︽ᠤᠯᠠᠭᠠᠨᠬᠠᠳᠠ ᠬᠤᠲᠠ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ | ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ | ᠤᠯᠠᠭᠠᠨᠬᠠᠳᠠ ᠵᠠᠰᠠᠭ ᠲᠠᠷᠬᠠᠭᠠᠭᠰᠠᠨ ︹2022︺ 33 ᠳ᠋ᠤᠭᠠᠷ ᠲᠣᠭᠠᠲᠤ | | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ | ᠵᠥᠪᠯᠡᠯ ᠠᠯᠪᠠᠨ ᠬᠡᠷ ᠲᠣᠪᠴᠢᠶ᠎ᠠ ᠳᠤ᠄ | ︽ᠤᠯᠠᠭᠠᠨᠬᠠᠳᠠ ᠬᠤᠲᠠ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ | ᠬᠡᠷᠡᠭᠵᠢᠭᠦᠯᠬᠦ ᠠᠷᠭ᠎ᠠ︾ ᠶᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2022 ᠣᠨ ᠤ 5 | ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠲᠠᠨᠠᠷ ᠲᠤ ᠳᠠᠷᠤᠮᠠᠯᠯᠠᠨ | ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | 2022 ᠣᠨ ᠤ 3 ᠰᠠᠷ᠎ᠠ ᠶᠢᠨ 24 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | ᠤᠯᠠᠭᠠᠨᠬᠠᠳᠠ ᠬᠤᠲᠠ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ | ᠪᠦᠷᠬᠦᠭᠦᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ | | ᠨᠢᠭᠡᠳᠦᠭᠡᠷ ᠪᠦᠯᠦᠭ ᠵᠡᠷᠦᠩᠬᠡᠶ ᠲᠦᠷᠢᠮ | ᠨᠢᠭᠡᠳᠦᠭᠡᠷ ᠵᠦᠢᠯ ᠪᠦᠬᠦ ᠬᠤᠲᠠ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠪᠦᠷᠢᠯᠡᠯ᠂ | ᠡᠵᠡᠩᠨᠡᠯᠲᠡ᠂ ᠬᠡᠷᠡᠭᠯᠡᠯᠲᠡ᠂ ᠬᠠᠮᠢᠶᠠᠷᠤᠯᠲᠠ ᠪᠠ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠭᠦᠯ ᠢ ᠡᠭᠡᠭᠦᠯᠦᠨ | ᠬᠤᠷᠢᠶᠠᠵᠤ ᠠᠰᠢᠭᠯᠠᠬᠤ ᠶᠢ ᠴᠢᠩᠭᠠᠳᠬᠠᠵᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠪᠠᠭᠠᠰᠬᠠᠵᠤ᠂ ᠠᠮᠢ | ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠲᠠᠷᠢᠶᠠᠯᠠᠩ ᠤᠨ ᠪᠣᠬᠢᠷᠲᠤᠯ ᠦᠭᠡᠶ ᠴᠢᠨᠠᠷ ᠰᠠᠶᠢᠲᠠᠶ | ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ | ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ︽ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ | ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠢᠯᠡᠳᠬᠦᠨ ᠤ ᠶᠠᠰᠤ ᠴᠢᠨᠠᠷ ᠤᠨ ᠬᠠᠤᠯᠢ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠳᠥᠷᠢᠮ ᠤᠨ | ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠶᠢ ᠪᠥᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ᠂ ᠡᠭᠡᠭᠦᠯᠦᠨ ᠬᠤᠷᠢᠶᠠᠵᠤ | ᠳᠠᠬᠢᠨ ᠠᠰᠢᠭᠯᠠᠬᠤ ᠡᠵᠡᠩᠨᠡᠯᠲᠡ ᠶᠢᠨ ᠭᠤᠤᠯ ᠴᠣᠭᠴᠠ᠂ ᠬᠤᠪᠢ ᠬᠥᠮᠦᠨ ᠵᠢᠴᠢ ᠵᠠᠰᠠᠭ ᠵᠠᠬᠢᠷᠭᠠᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠡᠷᠡᠭᠯᠡᠨ᠎ᠡ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ | ᠭᠡᠳᠡᠭ ᠨᠢ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ ᠭᠠᠵᠠᠷ ᠤᠨ ᠭᠠᠳᠠᠷᠭᠤ ᠶᠢ ᠪᠦᠷᠬᠦᠬᠦ ᠨᠢᠮᠭᠡᠨ ᠪᠦᠷᠬᠦᠭᠦᠯ | ᠪᠠ ᠫᠧᠩ ᠤᠨ ᠪᠦᠷᠬᠦᠪᠴᠢ ᠶᠢ ᠵᠢᠭᠠᠵᠤ ᠪᠤᠢ᠃ | ᠳᠥᠷᠪᠡᠳᠦᠭᠡᠷ ᠵᠦᠢᠯ ᠪᠥᠬᠦ ᠬᠤᠲᠠ ᠶᠢᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠣᠰ ᠵᠠᠰᠠᠭ | ᠵᠠᠬᠢᠷᠭᠠᠨ ᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠠᠶᠤᠯᠭᠦᠶ ᠦᠢᠯᠡᠳᠪᠦᠷᠢᠯᠡᠯ᠂ ᠵᠠᠬ᠎ᠠ | ᠳᠡᠯᠭᠡᠭᠦᠷ ᠤᠨ ᠡᠵᠡᠩᠨᠡᠯᠲᠡ᠂ ᠡᠭᠡᠭᠦᠯᠦᠨ ᠬᠤᠷᠢᠶᠠᠵᠤ ᠬᠡᠷᠡᠭᠯᠡᠬᠦ ᠪᠥᠬᠦ ᠬᠡᠯᠬᠢᠶ᠎ᠡ᠂ ᠡᠯ᠎ᠡ ᠭᠤᠭᠴᠤᠭ᠎ᠠ ᠳᠤ ᠬᠢᠨᠠᠯᠲᠠ | ᠬᠠᠮᠢᠶᠠᠷᠤᠯᠲᠠ ᠶᠠᠪᠤᠭᠤᠯᠤᠨ᠎ᠠ᠃ | ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠪᠠᠶᠢᠭᠠᠳ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ | ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠭᠤᠣᠯ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠪᠣᠳᠠᠲᠠᠶ ᠪᠠᠶᠢᠷᠢᠯᠠᠭᠤᠯᠬᠤ ᠶᠢ | ᠬᠠᠷᠢᠭᠤᠴᠠᠵᠤ᠂ ᠬᠠᠷᠠᠯᠲᠠᠲᠤ ᠬᠠᠷᠢᠭᠤᠴᠠᠯᠭ᠎ᠠ ᠶᠢ ᠨᠠᠷᠢᠯᠢᠬᠵᠢᠭᠤᠯᠤᠨ᠂ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠲᠣᠭᠲᠠᠴᠠ ᠶᠢ ᠲᠣᠭᠲᠠᠭᠠᠨ᠎ᠠ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠡᠷᠡᠭᠯᠡᠬᠦ᠂ ᠡᠭᠡᠭᠦᠯᠦᠨ ᠬᠤᠷᠢᠶᠠᠬᠤ ᠭᠤᠭᠴᠤᠭ᠎ᠠ ᠳᠤ | ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ︽ᠬᠡᠨ ᠬᠤᠳᠠᠯᠳᠤᠨ ᠠᠪᠤᠪᠠᠯ ᠬᠡᠨ ᠬᠡᠷᠡᠭᠯᠡᠬᠦ᠂ ᠬᠡᠨ | ᠬᠡᠷᠡᠭᠯᠡᠪᠡᠯ ᠬᠡᠨ ᠬᠤᠷᠢᠶᠠᠬᠤ︾ ᠵᠠᠷᠴᠢᠮ ᠢ ᠵᠢᠷᠤᠮᠯᠠᠨ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ | ᠲᠣᠭᠲᠠᠭᠠᠬᠤ ᠪᠠᠷ ᠳᠠᠮᠵᠢᠭᠤᠯᠤᠨ᠂ ᠦᠨᠡᠨᠬᠦ ᠪᠦᠲᠦᠮᠵᠢᠲᠡᠶ ᠭᠡᠷᠡᠲᠦ ᠬᠠᠮᠢᠶᠠᠷᠤᠯᠲᠠ ᠶᠢᠨ ᠲᠦᠷᠢᠮ ᠪᠠ ᠡᠬᠡ | ᠲᠠᠩᠰᠠ ᠶᠢ ᠪᠠᠶᠢᠭᠤᠯᠵᠤ᠂ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠲᠠᠷᠢᠶᠠᠯᠠᠩ ᠳᠤ ᠬᠡᠷᠡᠭᠯᠡᠬᠦ ᠨᠢᠮᠭᠡᠨ | ᠪᠦᠷᠬᠦᠭᠦᠯ ᠢ ᠬᠡᠷᠡᠭᠯᠡᠬᠦ ᠪᠠ ᠪᠤᠴᠠᠭᠠᠨ ᠬᠤᠷᠢᠶᠠᠬᠤ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ᠃ | ᠲᠠᠪᠤᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠰᠠᠯᠠᠭ᠎ᠠ ᠮᠥᠴᠢᠷ ᠤᠳ ᠤᠯᠤᠰ ᠤᠨ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠲᠠᠷᠢᠶᠠᠯᠠᠩ ᠳᠤ ᠬᠡᠷᠡᠭᠯᠡᠬᠦ ᠨᠢᠮᠭᠡᠨ | ᠪᠦᠷᠬᠦᠭᠦᠯ ᠤᠨ ᠦᠢᠯᠡᠳᠪᠦᠷᠢᠯᠡᠯ ᠢ ᠵᠢᠯᠣᠭᠤᠳᠬᠤ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠪᠦᠷᠢᠯᠡᠯ᠂ ᠡᠵᠡᠩᠨᠡᠯᠲᠡ ᠭᠦᠢᠯᠭᠡᠭᠡᠨ ᠤ ᠬᠦᠷᠢᠶ᠎ᠡ ᠵᠡᠷᠭᠡ | ᠵᠠᠬ᠎ᠠ ᠳᠡᠯᠭᠡᠭᠦᠷ ᠤᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠵᠢᠴᠢ ᠦᠢᠯᠡᠳᠬᠦᠨ ᠤ ᠶᠠᠰᠤ ᠴᠢᠨᠠᠷ ᠲᠤ ᠬᠢᠨᠠᠯᠲᠠ | ᠲᠠᠯᠪᠢᠬᠤ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ | ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠬᠠᠷᠢᠭᠤᠴᠠᠨ ᠵᠢᠯᠣᠭᠤᠳᠤᠨ᠎ᠠ᠃ | ᠬᠤᠰᠢᠭᠤ ᠰᠢᠶᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ | ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠡᠭᠡᠭᠦᠯᠦᠨ ᠬᠤᠷᠢᠶᠠᠬᠤ᠂ ᠳᠠᠬᠢᠨ ᠠᠰᠢᠭᠯᠠᠬᠤ ᠶᠠᠪᠤᠴᠠ ᠳᠤ ᠪᠣᠶ | ᠪᠣᠯᠤᠭᠰᠠᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ | ᠬᠠᠷᠢᠭᠤᠴᠠᠨ᠎ᠠ᠃ | | ᠬᠤᠶᠠᠳᠤᠭᠠᠷ ᠪᠦᠯᠦᠭ ᠦᠢᠯᠡᠳᠪᠦᠷᠢᠯᠡᠵᠦ ᠡᠵᠡᠩᠨᠡᠬᠦ ᠪᠠ ᠬᠡᠷᠡᠭᠯᠡᠬᠦ | ᠵᠢᠷᠭᠤᠳᠤᠭᠠᠷ ᠵᠦᠢᠯ ᠤᠯᠤᠰ ᠠᠴᠠ ᠲᠣᠳᠣᠷᠬᠠᠶ ᠵᠠᠷᠯᠢᠭ ᠢᠶᠠᠷ ᠴᠠᠭᠠᠵᠠᠯᠠᠭᠰᠠᠨ ᠪᠤᠶᠤ ᠠᠯᠪᠠᠳᠠᠯᠭ᠎ᠠ ᠶᠢᠨ | ᠴᠢᠨᠠᠷᠲᠠᠶ ᠤᠯᠤᠰ ᠤᠨ ᠪᠠᠷᠢᠮᠵᠢᠶ᠎ᠠ ᠳᠤ ᠥᠯᠥ ᠨᠡᠶᠢᠴᠡᠬᠦ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ | ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠶᠢ ᠴᠠᠭᠠᠵᠠᠯᠠᠨ᠎ᠠ᠃ ᠥᠨᠳᠥᠷ ᠳᠠᠭᠠᠭᠠᠴᠠ ᠲᠠᠢ ᠰᠦᠯᠢᠶᠣᠣ ᠪᠦᠷᠬᠦᠪᠴᠢ | ᠪᠠ ᠠᠮᠢᠳᠤ ᠪᠣᠳᠠᠰ ᠤᠨ ᠪᠥᠬᠦ ᠵᠠᠳᠠᠷᠠᠭᠤᠯᠤᠯᠲᠠ ᠶᠢᠨ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢ | ᠦᠢᠯᠡᠳᠪᠦᠷᠢᠯᠡᠬᠦ ᠪᠠ ᠬᠡᠷᠡᠭᠯᠡᠬᠦ ᠶᠢ ᠳᠡᠮᠵᠢᠨ ᠵᠣᠷᠢᠭᠵᠢᠭᠤᠯᠤᠨ᠎ᠠ᠃ | ᠳᠣᠯᠣᠳᠤᠭᠠᠷ ᠵᠦᠢᠯ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠪᠦᠷᠢᠯᠡᠯ ᠤᠨ ᠪᠡᠶᠡᠴᠢ | ᠴᠣᠭᠴᠠ ᠨᠢ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠠᠵᠢᠯ ᠲᠦᠷᠦᠯ ᠤᠨ ᠵᠢᠷᠤᠮᠵᠢᠯ ᠤᠨ ᠲᠤᠬᠠᠶ | ᠤᠯᠤᠰ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ | ᠬᠤᠯᠪᠣᠭᠳᠠᠯ ᠪᠦᠬᠦᠢ ᠪᠠᠷᠢᠮᠵᠢᠶ᠎ᠠ ᠶᠢ ᠬᠡᠷᠡᠭᠵᠢᠭᠦᠯᠵᠦ᠂ ᠦᠢᠯᠡᠳᠬᠦᠨ ᠤ ᠶᠠᠰᠤ ᠴᠢᠨᠠᠷ ᠢ ᠪᠠᠲᠤᠯᠠᠬᠤ ᠬᠡᠷᠡᠭᠲᠡᠢ᠃ | ᠨᠠᠢᠮᠠᠳᠤᠭᠠᠷ ᠵᠦᠢᠯ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠪᠦᠷᠢᠯᠡᠯ ᠤᠨ ᠪᠡᠶᠡᠴᠢ | ᠴᠣᠭᠴᠠ ᠨᠢ ᠭᠠᠵᠠᠷ ᠤᠨ ᠪᠦᠷᠬᠦᠭᠦᠯ ᠤᠨ ᠡᠪᠬᠡᠮᠡᠯ ᠪᠦᠷᠢ᠂ ᠫᠧᠩ ᠤᠨ ᠪᠦᠷᠭᠦᠭᠦᠯ ᠤᠨ ᠤᠷᠲᠤ ᠶᠢᠨ ᠮᠧᠳ᠋ᠷ ᠪᠦᠷᠢ | ᠳᠡᠭᠡᠷ᠎ᠡ ᠢᠯᠭᠠᠨ ᠲᠠᠨᠢᠵᠤ ᠪᠣᠯᠬᠤ ᠠᠵᠤ ᠠᠬᠤᠶᠢᠯᠠᠯ ᠤᠨ ᠢᠯᠡᠳᠬᠡᠮᠵᠢ ᠲᠡᠮᠳᠡᠭ ᠢ ᠨᠡᠮᠡᠵᠦ᠂ ᠦᠢᠯᠡᠳᠬᠦᠨ ᠢ | ᠮᠥᠷᠳᠡᠬᠦ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠤ ᠲᠦᠬᠦᠮ ᠦᠵᠡᠭᠦᠯᠬᠦ ᠬᠡᠷᠡᠭᠲᠡᠶ᠃ | ᠶᠢᠰᠦᠳᠦᠭᠡᠷ ᠵᠦᠢᠯ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠪᠦᠷᠢᠯᠡᠯ ᠤᠨ ᠪᠡᠶᠡᠴᠢ | ᠴᠣᠭᠴᠠ ᠨᠢ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠦᠢᠯᠡᠳᠪᠦᠷᠢ ᠠᠴᠠ ᠭᠠᠷᠭᠠᠵᠤ ᠪᠣᠷᠣᠯᠠᠭᠤᠯᠤᠭᠰᠠᠨ | ᠲᠡᠮᠳᠡᠭᠯᠡᠯ ᠤᠨ ᠲᠦᠷᠢᠮ ᠢ ᠬᠠᠤᠯᠢ ᠶᠣᠰᠣᠭᠠᠷ ᠪᠠᠶᠢᠭᠤᠯᠵᠤ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ | ᠨᠡᠷᠡᠶᠢᠳᠦᠯ᠂ ᠬᠡᠪ ᠪᠠᠷᠢᠮᠵᠢᠶ᠎ᠠ᠂ ᠲᠤᠭ᠎ᠠ ᠬᠡᠮᠵᠢᠶ᠎ᠡ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠪᠠ ᠵᠥᠪᠰᠢᠶᠡᠷᠡᠭᠰᠡᠨ | ᠳ᠋ᠤᠭᠠᠷ᠂ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠭᠰᠠᠨ ᠮᠡᠳᠡᠭᠡ ᠵᠠᠩᠭᠢ᠂ ᠪᠠᠷᠠᠭ᠎ᠠ ᠬᠤᠳᠠᠯᠳᠤᠨ | ᠠᠪᠤᠭᠴᠢ ᠶᠢᠨ ᠨᠡᠷᠡᠶᠢᠳᠦᠯ ᠵᠢᠴᠢ ᠲᠡᠭᠦᠨ ᠲᠠᠢ ᠬᠠᠷᠢᠯᠴᠠᠬᠤ ᠠᠷᠭ᠎ᠠ ᠮᠠᠶ᠋ᠢᠭ᠂ ᠡᠵᠡᠩᠨᠡᠭᠰᠡᠨ ᠡᠳᠦᠷ ᠬᠤᠭᠤᠴᠠᠭ᠎ᠠ | ᠵᠡᠷᠭᠡ ᠠᠭᠤᠯᠭ᠎ᠠ ᠶᠢ ᠦᠨᠡᠨ ᠮᠥᠨ ᠢᠶᠠᠷ ᠨᠢ ᠲᠡᠮᠳᠡᠭᠯᠡᠬᠦ ᠬᠡᠷᠡᠭᠲᠡᠶ᠃ ᠦᠢᠯᠡᠳᠪᠦᠷᠢ ᠠᠴᠠ ᠭᠠᠷᠤᠭᠰᠠᠨ | ᠡᠵᠡᠩᠨᠡᠯᠲᠡ ᠶᠢᠨ ᠲᠡᠮᠳᠡᠭᠯᠡᠯ ᠢ ᠠᠳᠠᠭ ᠲᠠᠭᠠᠨ ᠬᠤᠶᠠᠷ ᠵᠢᠯ ᠬᠠᠳᠠᠭᠠᠯᠠᠬᠤ ᠬᠡᠷᠡᠭᠲᠡᠶ᠃ | ᠠᠷᠪᠠᠳᠤᠭᠠᠷ ᠵᠦᠢᠯ ᠦᠢᠯᠡᠳᠪᠦᠷᠢ ᠠᠴᠠ ᠭᠠᠷᠭᠠᠵᠤ ᠪᠣᠷᠣᠯᠠᠭᠤᠯᠬᠤ ᠲᠠᠷᠢᠶᠠᠯᠠᠩ ᠳᠤ ᠬᠡᠷᠡᠭᠯᠡᠬᠦ ᠨᠢᠮᠭᠡᠨ | ᠪᠦᠷᠬᠦᠭᠦᠯ ᠤᠨ ᠦᠢᠯᠡᠳᠬᠦᠨ ᠳᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ | ᠦᠨᠡᠮᠯᠡᠯ ᠢ ᠬᠠᠤᠯᠢ ᠶᠣᠰᠣᠭᠠᠷ ᠳᠠᠭᠠᠯᠳᠤᠭᠤᠯᠵᠤ᠂ ᠲᠠᠨᠢᠯᠴᠠᠭᠤᠯᠤᠨ ᠬᠡᠷᠡᠭᠯᠡᠭᠦᠯᠬᠦ ᠴᠠᠭ ᠵᠡᠷᠭᠡ ᠠᠭᠤᠯᠭ᠎ᠠ ᠶᠢ | ᠲᠣᠳᠣᠷᠬᠠᠶ ᠪᠢᠴᠢᠬᠦ ᠬᠡᠷᠡᠭᠲᠡᠶ᠃ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠢᠷᠢ ᠲᠡᠩᠴᠡᠭᠰᠡᠨ | ᠦᠨᠡᠮᠯᠡᠯ ᠤᠨ ᠢᠯᠡᠷᠬᠡᠶ ᠭᠠᠵᠠᠷ ᠲᠤ ︽ᠬᠡᠷᠡᠭᠯᠡᠭᠰᠡᠨ ᠤ ᠳᠠᠷᠠᠭ᠎ᠠ ᠡᠭᠡᠭᠦᠯᠦᠨ ᠬᠤᠷᠢᠶᠠᠵᠤ ᠠᠰᠢᠭᠯᠠᠭᠠᠳ ᠣᠷᠴᠢᠨ | ᠲᠣᠭᠤᠷᠢᠨ ᠤ ᠪᠣᠬᠢᠷᠲᠤᠯ ᠢ ᠪᠠᠭᠠᠰᠬᠠᠶ᠎ᠠ︾ ᠭᠡᠰᠡᠨ ᠬᠢᠲᠠᠳ ᠦᠰᠦᠭ ᠢ ᠬᠠᠳᠠᠬᠤ ᠬᠡᠷᠡᠭᠲᠡᠶ᠃ ᠠᠮᠢᠳᠤ ᠪᠣᠳᠠᠰ ᠤᠨ | ᠪᠦᠬᠦ ᠵᠠᠳᠠᠷᠠᠭᠤᠯᠤᠯᠲᠠ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠳᠤ ᠬᠢᠷᠢ ᠲᠡᠩᠴᠡᠭᠰᠡᠨ ᠦᠨᠡᠮᠯᠡᠯ ᠤᠨ | ᠢᠯᠡᠷᠬᠡᠶ ᠪᠠᠶᠢᠷᠢᠨ ᠳᠤ ︽ᠠᠮᠢᠳᠤ ᠪᠣᠳᠠᠰ ᠤᠨ ᠪᠦᠬᠦ ᠵᠠᠳᠠᠷᠠᠭᠤᠯᠤᠯᠲᠠ ᠶᠢᠨ ᠨᠢᠮᠭᠡᠨ ᠪᠦᠷᠬᠦᠭᠦᠯ ᠢ ᠬᠡᠷᠡᠭᠯᠡᠬᠦ | ᠨᠥᠬᠦᠴᠡᠯ ᠢ ᠠᠩᠬᠠᠷᠬᠤ ᠬᠡᠷᠡᠭᠲᠡᠶ︾ ᠭᠡᠰᠡᠨ ᠥᠰᠥᠭ ᠢ ᠬᠠᠳᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠡᠵᠡᠩᠨᠡᠭᠴᠢ ᠲᠠᠷᠢᠶᠠᠯᠠᠩ ᠳᠤ | ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠬᠦᠨ ᠤ ᠪᠣᠭᠤᠳᠠᠯ ᠪᠠᠭᠯᠠᠭ᠎ᠠ᠂ ᠱᠣᠰᠢᠭ᠎ᠠ᠂ ᠶᠠᠰᠤ ᠴᠢᠨᠠᠷ ᠤᠨ ᠰᠢᠯᠭᠠᠨ | ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠢ ᠪᠠᠶᠢᠴᠠᠭᠠᠨ ᠰᠢᠯᠭᠠᠬᠤ ᠬᠡᠷᠡᠭᠲᠡᠶ᠂ ᠠᠯᠪᠠᠳᠠᠯᠭ᠎ᠠ ᠶᠢᠨ ᠴᠢᠨᠠᠷᠲᠠᠶ | ᠤᠯᠤᠰ ᠤᠨ ᠪᠠᠷᠢᠮᠵᠢᠶ᠎ᠠ ᠳᠤ ᠦᠯᠦ ᠬᠦᠷᠦᠭᠰᠡᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠤᠳᠠᠯᠳᠤᠨ ᠠᠪᠬᠤ | ᠪᠠ ᠡᠵᠡᠩᠨᠡᠵᠦ ᠪᠣᠯᠬᠤ ᠦᠭᠡᠢ᠂ ᠲᠠᠷᠢᠶᠠᠯᠠᠩ ᠳᠤ ᠬᠡᠷᠡᠭᠯᠡᠬᠦ ᠪᠤᠰᠤ ᠨᠢᠮᠭᠡᠨ ᠪᠦᠷᠬᠦᠭᠦᠯ ᠢ ᠲᠠᠷᠢᠶᠠᠯᠠᠩ ᠳᠤ ᠬᠡᠷᠡᠭᠯᠡᠬᠦ | ᠨᠢᠮᠭᠡᠨ ᠪᠦᠷᠬᠦᠭᠦᠯ ᠤᠨ ᠬᠡᠷᠡᠭᠯᠡᠭᠴᠢ ᠳᠤ ᠬᠤᠳᠠᠯᠳᠤᠨ ᠥᠭᠴᠦ ᠪᠣᠯᠬᠤ ᠦᠭᠡᠢ᠃ | ᠠᠷᠪᠠᠨ ᠬᠤᠶᠠᠳᠤᠭᠠᠷ ᠵᠦᠢᠯ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠡᠵᠡᠩᠨᠡᠭᠴᠢ ᠬᠠᠤᠯᠢ | ᠶᠣᠰᠣᠭᠠᠷ ᠡᠵᠡᠩᠨᠡᠯᠲᠡ ᠶᠢᠨ ᠡᠭᠡ ᠲᠠᠩᠰᠠ ᠪᠠᠶᠢᠭᠤᠯᠵᠤ᠂ ᠡᠵᠡᠩᠨᠡᠵᠦ ᠪᠠᠶᠢᠭ᠎ᠠ ᠲᠠᠷᠢᠶᠠᠯᠠᠩ ᠳᠤ ᠬᠡᠷᠡᠭᠯᠡᠬᠦ ᠨᠢᠮᠭᠡᠨ | ᠪᠦᠷᠬᠦᠭᠦᠯ ᠤᠨ ᠨᠡᠷᠡᠶᠢᠳᠦᠯ᠂ ᠬᠡᠪ ᠪᠠᠷᠢᠮᠵᠢᠶ᠎ᠠ᠂ ᠲᠤᠭ᠎ᠠ ᠬᠡᠮᠵᠢᠶ᠎ᠡ᠂ ᠦᠢᠯᠡᠳᠪᠦᠷᠢᠯᠡᠯ ᠤᠨ ᠪᠡᠶᠡᠴᠢ ᠴᠣᠭᠴᠠ᠂ | ᠦᠢᠯᠡᠳᠪᠦᠷᠢᠯᠡᠭᠰᠡᠨ ᠡᠳᠦᠷ ᠬᠤᠭᠤᠴᠠᠭ᠎ᠠ ᠪᠠ ᠪᠠᠷᠠᠭ᠎ᠠ ᠬᠠᠩᠭᠠᠭᠴᠢ ᠶᠢᠨ ᠨᠡᠷᠡᠶᠢᠳᠦᠯ ᠵᠢᠴᠢ ᠲᠡᠭᠦᠨ ᠲᠠᠢ | ᠬᠠᠷᠢᠯᠴᠠᠬᠤ ᠠᠷᠭ᠎ᠠ ᠮᠠᠶ᠋ᠢᠭ᠂ ᠪᠠᠷᠠᠭ᠎ᠠ ᠣᠷᠣᠭᠤᠯᠤᠭᠰᠠᠨ ᠡᠳᠦᠷ ᠬᠤᠭᠤᠴᠠᠭ᠎ᠠ ᠵᠡᠷᠭᠡ ᠠᠭᠤᠯᠭ᠎ᠠ ᠶᠢ ᠦᠨᠡᠨ | ᠮᠥᠨ ᠢᠶᠠᠷ ᠨᠢ ᠲᠡᠮᠳᠡᠭᠯᠡᠬᠦ ᠬᠡᠷᠡᠭᠲᠡᠶ᠃ ᠡᠵᠡᠩᠨᠡᠯᠲᠡ ᠶᠢᠨ ᠡᠭᠡ ᠲᠡᠩᠰᠠ ᠶᠢ ᠠᠳᠠᠭ ᠲᠠᠭᠠᠨ ᠬᠤᠶᠠᠷ ᠵᠢᠯ | ᠬᠠᠳᠠᠭᠠᠯᠠᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠡᠷᠡᠭᠯᠡᠭᠴᠢ ᠬᠡᠷᠡᠭᠯᠡᠬᠦ | ᠭᠠᠵᠠᠷ ᠤᠨ ᠪᠠᠶᠢᠭ᠎ᠠ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠳᠤ ᠬᠦᠷᠴᠦ ᠪᠦᠷᠢᠳᠬᠡᠨ ᠲᠡᠮᠳᠡᠭᠯᠡᠵᠦ᠂ | ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠤᠳᠠᠯᠳᠤᠨ ᠠᠪᠤᠭᠰᠠᠨ ᠵᠠᠮ ᠮᠥᠷ᠂ ᠪᠦᠷᠬᠦᠭᠦᠯ ᠭᠠᠵᠠᠷ ᠵᠢᠴᠢ | ᠭᠠᠳᠠᠷᠭᠤ ᠶᠢᠨ ᠲᠠᠯᠠᠪᠠᠶ᠂ ᠬᠠᠷᠢᠯᠴᠠᠬᠤ ᠠᠷᠭ᠎ᠠ ᠮᠠᠶ᠋ᠢᠭ ᠵᠡᠷᠭᠡ ᠮᠡᠳᠡᠭᠡ ᠵᠠᠩᠭᠢ ᠶᠢ ᠨᠠᠷᠢᠨ ᠲᠡᠮᠳᠡᠭᠯᠡᠵᠦ᠂ | ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠭᠰᠡᠨ ᠤ ᠳᠠᠷᠠᠭ᠎ᠠ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠴᠠᠭ | ᠲᠤᠬᠠᠶ ᠳᠤᠨᠢ ᠴᠡᠪᠡᠷᠯᠡᠨ ᠡᠭᠡᠭᠦᠯᠦᠨ ᠬᠤᠷᠢᠶᠠᠬᠤ᠂ ᠪᠦᠷᠬᠦᠭᠦᠯ ᠲᠠᠢ ᠲᠠᠷᠢᠶᠠᠯᠠᠬᠤ᠂ ᠳᠤᠷ᠎ᠠ ᠪᠠᠷ ᠢᠶᠠᠨ ᠬᠠᠶᠠᠬᠤ᠂ | ᠪᠤᠯᠠᠬᠤ ᠪᠤᠶᠤ ᠬᠡᠭᠡᠷ᠎ᠡ ᠭᠠᠳᠠᠨ᠎ᠠ ᠲᠠᠷᠢᠶᠠᠨ ᠭᠠᠵᠠᠷ ᠲᠤ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃ ᠲᠠᠷᠢᠶᠠᠯᠠᠩ ᠳᠤ | ᠬᠡᠷᠡᠭᠯᠡᠬᠦ ᠨᠢᠮᠭᠡᠨ ᠪᠦᠷᠬᠦᠭᠦᠯ ᠢ ᠬᠡᠷᠡᠭᠯᠡᠭᠰᠡᠨ ᠲᠡᠮᠳᠡᠭᠯᠡᠯ ᠢ ᠨᠠᠭᠠᠳᠤ ᠵᠠᠬ᠎ᠠ ᠳᠠᠭᠠᠨ ᠬᠤᠶᠠᠷ ᠵᠢᠯ ᠬᠠᠳᠠᠭᠠᠯᠠᠵᠤ᠂ | ᠭᠠᠴᠠᠭ᠎ᠠ ᠲᠣᠰᠬᠤᠨ ᠤ ᠠᠷᠠᠳ ᠤᠨ ᠵᠥᠪᠯᠡᠯ ᠠᠴᠠ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠡᠷᠡᠭᠯᠡᠭᠰᠡᠨ | ᠪᠠᠶᠢᠳᠠᠯ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ | ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ | ᠬᠡᠷᠡᠭᠯᠡᠯᠲᠡ ᠶᠢ ᠡᠵᠡᠮᠳᠡᠬᠦ ᠶᠢ ᠴᠢᠩᠭᠠᠳᠬᠠᠵᠤ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠵᠣᠬᠢᠴᠠᠬᠤ | ᠴᠢᠨᠠᠷ ᠤᠨ ᠪᠦᠷᠬᠦᠭᠦᠯ ᠤᠨ ᠦᠨᠡᠯᠡᠯᠲᠡ ᠶᠢ ᠥᠷᠨᠢᠭᠦᠯᠵᠦ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ | ᠬᠡᠷᠡᠭᠯᠡᠭᠴᠢ ᠳᠤ ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠴᠢᠯᠡᠭᠡ ᠬᠠᠩᠭᠠᠵᠤ᠂ ᠲᠠᠷᠢᠶᠠᠯᠠᠩ ᠳᠤ ᠬᠡᠷᠡᠭᠯᠡᠬᠦ ᠨᠢᠮᠭᠡᠨ | ᠪᠦᠷᠬᠦᠭᠦᠯ ᠤᠨ ᠪᠦᠷᠬᠦᠭᠦᠯ ᠢ ᠣᠷᠣᠯᠠᠭᠤᠯᠬᠤ ᠮᠡᠷᠭᠡᠵᠢᠯ ᠪᠠ ᠦᠢᠯᠡᠳᠬᠦᠨ ᠢ ᠰᠤᠳᠤᠯᠤᠨ ᠨᠡᠭᠡᠭᠡᠬᠦ ᠪᠠ ᠵᠢᠱᠢᠶ᠎ᠡ | ᠦᠵᠡᠭᠦᠯᠦᠨ ᠳᠡᠯᠭᠡᠷᠡᠭᠦᠯᠬᠦ ᠶᠢ ᠵᠣᠷᠢᠭᠵᠢᠭᠤᠯᠤᠨ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠰᠢᠨᠵᠢᠯᠡᠬᠦ | ᠤᠬᠠᠭᠠᠨᠴᠢ ᠪᠠᠷ ᠬᠡᠷᠡᠭᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | | ᠭᠤᠷᠪᠠᠳᠤᠭᠠᠷ ᠪᠦᠯᠦᠭ ᠡᠭᠡᠭᠦᠯᠦᠨ ᠬᠤᠷᠢᠶᠠᠬᠤ ᠪᠠ ᠲᠠᠬᠢᠨ ᠠᠰᠢᠭᠯᠠᠬᠤ | ᠠᠷᠪᠠᠨ ᠲᠠᠪᠤᠳᠤᠭᠠᠷ ᠵᠦᠢᠯ ᠪᠦᠬᠦ ᠬᠤᠲᠠ ᠶᠢᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ | ᠡᠭᠡᠭᠦᠯᠦᠨ ᠬᠤᠷᠢᠶᠠᠵᠤ ᠠᠰᠢᠭᠯᠠᠬᠤ ᠠᠵᠤ ᠠᠬᠤᠢᠯᠠᠯ ᠳᠤ ᠭᠠᠵᠠᠷ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠤᠰᠤ | ᠬᠡᠷᠡᠭᠯᠡᠬᠦ᠂ ᠢᠲᠡᠭᠡᠮᠵᠢᠲᠦ ᠵᠢᠭᠡᠯᠡᠯᠭᠡ ᠵᠡᠷᠭᠡ ᠲᠠᠯ᠎ᠠ ᠪᠠᠷ ᠬᠠᠷᠠᠭᠠᠯᠵᠠᠯ ᠦᠵᠡᠭᠦᠯᠬᠦ ᠪᠤᠶᠤ ᠪᠡᠯᠡ ᠮᠥᠩᠭᠦᠨ ᠤ | ᠨᠥᠬᠦᠪᠥᠷᠢ ᠥᠭᠬᠦ ᠬᠡᠷᠡᠭᠲᠡᠶ᠃ ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ ᠬᠠᠭᠤᠴᠢᠨ ᠨᠢᠮᠭᠡᠨ ᠪᠦᠷᠬᠦᠭᠦᠯ ᠢ ᠲᠠᠬᠢᠨ | ᠠᠰᠢᠭᠯᠠᠬᠤ ᠠᠵᠢᠯ ᠢ ᠡᠷᠬᠢᠯᠡᠵᠦ ᠪᠠᠶᠢᠭ᠎ᠠ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠠᠵᠤ | ᠠᠬᠤᠶᠢᠯᠠᠯ ᠢ ᠲᠡᠳᠬᠦᠨ ᠲᠡᠮᠵᠢᠨ᠎ᠠ᠃ | ᠠᠷᠪᠠᠨ ᠵᠢᠷᠭᠤᠳᠤᠭᠠᠷ ᠵᠦᠢᠯ ᠪᠦ᠋ᠬᠦ ᠬᠤᠳᠠ ᠶᠢᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠦᠯᠡᠳᠡᠭᠳᠡᠯ ᠪᠦᠷᠬᠦᠪᠴᠢ ᠶᠢ ᠡᠭᠡᠭᠦᠯᠦᠨ ᠬᠤᠷᠢᠶᠠᠬᠤ ᠮᠠᠰᠢᠨ ᠳᠤ ᠤᠯᠤᠰ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢ ᠬᠥᠷᠲᠡᠭᠡᠭᠰᠡᠨ ᠰᠠᠭᠤᠷᠢᠨ ᠳᠡᠭᠡᠷ᠎ᠡ᠂ | ᠣᠷᠣᠨ ᠨᠤᠲᠤᠭ ᠤᠨ ᠴᠢᠨᠠᠷᠲᠠᠶ ᠨᠥᠬᠦᠪᠥᠷᠢ ᠶᠢᠨ ᠡᠷᠴᠢᠮ ᠢ ᠪᠠᠰᠠ ᠵᠣᠬᠢᠬᠤ ᠬᠡᠮᠵᠢᠶ᠎ᠡ ᠪᠠᠷ ᠴᠢᠩᠭᠠᠷᠠᠭᠤᠯᠬᠤ | ᠬᠡᠷᠡᠭᠲᠡᠶ᠃ ᠲᠠᠷᠢᠶᠠᠯᠠᠩ ᠳᠤ ᠬᠤᠯᠪᠣᠭᠳᠠᠬᠤ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠠᠳᠠᠯᠢ ᠨᠥᠬᠦᠴᠡᠯ ᠤᠨ | ᠳᠣᠤᠷ᠎ᠠ ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ ᠬᠠᠭᠤᠴᠢᠨ ᠨᠢᠮᠭᠡᠨ ᠪᠦᠷᠬᠦᠭᠦᠯ ᠢ ᠡᠭᠡᠭᠦᠯᠦᠨ ᠬᠤᠷᠢᠶᠠᠵᠤ | ᠠᠰᠢᠭᠯᠠᠬᠤ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠪᠠᠷᠢᠮᠵᠢᠶᠠᠲᠤ ᠲᠠᠷᠢᠶᠠᠯᠠᠩ ᠳᠤ ᠬᠡᠷᠡᠭᠯᠡᠬᠦ ᠨᠢᠮᠭᠡᠨ | ᠪᠦᠷᠬᠦᠭᠦᠯ ᠢ ᠤᠷᠢᠳᠠᠪᠠᠷ ᠬᠤᠳᠠᠯᠳᠤᠨ ᠠᠪᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠬᠤᠰᠢᠭᠤ ᠰᠢᠶᠠᠨ ᠲᠣᠭᠤᠷᠢᠭ᠂ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠨᠢ ᠨᠢᠭᠡᠳᠦᠯᠲᠡᠶ ᠬᠤᠳᠠᠯᠳᠤᠨ ᠠᠪᠬᠤ᠂ ᠨᠢᠭᠡᠳᠦᠯᠲᠡᠶ ᠪᠦᠷᠬᠦᠭᠦᠯᠬᠦ᠂ ᠨᠢᠭᠡᠳᠦᠯᠲᠡᠶ ᠡᠭᠡᠭᠦᠯᠦᠨ | ᠬᠤᠷᠢᠶᠠᠬᠤ ᠶᠢ ᠥᠷᠨᠢᠭᠦᠯᠦᠭᠰᠡᠨ ᠲᠠᠷᠢᠮᠠᠯ ᠤᠨ ᠲᠣᠮᠣ ᠡᠷᠦᠬᠡ᠂ ᠲᠤᠰᠬᠠᠶ ᠠᠵᠢᠯ ᠤᠨ ᠬᠤᠷᠰᠢᠶ᠎ᠠ ᠵᠡᠷᠭᠡ ᠳᠤ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠭᠠᠴᠠᠭ᠎ᠠ ᠲᠣᠰᠬᠤᠨ ᠤ ᠠᠷᠠᠳ ᠤᠨ | ᠵᠥᠪᠯᠡᠯ ᠨᠢ ᠡᠳ᠋ᠰᠢᠭᠦᠯᠬᠦ ᠠᠵᠤ ᠠᠬᠤᠶᠢᠯᠠᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠨ | ᠪᠣᠷᠣᠯᠠᠭᠤᠯᠬᠤ ᠴᠡᠭ᠂ ᠬᠠᠶᠠᠭᠳᠠᠮᠠᠯ ᠡᠳ᠋ ᠢ ᠬᠤᠳᠠᠯᠳᠤᠨ ᠠᠪᠬᠤ ᠴᠡᠭ ᠵᠡᠷᠭᠡ ᠶᠢ ᠢᠳᠡᠪᠬᠢᠲᠡᠶ ᠪᠠᠷ ᠵᠣᠬᠢᠴᠠᠭᠤᠯᠤᠨ | ᠬᠤᠳᠠᠯᠳᠤᠨ ᠠᠪᠬᠤ ᠲᠣᠤᠷ ᠴᠡᠭ ᠪᠠᠶᠢᠭᠤᠯᠵᠤ᠂ ᠭᠠᠴᠠᠭ᠎ᠠ ᠲᠣᠰᠬᠤᠨ ᠳᠤ ︽ᠲᠤᠰᠬᠠᠶ ᠬᠥᠮᠦᠨ ᠲᠠᠢ᠂ ᠲᠠᠯᠠᠪᠤᠷ | ᠭᠠᠵᠠᠷ ᠲᠠᠢ᠂ ᠮᠠᠰᠢᠨ ᠪᠠᠭᠠᠵᠢ ᠲᠠᠢ︾ ︽ᠭᠤᠷᠪᠠ ᠶᠢ ᠪᠦᠷᠢᠯᠳᠦᠭᠦᠯᠦᠭᠰᠡᠨ︾ ᠬᠤᠳᠠᠯᠳᠤᠨ ᠠᠪᠬᠤ ᠲᠣᠤᠷ ᠴᠡᠭ | ᠪᠠᠶᠢᠭᠤᠯᠬᠤ ᠶᠢ ᠦᠨᠡᠨᠬᠦ ᠪᠠᠲᠤᠯᠠᠵᠤ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠶᠢ ᠪᠡᠶᠡᠯᠡᠭᠦᠯᠬᠦ | ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠠᠷᠠᠳ ᠤᠨ | ᠵᠠᠰᠠᠭ ᠤᠨ ᠣᠷᠳᠣᠨ ᠨᠢ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢ | ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠲᠠᠷᠢᠶᠠᠨ ᠭᠠᠵᠠᠷ ᠠᠴᠠ ᠰᠠᠯᠭᠠᠬᠤ ᠠᠷᠭ᠎ᠠ ᠬᠡᠮᠵᠢᠶ᠎ᠡ ᠠᠪᠬᠤ ᠯᠤᠭ᠎ᠠ | ᠬᠠᠷᠢᠯᠴᠠᠨ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠲᠤᠭᠲᠠᠭᠠᠬᠤ ᠬᠡᠷᠡᠭᠲᠡᠢ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠠᠶᠠᠭᠳᠠᠮᠠᠯ ᠬᠠᠭᠤᠴᠢᠨ ᠲᠠᠷᠢᠶᠠᠯᠠᠩ ᠳᠤ ᠬᠡᠷᠡᠭᠯᠡᠬᠦ ᠨᠢᠮᠭᠡᠨ | ᠪᠦᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠶᠢᠨ ᠪᠠᠯᠠ ᠮᠥᠩᠭᠦ ᠴᠤᠭᠯᠠᠭᠤᠯᠬᠤ᠂ ᠲᠥᠰᠦᠪ ᠢ ᠨᠠᠶᠢᠷᠠᠭᠤᠯᠤᠨ | ᠵᠣᠬᠢᠶᠠᠬᠤ ᠪᠠ ᠪᠠᠯᠠ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠬᠠᠶᠠᠭᠳᠠᠮᠠᠯ ᠬᠠᠭᠤᠴᠢᠨ ᠲᠠᠷᠢᠶᠠᠯᠠᠩ ᠳᠤ | ᠬᠡᠷᠡᠭᠯᠡᠬᠦ ᠨᠢᠮᠭᠡᠨ ᠪᠦᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠠᠵᠢᠯ ᠢ ᠣᠷᠴᠢᠯ ᠠᠵᠤ ᠠᠬᠤᠶ ᠶᠢᠨ | ᠲᠥᠯᠥᠪᠵᠢᠭᠦᠯᠭᠡ ᠳᠤ ᠣᠷᠣᠭᠤᠯᠬᠤ ᠶᠢ ᠬᠠᠷᠢᠭᠤᠴᠠᠬᠤ ᠶᠢᠨ ᠬᠠᠮᠲᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ | ᠦᠵᠡᠭᠦᠯᠬᠦ ᠬᠡᠷᠡᠭᠲᠡᠶ᠃ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ 0.015mm ᠵᠢᠴᠢ ᠲᠡᠭᠦᠨ ᠠᠴᠠ ᠳᠡᠭᠡᠭᠰᠢᠬᠢ | ᠵᠤᠵᠠᠭᠠᠨ ᠪᠥᠭᠡᠳ ᠥᠨᠳᠥᠷ ᠳᠠᠭᠠᠭᠠᠴᠠ ᠲᠠᠢ ᠰᠦᠯᠢᠶᠣᠣ ᠪᠦᠷᠬᠦᠪᠴᠢ ᠪᠠ ᠠᠮᠢᠳᠤ ᠪᠣᠳᠠᠰ ᠤᠨ ᠪᠥᠬᠦ | ᠵᠠᠳᠠᠷᠠᠭᠤᠯᠤᠯᠲᠠ ᠶᠢᠨ ᠰᠦᠯᠢᠶᠣᠣ ᠪᠦᠷᠬᠦᠪᠴᠢ ᠶᠢ ᠬᠡᠷᠡᠭᠯᠡᠭᠰᠡᠨ ᠬᠡᠷᠡᠭᠯᠡᠭᠴᠢ ᠳᠤ ᠪᠠᠯᠠ ᠮᠥᠩᠭᠦ ᠶᠢᠨ ᠨᠥᠬᠦᠪᠥᠷᠢ | ᠤᠯᠭᠤᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠡᠭᠡᠭᠦᠯᠦᠨ ᠬᠤᠷᠢᠶᠠᠵᠤ ᠠᠰᠢᠭᠯᠠᠬᠤ ᠠᠵᠤ ᠠᠬᠤᠶᠢᠯᠠᠯ ᠨᠢ ᠬᠤᠰᠢᠭᠤ ᠰᠢᠶᠠᠨ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠯᠦᠭᠡ ᠬᠠᠶᠠᠭᠳᠠᠮᠠᠯ ᠬᠠᠭᠤᠴᠢᠨ | ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠡᠭᠡᠭᠦᠯᠦᠨ ᠬᠤᠷᠢᠶᠠᠬᠤ᠂ ᠡᠬᠢ ᠪᠠᠶᠠᠯᠢᠭᠵᠢᠭᠤᠯᠤᠨ ᠠᠰᠢᠭᠯᠠᠬᠤ | ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ | ᠨᠡᠶᠢᠭᠡᠮ ᠳᠤ ᠬᠠᠶᠠᠭᠳᠠᠮᠠᠯ ᠬᠠᠭᠤᠴᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠡᠭᠡᠭᠦᠯᠦᠨ ᠬᠤᠷᠢᠶᠠᠬᠤ | ᠬᠡᠮᠵᠢᠶ᠎ᠡ᠂ ᠡᠭᠡᠭᠦᠯᠦᠨ ᠬᠤᠷᠢᠶᠠᠬᠤ ᠪᠠᠷᠢᠮᠵᠢᠶ᠎ᠠ᠂ ᠡᠭᠡᠭᠦᠯᠦᠨ ᠬᠤᠷᠢᠶᠠᠬᠤ ᠦᠨ᠎ᠡ ᠬᠠᠩᠰᠢ ᠵᠢᠴᠢ ᠬᠠᠭᠤᠴᠢᠨ ᠢᠶᠠᠷ | ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠬᠡᠷᠡᠭᠲᠡᠶ᠃ | ᠬᠤᠷᠢᠳᠤᠭᠠᠷ ᠵᠦᠢᠯ ᠡᠭᠡᠭᠦᠯᠦᠨ ᠬᠤᠷᠢᠶᠠᠬᠤ ᠠᠵᠤ ᠠᠬᠤᠶᠢᠯᠠᠯ ᠨᠢ ᠡᠬᠢ ᠪᠠᠶᠠᠯᠢᠭᠵᠢᠭᠤᠯᠤᠨ ᠠᠰᠢᠭᠯᠠᠬᠤ | ᠨᠤᠷᠮ᠎ᠠ ᠪᠠᠷ ᠥᠨᠳᠥᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠤᠷᠠᠨ | ᠮᠡᠷᠭᠡᠰᠢᠯ᠂ ᠲᠤᠨᠤᠭ ᠲᠥᠬᠦᠭᠡᠷᠦᠮᠵᠢ ᠶᠢ ᠬᠡᠷᠡᠭᠯᠡᠵᠦ᠂ ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ ᠬᠠᠭᠤᠴᠢᠨ ᠨᠢᠮᠭᠡᠨ | ᠪᠦᠷᠬᠦᠭᠦᠯ ᠢ ᠪᠣᠯᠪᠠᠰᠤᠷᠠᠭᠤᠯᠤᠨ ᠠᠰᠢᠭᠯᠠᠵᠤ᠂ ᠶᠡᠷᠦᠩᠬᠡᠶᠢᠯᠡᠨ ᠠᠰᠢᠭᠯᠠᠬᠤ ᠪᠠ ᠬᠤᠣᠷ ᠦᠭᠡᠶᠢᠵᠢᠬᠦᠯᠦᠨ | ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ | | ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ ᠪᠠ ᠰᠢᠳᠬᠡᠬᠦ | ᠬᠤᠷᠢᠨ ᠨᠢᠭᠡᠳᠦᠭᠡᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠲᠠᠷᠢᠶᠠᠯᠠᠩ ᠮᠠᠯ | ᠠᠵᠤ ᠠᠬᠤᠶ ᠶᠢᠨ ᠰᠠᠯᠠᠭ᠎ᠠ ᠮᠥᠴᠢᠷ ᠤᠳ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠡᠵᠡᠩᠨᠡᠬᠦ᠂ ᠬᠡᠷᠡᠭᠯᠡᠬᠦ ᠪᠠ | ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ ᠬᠠᠭᠤᠴᠢᠨ ᠨᠢᠮᠭᠡᠨ ᠪᠦᠷᠬᠦᠭᠦᠯ ᠢ ᠬᠤᠷᠢᠶᠠᠨ ᠠᠪᠬᠤ᠂ ᠪᠣᠯᠪᠠᠰᠤᠷᠠᠭᠤᠯᠬᠤ | ᠲᠠᠯᠠᠪᠤᠷ ᠭᠠᠵᠠᠷ ᠲᠤ ᠬᠠᠤᠯᠢ ᠶᠣᠰᠣᠭᠠᠷ ᠪᠠᠶᠢᠴᠠᠭᠠᠯᠲᠠ ᠬᠢᠵᠦ ᠪᠣᠯᠤᠨ᠎ᠠ᠃ ᠬᠤᠳᠠᠯᠳᠤᠨ ᠠᠪᠬᠤ ᠪᠠ ᠡᠵᠡᠩᠨᠡᠬᠦ ᠨᠢ | ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠨᠡᠶᠢᠴᠡᠬᠦ ᠥᠬᠡᠶ ᠲᠠᠷᠢᠶᠠᠯᠠᠩ ᠳᠤ ᠬᠡᠷᠡᠭᠯᠡᠬᠦ ᠨᠢᠮᠭᠡᠨ | ᠪᠦᠷᠬᠦᠭᠦᠯ ᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠮᠠᠭᠤ ᠦᠢᠯᠡᠳᠬᠦᠨ ᠳᠤ ᠴᠣᠬᠢᠯᠲᠠ | ᠥᠭᠬᠦ ᠶᠢ ᠲᠤᠰᠬᠠᠶᠢᠯᠠᠨ ᠵᠠᠰᠠᠬᠤ ᠬᠡᠪᠴᠢᠶᠡᠨ ᠳᠤ ᠣᠷᠣᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠬᠠᠮᠵᠢᠯᠴᠠᠨ ᠤᠯᠤᠰ ᠤᠨ ᠪᠠᠷᠢᠮᠵᠢᠶ᠎ᠠ ᠳᠤ ᠨᠡᠶᠢᠴᠡᠬᠦ ᠥᠬᠡᠶ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ | ᠦᠢᠯᠡᠳᠪᠦᠷᠢᠯᠡᠯ ᠪᠠ ᠡᠵᠡᠩᠨᠡᠯᠲᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠬᠦ ᠬᠡᠷᠡᠭᠲᠡᠢ᠃ | ᠬᠤᠷᠢᠨ ᠬᠤᠶᠠᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ︽ᠪᠥᠭᠡᠭᠡᠨᠡᠷᠡᠯ ᠡᠲ᠋ᠧᠨ ᠢ ᠦᠯᠢᠶᠡᠨ ᠱᠤᠭᠤᠭᠰᠠᠨ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠭᠠᠳᠠᠷᠭᠤ ᠶᠢᠨ ᠪᠦᠷᠬᠦᠴᠡ ᠶᠢᠨ ᠨᠢᠮᠭᠡᠨ ᠪᠦᠷᠬᠦᠭᠦᠯ︾ ︵GB 13735 | — 2017︶ ᠳᠤ ᠥᠯᠥ ᠨᠡᠶᠢᠴᠡᠬᠦ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠭᠦᠯ ᠤᠨ ᠦᠢᠯᠡᠳᠪᠦᠷᠢᠯᠡᠯ ᠤᠨ | ᠠᠵᠤ ᠠᠬᠤᠶᠢᠯᠠᠯ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠤᠯᠤᠰ ᠠᠴᠠ ᠢᠯᠡ ᠪᠠᠷ ᠵᠠᠷᠯᠢᠭᠳᠠᠨ ᠴᠠᠭᠠᠵᠠᠯᠠᠭᠰᠠᠨ ᠪᠤᠶᠤ ᠡᠵᠡᠩᠨᠡᠯᠲᠡ ᠶᠢ ᠨᠢ ᠵᠣᠭᠰᠣᠭᠠᠭᠰᠠᠨ ᠪᠠᠶᠢᠪᠠᠯ᠂ | ᠬᠠᠮᠢᠶ᠎ᠠ ᠪᠥᠬᠦᠶ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠬᠠᠤᠯᠢ ᠠᠴᠠ ᠵᠥᠷᠢᠴᠡᠭᠰᠡᠨ ᠵᠠᠬ᠎ᠠ | ᠳᠡᠯᠭᠡᠭᠦᠷ ᠤᠨ ᠭᠤᠤᠯ ᠴᠣᠭᠴᠠ ᠶᠢ ᠬᠠᠤᠯᠢ ᠶᠣᠰᠣᠭᠠᠷ ᠢᠲᠡᠭᠡᠮᠵᠢ ᠶᠢᠨ ᠢᠯᠡ ᠨᠡᠶᠢᠲᠡᠯᠡᠬᠦ ᠰᠢᠰᠲ᠋ᠧᠮ ᠳᠤ | ᠣᠷᠣᠭᠤᠯᠵᠤ᠂ ᠢᠲᠡᠭᠡᠮᠵᠢ ᠶᠢᠨ ᠵᠡᠷᠭᠡ ᠳᠡᠰ ᠢ ᠪᠠᠭᠤᠷᠠᠭᠤᠯᠬᠤ ᠬᠡᠷᠡᠭᠲᠡᠶ᠃ ᠴᠠᠬᠢᠮ ᠬᠤᠳᠠᠯᠳᠤᠭᠠᠨ ᠤ ᠶᠠᠪᠤᠳᠠᠯ | ᠪᠤᠶᠤ ᠰᠦᠯᠵᠢᠶᠡᠨ ᠤ ᠠᠷᠠᠯᠵᠢᠶ᠎ᠠ ᠶᠢᠨ ᠲᠠᠪᠴᠠᠩ ᠢᠶᠠᠷ ᠳᠡᠮᠵᠢᠨ ᠬᠢᠷᠢ ᠲᠡᠩᠴᠡᠭᠦ ᠥᠬᠡᠶ ᠲᠠᠷᠢᠶᠠᠯᠠᠩ ᠳᠤ ᠬᠡᠷᠡᠭᠯᠡᠬᠦ | ᠨᠢᠮᠭᠡᠨ ᠪᠦᠷᠬᠦᠭᠦᠯ ᠤᠨ ᠦᠢᠯᠡᠳᠬᠦᠨ ᠢ ᠣᠷᠣᠭᠤᠯᠬᠤ ᠳᠤ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠨᠡᠶᠢᠲᠡᠯᠡᠭᠰᠡᠨ ︽ᠰᠦᠯᠵᠢᠶᠡᠨ ᠤ ᠠᠷᠠᠯᠵᠢᠶ᠎ᠠ ᠶᠢᠨ | ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ | ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠶᠠᠮᠠᠷᠪᠠ ᠠᠵᠤ ᠠᠬᠤᠶᠢᠯᠠᠯ ᠡᠳ᠋ ᠤᠨ ᠵᠠᠰᠠᠭ ᠤᠨ ᠨᠥᠬᠦᠪᠥᠷᠢ ᠪᠡᠯᠡ | ᠮᠥᠩᠭᠦ ᠶᠢ ᠬᠤᠳᠠᠯ ᠢᠶᠠᠷ ᠮᠡᠳᠡᠭᠦᠯᠵᠦ᠂ ᠬᠠᠭᠤᠷᠮᠠᠭᠯᠠᠨ ᠮᠡᠬᠡᠯᠡᠨ ᠠᠪᠴᠤ ᠪᠣᠯᠬᠤ ᠦᠭᠡᠢ᠃ ᠡᠳ᠋ ᠤᠨ ᠵᠠᠰᠠᠭ ᠤᠨ | ᠨᠥᠬᠦᠪᠥᠷᠢ ᠶᠢ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠶᠢ ᠴᠠᠭᠠᠵᠠᠯᠠᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠶ | ᠪᠠᠶᠢᠪᠠᠯ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠢᠳᠪᠦᠷᠢᠯᠡᠬᠦ ᠶᠢᠨ ᠬᠠᠮᠲᠤ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠳᠥᠷᠪᠡᠳᠦᠭᠡᠷ ᠵᠦᠢᠯ ᠲᠦᠷᠦ ᠶᠢᠨ ᠠᠵᠢᠯᠳᠠᠨ ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ ᠬᠠᠭᠤᠴᠢᠨ | ᠨᠢᠮᠭᠡᠨ ᠪᠦᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ | ᠣᠮᠲᠣᠭᠠᠶᠢᠯᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠬᠠᠷᠠᠵᠤ ᠬᠠᠤᠯᠢ | ᠶᠣᠰᠣ ᠶᠢ ᠵᠥᠷᠢᠴᠡᠭᠰᠡᠨ ᠪᠠᠶᠢᠪᠠᠯ᠂ ᠲᠡᠭᠦᠨ ᠤ ᠠᠵᠢᠯᠯᠠᠵᠤ ᠪᠠᠶᠢᠭ᠎ᠠ ᠨᠢᠭᠡᠴᠡ ᠪᠤᠶᠤ ᠬᠤᠯᠪᠣᠭᠳᠠᠯ ᠪᠦᠬᠦᠢ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ | ᠥᠭᠭᠦᠨ᠎ᠡ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠬᠤᠷᠢᠨ ᠲᠠᠪᠤᠳᠤᠭᠠᠷ ᠵᠦᠢᠯ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠶᠢ ᠬᠡᠷᠡᠭᠯᠡᠭᠴᠢ ︽ᠬᠡᠨ | ᠬᠡᠷᠡᠭᠯᠡᠪᠡᠯ ᠬᠡᠨ ᠴᠡᠪᠡᠷᠯᠡᠬᠦ᠂ ᠬᠡᠨ ᠪᠣᠬᠢᠷᠲᠤᠭᠤᠯᠪᠠᠯ ᠬᠡᠨ ᠵᠠᠰᠠᠬᠤ︾ ᠲᠣᠭᠲᠠᠭᠠᠯ ᠶᠣᠰᠣᠭᠠᠷ ᠲᠠᠷᠢᠶᠠᠯᠠᠩ ᠳᠤ | ᠬᠡᠷᠡᠭᠯᠡᠬᠦ ᠬᠠᠶᠠᠭᠳᠠᠮᠠᠯ ᠬᠠᠭᠤᠴᠢᠨ ᠨᠢᠮᠭᠡᠨ ᠪᠦᠷᠬᠦᠭᠦᠯ ᠶᠢ ᠬᠤᠷᠢᠶᠠᠨ ᠠᠪᠤᠭᠰᠠᠨ ᠦᠭᠡᠢ ᠪᠠᠶᠢᠪᠠᠯ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ | ᠶᠢᠨ ᠨᠠᠶᠠᠨ ᠨᠠᠢᠮᠠᠳᠤᠭᠠᠷ ᠵᠦᠢᠯ ᠤᠨ ᠲᠣᠭᠲᠠᠭᠠᠯ ᠶᠣᠰᠣᠭᠠᠷ ᠰᠢᠳᠬᠡᠨ᠎ᠡ᠃ | | ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠬᠤᠷᠢᠨ ᠵᠢᠷᠭᠤᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠭᠤᠴᠢᠨ | ᠡᠳᠦᠷ ᠤᠨ ᠳᠠᠷᠠᠭ᠎ᠠ ᠬᠡᠷᠡᠭᠵᠢᠭᠦᠯᠦᠨ᠎ᠡ᠃ | | |