭᠰᠠᠨ ᠦᠨᠳᠦᠰᠦᠯᠡᠯ      【ᠰᠠᠯᠠᠭ᠎ᠠ ᠮᠥᠴᠢᠷ ᠤᠨ ᠳᠦᠷᠢᠮ】 ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠬᠠᠮᠢᠶᠠᠷᠤᠯᠲᠠ ᠶᠢᠨ ᠠᠷᠭ᠎ᠠ︾ ︵2005 ᠣᠨ ᠤ 1 ᠰᠠᠷ᠎ᠠ ᠶᠢᠨ 19 ᠤ ᠡᠳᠦᠷ ᠲᠠᠷᠢᠶᠠᠯᠠᠩ ᠤᠨ ᠶᠠᠮᠤᠨ ᠤ 47 ᠳ᠋ᠤᠭᠠᠷ ᠵᠠᠷᠯᠢᠭ ᠢᠶᠠᠷ ᠨᠡᠶᠢᠲᠡᠯᠡᠭᠰᠡᠨ︶ ᠭᠤᠴᠢᠳᠤᠭᠠᠷ ᠵᠤᠷᠪᠤᠰ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠦᠢᠯᠡᠴᠢᠯᠡᠭᠡᠨ ᠤ ᠵᠠᠭᠤᠴᠢ ᠵᠣᠬᠢᠶᠠᠨ ᠪᠠᠶᠢᠭᠤᠯᠤᠯᠲᠠ ᠨᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠤᠨ ᠵᠠᠰᠠᠭ ᠵᠠᠬᠢᠷᠭᠠᠨ ︵ᠪᠤᠶᠤ ᠬᠥᠳᠡᠭᠡ ᠲᠣᠰᠬᠤᠨ ᠤ ᠡᠵᠡᠩᠨᠡᠯᠲᠡ ᠬᠠᠮᠢᠶᠠᠷᠤᠯᠲᠠ︶ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠬᠤ ᠶᠢᠨ ᠬᠠᠮᠲᠤ ᠲᠡᠭᠦᠨ ᠤ ᠵᠢᠯᠣᠭᠤᠳᠤᠯᠭ᠎ᠠ ᠶᠢ ᠬᠦᠯᠢᠶᠡᠵᠦ᠂ ᠬᠠᠤᠯᠢ ᠴᠠᠭᠠᠵᠠ ᠪᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠯᠵᠢᠭᠦᠯᠬᠦ ᠵᠠᠭᠤᠴᠢ ᠦᠢᠯᠡᠴᠢᠯᠡᠭᠡ ᠬᠠᠩᠭᠠᠨ᠎ᠠ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 38 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff8080817d329aa4017d46e31a6e54aa®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号