2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠮᠥᠨ᠂ ᠪᠠᠰᠠ ᠴᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠨᠠᠩ ᠴᠤ ᠪᠥᠬᠦ ᠬᠤᠰᠢᠭᠤᠨ ᠤ ᠬᠥᠭᠵᠢᠯᠲᠡ ᠶᠢ | ᠲᠦᠯᠬᠢᠨ ᠠᠬᠢᠭᠤᠯᠵᠤ ᠠᠮᠵᠢᠯᠲᠠ ᠣᠯᠬᠤ ᠵᠢᠯ ᠮᠥᠨ᠃ ᠠᠷᠤ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ | ᠲᠥᠪ ︽ᠰᠢᠶᠠᠩ ᠪᠠᠯᠭᠠᠰᠤ᠂ ᠵᠡᠭᠡᠯᠢ ᠭᠤᠳᠤᠮᠵᠢ᠂ ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ ᠲᠤ | ᠭᠦᠨᠵᠡᠭᠡᠶᠢᠷᠡᠨ ᠬᠥᠭᠵᠢᠯᠲᠡ ᠶᠢ ᠠᠵᠢᠭᠯᠠᠬᠤ︾ ᠲᠤᠰᠬᠠᠢ ᠪᠤᠯᠤᠩ ᠭᠠᠷᠭᠠᠵᠤ᠂ ᠰᠢᠶᠠᠩ ᠪᠠᠯᠭᠠᠰᠤ᠂ ᠵᠡᠭᠡᠯᠢ | ᠭᠤᠳᠤᠮᠵᠢ ᠂ ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠬᠦᠷᠴᠦ ᠲᠡᠳᠡᠨ ᠤ ᠬᠡᠷᠬᠢᠨ ᠠᠷᠠᠳ | ᠲᠦᠮᠡᠨ ᠢᠶᠠᠷ ᠭᠤᠣᠯ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠭᠰᠡᠨ ᠪᠠ | ᠠᠭᠤᠰᠤᠯᠴᠠᠭᠰᠠᠨ᠂ 2022 ᠣᠨ ᠳᠤ ᠬᠡᠷᠬᠢᠨ ᠲᠦᠯᠦᠪᠯᠡᠨ ᠪᠠᠶᠢᠷᠢᠰᠢᠭᠤᠯᠵᠤ᠂ ᠪᠥᠬᠦ ᠬᠤᠰᠢᠭᠤᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠪᠥᠬᠦ ᠬᠤᠰᠢᠭᠤᠨ ᠤ ︽ᠬᠤᠶᠠᠷ ᠬᠤᠷᠠᠯ︾ ᠤᠨ | ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠬᠥᠭᠵᠢᠯᠲᠡ ᠶᠢᠨ ᠰᠢᠨ᠎ᠡ | ᠬᠠᠭᠤᠳᠠᠰᠤ ᠶᠢ ᠬᠡᠷᠬᠢᠨ ᠪᠢᠴᠢᠭᠯᠡᠭᠰᠡᠨ ᠲᠤᠬᠠᠢ ᠣᠶᠢᠯᠠᠭᠠᠬᠤ ᠪᠠᠷ ᠪᠣᠯᠤᠯ᠎ᠠ᠃ | ᠰᠣᠷᠪᠤᠯᠵᠢᠠᠯᠭᠴᠢ᠄ ᠬᠤᠸᠠᠩ ᠲᠣᠪᠴᠢᠶᠠᠨ ᠳᠠᠷᠤᠭ᠎ᠠ ᠰᠠᠶᠢᠨ ᠦᠦ᠂ ᠮᠠᠨ ᠤ ᠬᠤᠰᠢᠭᠤ 2022 ᠣᠨ ᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠲᠠᠲᠠᠪᠤᠷᠢᠯᠠᠬᠤ | ᠠᠵᠢᠯ ᠢᠶᠠᠨ ᠰᠠᠶ᠋ᠢᠬᠠᠨ ᠳᠠᠭᠤᠰᠬᠠᠪᠠ᠂ ᠲᠡᠭᠡᠪᠡᠯ ᠣᠳᠣᠬᠢ ᠱᠠᠲᠤᠨ ᠳᠤ ᠡᠨᠡ ᠠᠵᠢᠯ ᠢ ᠥᠷᠨᠢᠭᠦᠯᠦᠭᠰᠡᠨ ᠪᠠᠶᠢᠳᠠᠯ | ᠶᠠᠮᠠᠷ ᠵᠡᠷᠭᠡ ᠪᠣᠶ︖ | ᠬᠤᠸᠠᠩ ᠶᠦᠩ ᠴᠢᠩ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠪᠣᠯ ᠲᠦᠭ ᠲᠦᠮᠡᠨ ᠠᠶᠢᠯ ᠡᠷᠦᠬᠡ ᠳᠤ | ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠪᠠᠶᠢᠵᠤ᠂ ᠥᠷᠭᠡᠨ ᠣᠯᠠᠨ ᠠᠷᠠᠳ ᠲᠦᠮᠡᠨ ᠤ ᠲᠣᠰ | ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠃ 2021 ᠣᠨ ᠤ 9 ᠰᠠᠷ᠎ᠠ ᠳᠤ᠂ ᠬᠤᠰᠢᠭᠤᠨ | ᠵᠠᠰᠠᠭ ᠤᠨ ᠣᠷᠳᠣᠨ ᠠᠴᠠ 2022 ᠣᠨ ᠤ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠬᠡᠪᠴᠢᠶ᠎ᠡ ᠶᠢ ᠥᠷᠭᠡᠳᠬᠡᠬᠦ ᠠᠵᠢᠯ ᠤᠨ | ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ︔ ᠳᠠᠷᠠᠭ᠎ᠠ ᠨᠢ ᠪᠥᠬᠦ ᠬᠤᠰᠢᠭᠤᠨ ᠤ ᠡᠯ᠎ᠡ ᠰᠤᠮᠤ ᠰᠢᠶᠠᠩ | ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠣᠷᠣᠨ ᠳᠤ ᠳᠠᠭᠠᠳᠬᠠᠯ ᠳᠤ ᠣᠷᠤᠯᠴᠠᠬᠤ | ᠤᠬᠠᠭᠤᠯᠭ᠎ᠠ ᠶᠢᠨ ᠠᠵᠢᠯ ᠢ ᠶᠡᠭᠡ ᠪᠠᠷ ᠥᠷᠨᠢᠭᠦᠯᠬᠦ ᠶᠢᠨ ᠬᠠᠮᠲᠤ ᠲᠥᠪᠯᠡᠷᠡᠭᠦᠯᠦᠨ ᠲᠠᠲᠠᠪᠤᠷᠢᠯᠠᠵᠤ ᠲᠤᠰᠢᠶᠠᠯᠭᠠᠪᠠ︔ | ᠬᠠᠮᠤᠭ ᠰᠡᠭᠦᠯᠴᠢ ᠶᠢᠨ ᠲᠠᠲᠠᠪᠤᠷᠢᠯᠠᠨ ᠲᠤᠰᠢᠶᠠᠬᠤ ᠪᠣᠭᠤᠮᠲᠠ ᠰᠢᠪᠲᠤᠯᠬᠤ ᠬᠤᠭᠤᠴᠠᠭᠠᠨ ᠳᠤ᠂ ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠵᠢᠴᠢ ᠣᠶᠤᠲᠠᠳ ᠤᠨ ᠠᠵᠢᠯ ᠣᠯᠬᠤ | ᠤᠯᠠᠷᠢᠯ᠂ ᠬᠥᠯᠥᠰᠦᠨ ᠠᠵᠢᠯᠴᠢᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠨᠤᠲᠤᠭ ᠲᠠᠭᠠᠨ ᠪᠤᠴᠠᠬᠤ ᠵᠡᠷᠭᠡ | ᠵᠠᠩᠭᠢᠯᠠᠭ᠎ᠠ ᠶᠢᠨ ᠴᠡᠭ ᠢ ᠠᠰᠢᠭᠯᠠᠵᠤ᠂ ᠲᠠᠲᠠᠪᠤᠷᠢᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 2022 | ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠲᠠᠲᠠᠪᠤᠷᠢᠯᠠᠬᠤ | ᠠᠵᠢᠯ ᠢ ᠥᠨᠳᠥᠷ ᠪᠦᠲᠦᠮᠵᠢᠲᠡᠢ ᠪᠠᠷ ᠪᠡᠶᠡᠯᠡᠭᠦᠯᠪᠡ᠃ ᠣᠳᠣᠬᠠᠨ ᠪᠣᠯᠲᠠᠯ᠎ᠠ᠂ ᠮᠠᠨ ᠤ ᠬᠤᠰᠢᠭᠤᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ 21.03 ᠲᠦᠮᠡᠨ ᠬᠥᠮᠥᠨ | ᠣᠷᠣᠯᠴᠠᠵᠠᠢ᠃ | ᠰᠣᠷᠪᠤᠯᠵᠢᠯᠠᠭᠴᠢ᠄ ᠣᠶᠢᠷ᠎ᠠ ᠶᠢᠨ ᠵᠢᠯ ᠤᠳ ᠲᠤ᠂ ᠢᠯᠠᠩᠭᠤᠶ᠎ᠠ ᠤᠯᠤᠰ ᠠᠴᠠ ᠣᠷᠣᠨ ᠨᠤᠲᠤᠭ ᠬᠦᠷᠲᠡᠯ᠎ᠡ | ᠵᠠᠯᠭᠠᠭ᠎ᠠ ᠪᠠᠷ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠪᠠᠶᠢᠭᠤᠯᠤᠭᠳᠠᠭᠰᠠᠨ ᠤ ᠳᠠᠷᠠᠭ᠎ᠠ᠂ ᠪᠠᠲᠤᠯᠠᠭ᠎ᠠ ᠶᠢᠨ | ᠦᠢᠯᠡᠴᠢᠯᠡᠭᠡᠨ ᠤ ᠬᠢᠷᠢ ᠲᠦᠪᠰᠢᠨ ᠮᠠᠰᠢ ᠶᠡᠭᠡ ᠳᠡᠭᠡᠭᠰᠢᠯᠡᠯᠲᠡ ᠲᠠᠢ ᠪᠣᠯᠵᠤ᠂ ᠣᠯᠠᠨ ᠲᠦᠮᠡᠨ ᠤ ᠤᠴᠢᠷ ᠶᠠᠪᠤᠳᠠᠯ ᠢ | ᠰᠢᠢᠳᠪᠦᠷᠢᠯᠡᠬᠦ ᠳᠤ ᠮᠠᠰᠢ ᠲᠥᠬᠦᠮ ᠪᠣᠯᠤᠭᠰᠠᠨ ᠢ ᠪᠢᠳᠡ ᠲᠣᠳᠣᠷᠬᠠᠢ ᠮᠡᠳᠡᠵᠦ ᠪᠣᠯᠣᠨ᠎ᠠ᠂ ᠲᠡᠭᠡᠪᠡᠯ᠂ ᠮᠠᠨ ᠤ | ᠬᠤᠰᠢᠭᠤ ᠡᠨᠡ ᠲᠠᠯ᠎ᠠ ᠪᠠᠷ ᠭᠤᠣᠯᠳᠠᠭᠤ ᠶᠠᠮᠠᠷ ᠶᠠᠮᠠᠷ ᠠᠵᠢᠯ ᠤᠨ ᠠᠷᠭ᠎ᠠ ᠬᠡᠮᠵᠢᠶ᠎ᠡ ᠠᠪᠤᠭᠰᠠᠨ ᠪᠣᠶ︖ | ᠬᠤᠸᠠᠩ ᠶᠦᠩ ᠴᠢᠩ᠄ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠨᠢ ᠮᠠᠨ ᠤ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠠᠪᠴᠤ ᠬᠡᠯᠡᠪᠡᠯ ᠢᠮᠠᠭᠲᠠ ᠪᠠᠷᠢᠮᠲᠠᠯᠠᠬᠤ ᠴᠢᠬᠤᠯᠠᠲᠠᠢ ᠠᠵᠢᠯ | ᠶᠤᠮ᠃ ᠨᠢᠳᠤᠨᠤᠨ ᠠᠴᠠ ᠨᠠᠭᠠᠰᠢ᠂ ᠪᠢᠳᠡ ᠭᠤᠣᠯᠳᠠᠭᠤ ᠭᠤᠷᠪᠠᠨ ᠲᠠᠯ᠎ᠠ ᠶᠢᠨ ᠠᠷᠭ᠎ᠠ ᠬᠡᠮᠵᠢᠶ᠎ᠡ ᠶᠢ ᠠᠪᠴᠠᠢ᠄ | ᠨᠢᠭᠡ ᠳᠤ᠂ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ᠂ ᠨᠢᠭᠡ ᠯᠡ ᠤᠳᠠᠭ᠎ᠠ ᠳᠤ ᠰᠢᠢᠳᠪᠦᠷᠢᠯᠡᠵᠦ | ᠳᠠᠭᠤᠰᠬᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ | ᠪᠣᠳᠠᠲᠠᠶᠢᠵᠢᠭᠤᠯᠬᠤ︾ ᠶᠡᠷᠦᠩᠬᠡᠢ ᠠᠵᠢᠯ ᠤᠨ ᠰᠡᠳᠬᠢᠮᠵᠢ ᠶᠣᠰᠣᠭᠠᠷ᠂ ᠲᠤᠬᠠᠶᠢᠯᠠᠭᠰᠠᠨ ᠠᠵᠢᠯ ᠢ ᠭᠠᠷᠲᠠᠨ | ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠬᠦ᠂ ᠬᠢᠨᠠᠨ ᠵᠥᠪᠰᠢᠶᠡᠷᠡᠬᠦ ᠡᠷᠬᠡ ᠶᠢ ᠳᠣᠷᠣᠭᠰᠢ ᠪᠠᠭᠤᠯᠭᠠᠬᠤ ᠵᠡᠷᠭᠡ | ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠤᠯ ᠤᠨ 10 ᠲᠠᠰᠤᠭ ᠤᠨ ᠴᠣᠩᠬᠤᠪᠴᠢ ᠪᠠᠷ ᠭᠠᠷᠲᠠᠨ ᠭᠦᠢᠴᠡᠳᠬᠡᠵᠦ | ᠪᠠᠶᠢᠭᠰᠠᠨ 36 ᠵᠦᠢᠯ ᠤᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠰᠤᠭ ᠲᠤ | ᠲᠥᠪᠯᠡᠷᠡᠭᠦᠯᠵᠦ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠲᠤ ᠲᠥᠪᠯᠡᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠡᠯᠧᠺᠲᠷᠣᠨ ᠵᠠᠰᠠᠭ ᠤᠨ | ᠶᠠᠪᠤᠳᠠᠯ ᠤᠨ ᠲᠠᠪᠴᠠᠩ ᠳᠤ ᠲᠥᠪᠯᠡᠷᠡᠭᠦᠯᠵᠦ᠂ ᠬᠡᠷᠡᠭ ᠭᠦᠢᠴᠡᠳᠬᠡᠬᠦ ᠵᠦᠢᠯᠡᠰ ᠤᠨ ᠶᠡᠭᠡ ᠲᠢᠩᠬᠢᠮ ᠳᠤ ᠣᠷᠣᠵᠤ | ᠰᠠᠭᠤᠬᠤ᠂ ᠬᠢᠨᠠᠨ ᠵᠥᠪᠰᠢᠶᠡᠷᠡᠬᠦ ᠡᠷᠬᠡ ᠣᠯᠭᠤᠬᠤ ᠴᠣᠩᠬᠤᠪᠴᠢ ᠶᠢ ᠪᠣᠳᠠᠲᠠᠶᠢᠵᠢᠭᠤᠯᠬᠤ᠂ ᠡᠯᠧᠺᠲᠷᠣᠨ ᠢᠶᠠᠷ | ᠬᠢᠨᠠᠨ ᠪᠠᠶᠢᠴᠠᠭᠠᠬᠤ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠭᠠᠷᠲᠠᠨ ᠭᠦᠢᠴᠡᠳᠬᠡᠬᠦ ᠲᠤᠬᠠᠶᠢᠯᠠᠭᠰᠠᠨ | ᠠᠵᠢᠯ ᠢ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ᠂ ᠨᠢᠭᠡ ᠯᠡ ᠤᠳᠠᠭ᠎ᠠ ᠳᠤ ᠰᠢᠢᠳᠪᠦᠷᠢᠯᠡᠵᠦ | ᠳᠠᠭᠤᠰᠬᠠᠬᠤ︾ ᠶᠢ ᠪᠡᠶᠡᠯᠡᠭᠦᠯᠪᠡ᠃ ᠬᠤᠶᠠᠷ ᠲᠤ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ | ᠡᠷᠬᠡ ᠶᠢ ᠳᠣᠷᠣᠭᠰᠢ ᠪᠠᠭᠤᠯᠭᠠᠪᠠ᠃ ︽ᠴᠢᠯᠦᠭᠡᠲᠡᠢ ᠲᠠᠯᠪᠢᠵᠤ ᠳᠡᠶᠢᠯᠬᠦ ᠶᠢ ᠨᠢ ᠴᠥᠮ ᠴᠢᠯᠦᠭᠡᠲᠡᠢ ᠲᠠᠯᠪᠢᠬᠤ︾ | ᠵᠠᠷᠴᠢᠮ ᠶᠣᠰᠣᠭᠠᠷ᠂ ᠡᠮᠴᠢᠯᠡᠭᠡ ᠰᠢᠯᠵᠢᠭᠦᠯᠬᠦ᠂ ᠡᠮᠨᠡᠯᠭᠡ ᠶᠢᠨ ᠬᠤᠷᠢᠶ᠎ᠠ ᠰᠢᠯᠵᠢᠭᠦᠯᠬᠦ᠂ ᠡᠭᠦᠳᠡᠨ ᠡᠮᠨᠡᠯᠭᠡ ᠶᠢᠨ | ᠤᠳᠠᠭᠠᠨ ᠴᠢᠨᠠᠷᠲᠠᠢ ᠡᠪᠡᠳᠴᠢᠨ ᠤ ᠳᠠᠩᠰᠠᠯᠠᠯᠲᠠ ᠶᠢ ᠬᠤᠰᠢᠭᠤᠨ ᠳᠣᠲᠣᠷᠠᠬᠢ ᠬᠤᠶᠠᠳᠤᠭᠠᠷ ᠳᠡᠰ ᠤᠨ | ᠡᠮᠴᠢᠯᠡᠭᠡᠨ ᠤ ᠪᠠᠶᠢᠭᠤᠯᠤᠮᠵᠢ ᠳᠤ ᠪᠠᠭᠤᠯᠭᠠᠵᠤ᠂ ᠣᠯᠠᠨ ᠲᠦᠮᠡᠨ ᠡᠮᠨᠡᠯᠭᠡ ᠶᠢᠨ ᠬᠤᠷᠢᠶ᠎ᠠ ᠪᠠ ᠡᠮᠴᠢᠯᠡᠭᠡᠨ ᠤ | ᠪᠠᠲᠤᠯᠠᠭ᠎ᠠ ᠶᠢᠨ ᠲᠤᠪᠴᠢᠶ᠎ᠠ ᠳᠤ ᠬᠤᠶᠠᠷ ᠲᠡᠰᠢ ᠭᠦᠶᠦᠬᠦ ᠪᠠᠶᠢᠳᠠᠯ ᠢ ᠪᠦᠲᠦᠮᠵᠢᠲᠡᠶ ᠬᠤᠷᠢᠭᠯᠠᠵᠤ ᠴᠢᠳᠠᠭᠰᠠᠨ | ᠪᠠᠶᠢᠨ᠎ᠠ᠃ ᠭᠤᠷᠪᠠ ᠳᠤ᠂ ︽ᠬᠠᠪᠰᠤᠷᠤᠨ ᠬᠢᠵᠦ ᠣᠷᠣᠯᠠᠨ ᠭᠦᠢᠴᠡᠳᠬᠡᠬᠦ︾ ᠶᠢ ᠴᠢᠷᠮᠠᠶᠢᠨ ᠰᠠᠶᠢᠲᠤᠷ ᠬᠢᠪᠡ᠃ | ᠱᠣᠣ ᠪᠠᠯᠭᠠᠰᠤ ᠶᠢ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠰᠢᠶᠠᠩ | ᠪᠠᠯᠭᠠᠰᠤ ᠪᠣᠯᠭᠠᠵᠤ᠂ ᠱᠤᠤ ᠪᠠᠯᠭᠠᠰᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠡᠮ ᠡᠮᠨᠡᠯᠭᠡ ᠶᠢᠨ | ᠳᠠᠭᠠᠳᠬᠠᠯ ᠤᠨ ᠣᠷᠣᠯᠠᠨ ᠭᠦᠢᠴᠡᠳᠬᠡᠬᠦ ᠴᠣᠩᠬᠤᠪᠴᠢ ᠭᠠᠷᠭᠠᠵᠤ ᠡᠮ ᠡᠮᠨᠡᠯᠭᠡ ᠶᠢᠨ ᠳᠠᠭᠠᠳᠬᠠᠯ ᠤᠨ ᠲᠠᠩᠰᠠ | ᠲᠠᠶᠢᠯᠬᠤ ᠭᠡᠷᠡᠴᠢ ᠪᠠᠷᠢᠮᠲᠠ ᠶᠢ ᠣᠷᠣᠯᠠᠨ ᠬᠤᠷᠢᠶᠠᠬᠤ ᠪᠠ ᠲᠦᠩᠯᠢᠶᠣᠣ ᠬᠤᠲᠠ ᠶᠢᠨ ᠺᠠᠶᠢᠯᠤ ᠰᠢᠶᠠᠨ ᠤ | ᠡᠮᠨᠡᠯᠭᠡ ᠶᠢᠨ ᠬᠤᠷᠢᠶ᠎ᠠ ᠶᠢ ᠠᠷᠤ ᠬᠤᠷᠴᠢᠨ ᠬᠤᠰᠢᠭᠤᠨ ᠤ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠳᠤ | ᠣᠷᠣᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠱᠤᠤ ᠪᠠᠯᠭᠠᠰᠤᠨ ᠤ ᠣᠯᠠᠨ ᠲᠦᠮᠡᠨ ᠤ ᠲᠦᠩᠯᠢᠶᠣᠣ | ᠬᠤᠲᠠ ᠶᠢᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠳᠤ ᠡᠮᠨᠡᠭᠦᠯᠦᠭᠰᠡᠨ ᠤ ᠳᠠᠷᠠᠭ᠎ᠠ ᠰᠢᠭᠤᠳ ᠱᠤᠤ | ᠪᠠᠯᠭᠠᠰᠤᠨ ᠳᠤ ᠣᠨᠳᠣᠣ ᠭᠠᠵᠠᠷ ᠲᠤ ᠡᠮᠨᠡᠭᠦᠯᠬᠦ ᠶᠢ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠶᠢ ᠲᠦᠯᠬᠢᠨ | ᠠᠬᠢᠭᠤᠯᠵᠤ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠡᠮᠨᠡᠭᠦᠯᠬᠦ ᠶᠢ ᠪᠡᠶᠡᠯᠡᠭᠦᠯᠪᠡ᠃ ᠲᠠᠷᠠᠭᠠᠴᠢ ᠶᠢᠨ | ᠠᠯᠬᠤᠮ ᠳᠤ᠂ ᠪᠢᠳᠡ ᠲᠤᠷᠰᠢᠯᠲᠠ ᠶᠢᠨ ᠴᠡᠭ ᠤᠨ ᠲᠤᠷᠰᠢᠯᠭ᠎ᠠ ᠪᠠᠨ ᠳ᠋ᠦᠩᠨᠡᠵᠦ᠂ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠠᠵᠢᠯ ᠤᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ | ᠦᠢᠯᠡᠳᠦᠯ ᠴᠢᠳᠠᠪᠤᠷᠢ ᠶᠢ ᠦᠷᠭᠦᠯᠵᠢᠯᠡᠨ ᠰᠢᠯᠢᠳᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ | ᠡᠪᠡᠳᠴᠢᠨ ᠦᠵᠡᠭᠦᠯᠬᠦ ᠳᠤ ᠨᠠᠩ ᠥᠨᠳᠥᠷ ᠪᠦᠲᠦᠮᠵᠢᠲᠡᠶ᠂ ᠨᠠᠩ ᠳᠥᠭᠦᠮ ᠳᠥᠲᠡ ᠨᠦᠬᠦᠴᠡᠯ ᠬᠠᠩᠭᠠᠨ᠂ ᠡᠳ᠋ | ᠮᠦᠩᠬᠦ ᠶᠢ ᠨᠢ ᠨᠡᠩ ᠢᠯᠡᠭᠦᠦ ᠠᠷᠪᠢᠯᠠᠬᠤ ᠪᠣᠯᠣᠨ᠎ᠠ᠃ | ᠰᠣᠷᠪᠣᠯᠵᠢᠯᠠᠭᠴᠢ᠄ ᠰᠢ ᠶᠢᠨ ᠫᠢᠩ ᠶᠡᠷᠦᠩᠬᠡᠢ ᠱᠦᠵᠢ ᠣᠯᠠᠨ ᠤᠳᠠᠭ᠎ᠠ ᠴᠢᠬᠤᠯᠠᠴᠢᠯᠠᠬᠤ ᠳᠠᠭᠠᠨ᠂ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠣᠯ ᠠᠷᠠᠳ ᠣᠯᠠᠨ ᠤ ᠡᠪᠡᠳᠴᠢᠨ ᠵᠠᠰᠠᠵᠤ ᠠᠮᠢ ᠠᠪᠤᠷᠠᠬᠤ | ᠵᠣᠭᠤᠰ ᠮᠥᠨ᠂ ᠡᠭᠦᠨ ᠢ ᠵᠠᠪᠠᠯ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠬᠡᠷᠡᠭᠲᠡᠢ ᠭᠡᠵᠡᠢ᠃ ᠡᠨᠡ ᠲᠠᠯ᠎ᠠ ᠪᠠᠷ | ᠶᠠᠮᠠᠷ ᠶᠠᠮᠠᠷ ᠠᠵᠢᠯ ᠬᠢᠭᠰᠡᠨ ᠪᠤᠢ︖ | ᠬᠤᠸᠠᠩ ᠶᠦᠩ ᠴᠢᠩ᠄ 2021 ᠣᠨ ᠤ ᠡᠬᠢ ᠪᠠᠷ᠂ ᠠᠷᠤ ᠬᠤᠷᠴᠢᠨ ᠬᠤᠰᠢᠭᠤ ᠶᠢ ᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠪᠥᠬᠦ ᠬᠤᠲᠠ ᠶᠢᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠬᠤᠰᠢᠭᠤ ᠰᠢᠶᠠᠨ ᠢᠶᠠᠷ ᠲᠣᠭᠲᠠᠭᠠᠪᠠ᠃ ᠬᠤᠰᠢᠭᠤᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠢᠨᠠᠯᠲᠠ | ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ᠂ ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ | ᠠᠰᠠᠭᠤᠬᠤ ᠶᠢ ᠴᠢᠩᠭᠠᠳᠬᠠᠬᠤ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠮᠡᠬᠡᠯᠡᠨ ᠬᠢᠬᠠᠬᠤ ᠪᠠ ᠳᠠᠭᠠᠳᠬᠠᠯ ᠢ ᠮᠡᠬᠡᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠰᠠᠭᠤᠷᠢ ᠮᠥᠩᠭᠦᠨ ᠤ ᠵᠦᠢ ᠵᠣᠬᠢᠰ ᠦᠭᠡᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠠᠵᠢᠯᠯᠠᠬᠤ ᠶᠢ ᠬᠦᠴᠦᠲᠡᠢ ᠬᠠᠮᠠᠭᠠᠯᠠᠪᠠ᠃ 2021 | ᠣᠨ ᠳᠤ᠂ ᠪᠥᠬᠦ ᠬᠤᠰᠢᠭᠤᠨ ᠤ 34 ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠳᠤ 4 ᠤᠳᠠᠭ᠎ᠠ ᠪᠥᠬᠦ | ᠲᠠᠯ᠎ᠠ ᠶᠢᠨ ᠪᠠᠶᠢᠴᠠᠭᠠᠯᠲᠠ ᠬᠢᠵᠦ᠂ 8 ᠡᠮᠨᠡᠯᠭᠡ ᠶᠢᠨ ᠬᠤᠷᠢᠶ᠎ᠠ ᠲᠠᠢ ᠪᠣᠯᠵᠣᠨ ᠶᠠᠷᠢᠯᠴᠠᠵᠤ᠂ ᠲᠣᠭᠲᠠᠭᠠᠯ ᠠᠴᠠ | ᠵᠥᠷᠢᠴᠡᠭᠰᠡᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ 199 ᠲᠦᠮᠡᠨ ᠲᠥᠭᠦᠷᠢᠭ ᠰᠠᠭᠤᠯᠭᠠᠨ | ᠲᠣᠷᠭᠠᠪᠠ︔ ᠪᠥᠬᠦ ᠬᠤᠰᠢᠭᠤᠨ ᠤ 186 ᠲᠣᠭᠲᠠᠮᠠᠯ ᠴᠡᠭ ᠤᠨ ᠡᠮ ᠤᠨ ᠳᠡᠯᠭᠡᠭᠦᠷ ᠲᠤ 2 ᠤᠳᠠᠭ᠎ᠠ ᠪᠥᠬᠦ | ᠲᠠᠯ᠎ᠠ ᠶᠢᠨ ᠪᠠᠶᠢᠴᠠᠭᠠᠯᠲᠠ ᠪᠠ 80 ᠤᠳᠠᠭ᠎ᠠ ᠰᠤᠭᠤᠴᠢᠨ ᠪᠠᠶᠢᠴᠠᠭᠠᠯᠲᠠ ᠬᠢᠵᠦ᠂ 25 ᠲᠣᠭᠲᠠᠮᠠᠯ ᠴᠡᠭ ᠤᠨ | ᠡᠮ ᠤᠨ ᠳᠡᠯᠭᠡᠭᠦᠷ ᠢ ᠲᠣᠷᠭᠠᠵᠤ᠂ ᠲᠣᠭᠲᠠᠭᠠᠯ ᠠᠴᠠ ᠵᠥᠷᠢᠴᠡᠭᠰᠡᠨ ᠵᠣᠭᠤᠰ ᠤᠨ ᠲᠤᠭ᠎ᠠ 1 ᠲᠦᠮᠡᠨ | ᠲᠥᠭᠦᠷᠢᠭ ᠢᠶᠠᠷ ᠲᠤᠷᠭᠠᠪᠠ︔ᠭᠠᠳᠠᠷ ᠰᠢᠷᠬ᠎ᠠ ᠶᠢ 639 ᠬᠥᠮᠥᠨ ᠤᠳᠠᠭ᠎ᠠ ᠪᠠᠶᠢᠴᠠᠭᠠᠵᠤ᠂ 23 ᠬᠥᠮᠥᠨ | ᠤᠳᠠᠭ᠎ᠠ ᠳᠤ ᠭᠤᠷᠪᠠᠳᠠᠭᠢ ᠡᠲᠡᠭᠡᠳ ᠤᠨ ᠬᠠᠷᠢᠭᠤᠴᠠᠯᠭ᠎ᠠ ᠣᠷᠣᠰᠢᠵᠤ ᠲᠠᠩᠰᠠ ᠲᠠᠶᠢᠯᠬᠤ ᠦᠭᠡᠢ ᠪᠠᠷ ᠦᠨᠡᠯᠡᠨ | ᠲᠤᠭᠲᠠᠭᠠᠵᠤ᠂ ᠬᠤᠯᠪᠣᠭᠳᠠᠭᠰᠠᠨ ᠡᠮ ᠡᠮᠨᠡᠯᠭᠡ ᠶᠢᠨ ᠵᠠᠷᠤᠳᠠᠯ ᠤᠨ ᠶᠡᠷᠦᠩᠬᠡᠢ ᠲᠤᠭ᠎ᠠ 81 ᠲᠦᠮᠡᠨ ᠲᠥᠭᠦᠷᠢᠭ ᠲᠤ | ᠬᠦᠷᠴᠡᠢ᠃ | ᠰᠣᠷᠪᠣᠯᠵᠢᠯᠠᠭᠴᠢ᠄ ᠲᠡᠭᠡᠪᠡᠯ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠶᠠᠳᠠᠭᠤ ᠠᠴᠠ | ᠠᠩᠭᠢᠵᠢᠷᠠᠭᠤᠯᠬᠤ ᠪᠡᠷᠬᠡ ᠶᠢ ᠳᠠᠪᠠᠭ᠋ᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠲᠠᠯ᠎ᠠ ᠪᠠᠷ ᠶᠠᠮᠠᠷ ᠶᠠᠮᠠᠷ ᠠᠵᠢᠯ ᠬᠢᠵᠦ᠂ ᠶᠠᠮᠠᠷ ᠶᠠᠮᠠᠷ ᠦᠢᠯᠡᠳᠦᠯ ᠪᠠᠳᠠᠷᠠᠭᠤᠯᠤᠭᠰᠠᠨ ᠪᠣᠢ︖ | ᠬᠤᠸᠠᠩ ᠶᠦᠩ ᠴᠢᠩ᠄ ᠭᠤᠣᠯᠳᠠᠭᠤ ᠳᠣᠣᠷᠠᠬᠢ ᠲᠦᠷᠪᠡᠨ ᠲᠠᠯ᠎ᠠ ᠶᠢᠨ ᠠᠵᠢᠯ ᠢ ᠬᠢᠪᠡ᠃ ᠨᠢᠭᠡ ᠳᠤ᠂ | ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢ ᠪᠣᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠪᠠ᠃ 2021 | ᠣᠨ ᠳᠤ᠂ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ | ᠰᠦᠢᠳᠬᠡᠯ ᠲᠤᠰᠢᠶᠠᠬᠤ ᠡᠭᠦᠷᠭᠡ ᠳᠠᠬᠢ ᠶᠠᠳᠠᠭᠤ ᠠᠴᠠ ᠠᠩᠭᠢᠵᠢᠷᠠᠭᠰᠠᠨ ᠡᠷᠦᠬᠡ᠂ ᠣᠨᠴᠠ ᠬᠦᠴᠢᠷᠳᠡᠯᠲᠡᠢ ᠬᠥᠮᠥᠰ | ᠵᠡᠷᠭᠡ ᠭᠤᠣᠯᠳᠠᠯᠭ᠎ᠠ ᠲᠠᠢ ᠬᠥᠮᠥᠰ ᠪᠦᠬᠦᠨ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠪᠡᠶᠡᠯᠡᠭᠦᠯᠦᠭᠰᠡᠨ ᠪᠠᠶᠢᠨ᠎ᠠ᠃ | 2022 ᠣᠨ ᠠᠴᠠ ᠡᠬᠢᠯᠡᠨ᠂ ᠬᠤᠲᠠ ᠶᠢᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠠᠮᠤᠭ ᠨᠠᠭᠠᠲᠤ ᠵᠠᠬ᠎ᠠ ᠶᠢᠨ ᠠᠮᠢᠳᠣᠷᠠᠯ ᠤᠨ | ᠪᠠᠲᠤᠯᠠᠭ᠎ᠠ ᠭᠥᠷᠳᠡᠬᠦ ᠡᠲᠡᠭᠡᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠤᠨ ᠵᠣᠭᠤᠰ ᠢᠶᠠᠷ ᠲᠤᠰᠠᠯᠠᠬᠤ | ᠬᠠᠷᠢᠴᠠᠯ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠭᠰᠡᠨ ᠪᠥᠭᠡᠳ ᠴᠠᠭ ᠲᠤᠬᠠᠢ ᠳᠤᠨᠢ ᠮᠠᠯᠵᠢᠬᠤ ᠲᠠᠷᠢᠶᠠᠯᠠᠬᠤ | ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠬᠡᠮᠵᠢᠬᠦ ᠬᠡᠪᠴᠢᠶᠡᠨ ᠳᠠᠬᠢ ᠶᠠᠳᠠᠭᠤ ᠠᠴᠠ | ᠠᠩᠭᠢᠵᠢᠷᠠᠭᠤᠯᠤᠭᠰᠠᠨ ᠲᠣᠭᠲᠠᠭᠤᠨ ᠪᠤᠰᠤ ᠬᠥᠮᠥᠰ ᠪᠠ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠬᠥᠮᠥᠰ ᠢ ᠡᠮ | ᠡᠮᠨᠡᠯᠭᠡ ᠶᠢᠨ ᠳᠠᠭᠠᠳᠬᠠᠯ ᠤᠨ ᠵᠠᠷᠤᠳᠠᠯ ᠤᠨ ᠵᠣᠭᠤᠰ ᠢᠶᠠᠷ ᠲᠤᠰᠠᠯᠠᠬᠤ ᠬᠡᠪᠴᠢᠶᠡᠨ ᠳᠤ ᠣᠷᠣᠭᠤᠯᠵᠠᠢ᠃ | ᠬᠤᠶᠠᠷ ᠲᠤ᠂ ᠬᠦᠨᠳᠦ ᠡᠪᠡᠳᠴᠢᠨ ᠤ ᠳᠠᠭᠠᠳᠬᠠᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠪᠡ᠃ ᠬᠦᠨᠳᠦ | ᠡᠪᠡᠳᠴᠢᠨ ᠤ ᠳᠠᠭᠠᠳᠬᠠᠯ ᠤᠨ ᠲᠦᠭᠡᠮᠡᠯ ᠬᠠᠷᠠᠭᠠᠯᠵᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠰᠠᠭᠤᠷᠢᠨ | ᠳᠡᠭᠡᠷ᠎ᠡ᠂ ᠣᠨᠴᠠ ᠬᠦᠴᠢᠷᠳᠡᠯᠲᠡᠢ ᠬᠥᠮᠥᠰ᠂ ᠬᠠᠮᠤᠭ ᠨᠠᠭᠠᠲᠤ ᠵᠠᠬ᠎ᠠ ᠶᠢᠨ ᠠᠮᠢᠳᠣᠷᠠᠯ ᠤᠨ ᠪᠠᠲᠤᠯᠠᠭ᠎ᠠ ᠶᠢᠨ | ᠡᠲᠡᠭᠡᠳ᠂ ᠳᠠᠬᠢᠨ ᠶᠠᠳᠠᠭᠤᠷᠠᠭᠰᠠᠨ ᠬᠥᠮᠥᠨ ᠠᠮᠠ ᠳᠤ ᠢᠯᠡᠭᠦᠦ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ᠂ ᠡᠬᠢᠯᠡᠵᠦ ᠲᠣᠭᠠᠴᠠᠭ᠎ᠠ ᠬᠢᠬᠦ ᠪᠠᠷᠢᠮᠵᠢᠶ᠎ᠠ ᠶᠢ 50% ᠪᠠᠷ ᠪᠠᠭᠤᠷᠠᠭᠤᠯᠤᠨ᠂ ᠲᠣᠭᠠᠴᠠᠭ᠎ᠠ ᠬᠢᠬᠦ | ᠬᠠᠷᠢᠴᠠᠯ ᠢ 5 ᠵᠠᠭᠤᠨ ᠤ ᠴᠡᠭ ᠳᠡᠭᠡᠭᠰᠢᠯᠡᠭᠦᠯᠦᠭᠰᠡᠨ ᠪᠥᠭᠡᠳ ᠬᠠᠮᠤᠭ ᠤᠨ ᠥᠨᠳᠥᠷ ᠲᠣᠭᠠᠴᠠᠭ᠎ᠠ ᠬᠢᠬᠦ ᠬᠢᠵᠠᠭᠠᠷ | ᠲᠤᠭ᠎ᠠ ᠶᠢ ᠬᠦᠴᠦᠨ ᠦᠭᠡᠢ ᠪᠣᠯᠭᠠᠪᠠ᠃ ᠭᠤᠷᠪᠠ ᠳᠤ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠦᠨᠳᠦᠰᠦᠨ | ᠵᠦᠢᠯ ᠢ ᠪᠠᠲᠤᠯᠠᠬᠤ ᠪᠠᠲᠤᠯᠠᠭ᠎ᠠ ᠶᠢ ᠪᠠᠬᠢᠵᠢᠭᠦᠯᠪᠡ᠃ ᠨᠢᠭᠡᠳᠦᠯᠲᠡᠢ ᠪᠥᠭᠡᠳ ᠵᠢᠷᠤᠮᠵᠢᠭᠤᠨ ᠡᠮ ᠡᠮᠨᠡᠯᠭᠡ ᠶᠢᠨ | ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠡᠲᠡᠭᠡᠳ ᠢ ᠣᠨᠴᠠ | ᠬᠦᠴᠢᠷᠳᠡᠯ ᠲᠠᠢ ᠬᠥᠮᠥᠰ᠂ ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ᠂ ᠲᠠᠬᠢᠨ | ᠶᠠᠳᠠᠭᠤᠷᠠᠭᠰᠠᠨ ᠬᠥᠮᠥᠨ ᠠᠮᠠ᠂ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠬᠥᠮᠥᠰ᠂ ᠵᠠᠬ᠎ᠠ ᠬᠢᠵᠠᠭᠠᠷ ᠤᠨ | ᠠᠮᠠᠷᠬᠠᠨ ᠶᠠᠳᠠᠭᠤᠷᠠᠬᠤ ᠬᠥᠮᠥᠰ ᠪᠠ ᠨᠢᠭᠡᠨᠲᠡ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ | ᠡᠪᠡᠳᠴᠢᠨ ᠠᠴᠠ ᠪᠣᠯᠵᠤ ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠪᠣᠯᠤᠭᠰᠠᠨ ᠠᠴᠠ ᠪᠣᠯᠵᠤ ᠦᠨᠳᠦᠰᠦᠨ | ᠠᠮᠢᠳᠤᠷᠠᠯ ᠳᠤᠨᠢ ᠬᠦᠨᠳᠦ ᠨᠣᠴᠢᠲᠠᠢ ᠬᠦᠴᠢᠷᠳᠡᠯ ᠲᠠᠢ ᠬᠥᠮᠥᠰ ᠪᠣᠯᠭᠠᠨ ᠲᠣᠬᠢᠷᠠᠭᠤᠯᠤᠨ᠎ᠠ᠃ ᠳᠥᠷᠪᠡ ᠳᠤ᠂ | ᠬᠥᠳᠡᠯᠦᠩᠭᠦᠢ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠪᠠ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠵᠡᠮᠳᠡᠭᠴᠦᠳ ᠤᠨ ᠬᠤᠯᠪᠣᠭ᠎ᠠ ᠵᠡᠷᠭᠡ ᠯᠦᠭᠡ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ | ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠭᠤᠷᠪᠠᠨ | ᠳᠠᠪᠬᠤᠷ ᠪᠠᠲᠤᠯᠠᠭ᠎ᠠ ︵ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠡᠮ | ᠡᠮᠨᠡᠯᠭᠡ ᠶᠢᠨ ᠠᠪᠤᠷᠠᠨ ᠲᠤᠰᠠᠯᠠᠯᠲᠠ︶᠂ ᠠᠷᠠᠳ ᠤᠨ ᠶᠠᠪᠤᠳᠠᠯ ᠤᠨ ᠲᠦᠷ ᠴᠠᠭ ᠤᠨ ᠠᠪᠤᠷᠠᠨ ᠲᠤᠰᠠᠯᠠᠯᠲᠠ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ | ᠵᠡᠷᠭᠡ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠠᠷ ᠳᠡᠮᠵᠢᠨ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ | ᠪᠠᠶᠢᠳᠠᠯ ᠡᠭᠦᠰᠬᠦ ᠶᠢ ᠪᠦᠲᠦᠮᠵᠢᠲᠡᠶ ᠰᠡᠷᠭᠡᠶᠢᠯᠡᠪᠡ᠃ | ᠰᠣᠷᠪᠣᠯᠵᠢᠯᠠᠭᠴᠢ᠄ ᠰᠠᠶ᠋ᠢᠬᠠᠨ ᠪᠢᠳᠡ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ | ᠪᠠᠶᠢᠭᠤᠯᠤᠭᠳᠠᠭᠰᠠᠨ ᠠᠴᠠ ᠨᠠᠰᠢᠬᠢ ᠮᠠᠨ ᠤ ᠠᠷᠤ ᠬᠤᠷᠴᠢᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ | ᠦᠢᠯᠡᠰ ᠤᠨ ᠣᠯᠣᠭᠰᠠᠨ ᠠᠮᠵᠢᠯᠲᠠ ᠪᠦᠲᠦᠮᠵᠢ ᠪᠠ ᠠᠪᠤᠭᠰᠠᠨ ᠭᠤᠣᠯ ᠠᠵᠢᠯ ᠤᠨ ᠠᠷᠭ᠎ᠠ ᠬᠡᠮᠵᠢᠶ᠎ᠡ ᠶᠢ | ᠡᠷᠭᠢᠴᠡᠭᠦᠯᠵᠡᠢ᠂ ᠲᠡᠭᠡᠪᠡᠯ ᠲᠠᠷᠠᠭᠠᠴᠢ ᠶᠢᠨ ᠠᠯᠬᠤᠮ ᠳᠤ ᠮᠠᠨ ᠤ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ | ᠭᠤᠣᠯᠳᠠᠯᠭ᠎ᠠ ᠨᠢ ᠶᠠᠭᠤ ᠪᠣᠶ︖ | ᠬᠤᠸᠠᠩ ᠶᠦᠩ ᠴᠢᠩ᠄ 2022 ᠣᠨ ᠳᠤ᠂ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠳᠣᠣᠷᠠᠬᠢ ᠬᠡᠳᠦᠨ ᠲᠠᠯ᠎ᠠ ᠶᠢᠨ ᠠᠵᠢᠯ ᠢ ᠬᠦᠴᠦᠯᠡᠨ ᠰᠠᠶᠢᠲᠤᠷ ᠬᠢᠬᠦ ᠪᠠᠷ ᠪᠣᠢ᠄ ᠨᠢᠭᠡ ᠳᠤ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ | ᠣᠷᠣᠯᠭ᠎ᠠ ᠪᠠᠭᠠᠲᠠᠢ ᠬᠥᠮᠥᠨ ᠠᠮᠠ ᠶᠢᠨ ᠳᠠᠭᠠᠳᠬᠠᠯ ᠳᠤ ᠣᠷᠤᠯᠴᠠᠬᠤ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠯᠵᠢᠯᠲᠡ ᠶᠢᠨ ᠬᠤᠭᠤᠴᠠᠭᠠᠨ ᠳᠠᠬᠢ | ᠡᠯ᠎ᠡ ᠵᠦᠢᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ | ᠨᠠᠶᠢᠳᠠᠪᠤᠷᠢᠵᠢᠭᠤᠯᠤᠨ᠎ᠠ᠃ ᠬᠤᠶᠠᠷ ᠲᠤ ᠡᠮᠴᠢᠯᠡᠭᠡᠨ ᠤ ᠪᠠᠲᠤᠯᠠᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ | ᠯᠠᠪᠳᠠᠭᠤᠨ ᠢᠶᠠᠷ ᠠᠬᠢᠭᠤᠯᠵᠤ᠂ DIP ᠬᠤᠪᠢ ᠶᠢᠨ ᠥᠷᠲᠡᠭ ᠢᠶᠠᠷ ᠰᠦᠢᠳᠬᠡᠯ ᠲᠤᠰᠢᠶᠠᠬᠤ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ | ᠵᠦᠢᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠲᠤᠭ᠎ᠠ ᠬᠡᠮᠵᠢᠶ᠎ᠡ ᠲᠠᠢ ᠪᠠᠷ ᠬᠤᠳᠠᠯᠳᠤᠨ ᠠᠪᠬᠤ ᠠᠵᠢᠯ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠭᠤᠷᠪᠠ ᠳᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠪᠤᠷᠠᠨ ᠵᠠᠰᠠᠬᠤ ᠵᠠᠷᠤᠳᠠᠯ ᠤᠨ | ᠪᠠᠲᠤᠯᠠᠭ᠎ᠠ ᠶᠢ ᠰᠠᠶᠢᠲᠤᠷ ᠬᠢᠨ᠂ ︽ᠬᠤᠶᠠᠷ ᠢ ᠯᠠᠪᠲᠠᠢ ᠪᠠᠲᠤᠯᠠᠬᠤ︾ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠨᠠᠶᠢᠳᠠᠪᠤᠷᠢᠵᠢᠭᠤᠯᠵᠤ᠂ ᠡᠮᠴᠢᠯᠡᠭᠡᠨ ᠤ ᠵᠠᠷᠤᠳᠠᠯ ᠢ ᠭᠦᠢᠴᠡᠳ ᠲᠤᠭ᠎ᠠ ᠪᠠᠷ ᠳ᠋ᠦᠩᠨᠡᠨ ᠪᠤᠳᠤᠬᠤ ᠶᠢ ᠪᠠᠲᠤᠯᠠᠨ᠎ᠠ᠃ | ᠳᠥᠷᠪᠡ ᠳᠤ᠂ ᠰᠠᠭᠤᠷᠢ ᠮᠥᠩᠭᠦᠨ ᠤ ᠬᠢᠨᠠᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠂ ᠪᠦᠭᠦ ᠶᠠᠪᠤᠴᠠ᠂ | ᠪᠦᠭᠦ ᠬᠦᠷᠢᠶ᠎ᠡ ᠶᠢ ᠢᠯᠠ ᠲᠣᠳᠣ ᠪᠠᠶᠢᠯᠭᠠᠬᠤ ᠶᠢ ᠪᠠᠲᠤᠯᠠᠵᠤ᠂ ᠲᠤᠰᠬᠠᠢ ᠵᠦᠢᠯ ᠤᠨ ᠪᠠᠶᠢᠴᠠᠭᠠᠯᠲᠠ ᠶᠢᠨ ᠢᠯᠠ | ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠯᠭᠠᠬᠤ ᠶᠢ ᠪᠠᠲᠤᠯᠠᠨ᠂ ᠰᠠᠭᠤᠷᠢ ᠮᠥᠩᠭᠦᠨ ᠤ ᠠᠵᠢᠯᠯᠠᠭᠠᠨ ᠤ | ᠵᠠᠳᠠᠯᠤᠯᠲᠠ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠰᠠᠭᠤᠷᠢ ᠮᠥᠩᠭᠦᠨ ᠤ ᠠᠵᠢᠯᠯᠠᠭᠠᠨ ᠤ | ᠵᠠᠳᠠᠯᠤᠯᠲᠠ ᠶᠢᠨ ᠭᠦᠢᠴᠡᠳᠬᠡᠯ ᠲᠤᠭ᠎ᠠ ᠪᠠ ᠵᠠᠭᠪᠤᠷ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠮᠠᠨ ᠤ | ᠬᠤᠰᠢᠭᠤᠨ ᠤ ᠣᠨᠴᠠᠯᠢᠭ ᠲᠠᠢ ᠰᠠᠭᠤᠷᠢ ᠮᠥᠩᠭᠦᠨ ᠤ ᠠᠵᠢᠯᠯᠠᠭᠠᠨ ᠤ ᠵᠠᠳᠠᠯᠤᠯᠲᠠ ᠶᠢᠨ ᠰᠢᠨ᠎ᠡ ᠵᠠᠭᠪᠤᠷ ᠢ | ᠪᠦᠷᠢᠯᠳᠦᠭᠦᠯᠦᠨ᠎ᠡ᠃ ᠲᠠᠪᠤ ᠳᠤ᠂ ᠨᠢᠭᠡᠳᠦᠯᠲᠡᠢ ᠭᠠᠷᠲᠠᠨ ᠭᠦᠢᠴᠡᠳᠬᠡᠬᠦ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠶᠢ ᠵᠢᠷᠤᠮᠵᠢᠭᠤᠯᠬᠤ ᠲᠦᠪᠰᠢᠨ ᠢ | ᠳᠡᠭᠡᠭᠰᠢᠯᠡᠭᠦᠯᠵᠦ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠣᠭᠲᠠᠴᠠ ᠶᠢ | ᠲᠡᠭᠦᠯᠳᠡᠷᠵᠢᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ | ᠪᠠᠬᠢᠵᠢᠭᠦᠯᠦᠨ᠎ᠡ︔ ᠵᠢᠷᠭᠤᠭ᠎ᠠ ᠳᠤ᠂ ᠡᠮ ᠡᠮᠨᠡᠯᠭᠡ ᠶᠢᠨ ᠳᠠᠭᠠᠳᠬᠠᠯ ᠤᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ | ᠮᠥᠴᠢᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠦᠨᠡᠨ ᠬᠦ ᠪᠠᠳᠠᠷᠠᠭᠤᠯᠤᠨ᠂ ᠠᠷᠤ ᠬᠤᠷᠴᠢᠨ ᠬᠤᠰᠢᠭᠤᠨ ᠤ | ᠠᠷᠠᠳ ᠣᠯᠠᠨ ᠳᠤ ᠲᠠᠭᠠᠰᠢᠶᠠᠭᠳᠠᠭᠰᠠᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠨ᠎ᠡ ᠪᠠᠶᠢᠷᠢᠰᠢᠯ ᠢ ᠴᠢᠷᠮᠠᠶᠢᠨ ᠪᠤᠢ | ᠪᠣᠯᠭᠠᠨ᠎ᠠ᠃ | |