ᠮᠠᠰᠢᠨ ᠲᠡᠷᠭᠡᠨ ᠤ ᠳᠠᠩᠰᠠᠯᠠᠭᠤᠯᠤᠯᠲᠠ
ᠨᠡᠶᠢᠲᠡᠯᠡᠭᠰᠡᠨ ᠴᠠᠭ᠄
2022/4/21
ᠬᠦᠯᠢᠶᠡᠨ ᠰᠢᠢᠳᠪᠦᠷᠢᠯᠡᠬᠦ ᠨᠥᠬᠦᠴᠡᠯ        ᠳᠣᠲᠣᠭᠠᠳᠤ ᠶᠢ ᠬᠠᠮᠠᠭᠠᠯᠠᠬᠤ ᠶᠠᠮᠤᠨ ᠤ 124 ᠳ᠋ᠦ᠋ᠭᠡᠷ ᠲᠣᠭᠠᠲᠤ ᠵᠠᠷᠯᠢᠭ ᠤᠨ ᠬᠤᠶᠠᠳᠤᠭᠠᠷ ᠪᠦᠯᠦᠭ ᠤᠨ ᠨᠢᠭᠡᠳᠦᠭᠡᠷ ᠬᠡᠰᠡᠭ ᠤᠨ ᠬᠤᠯᠪᠣᠭᠳᠠᠯ ᠪᠦᠬᠦᠢ ᠠᠭᠤᠯᠭ᠎ᠠ ᠶᠢ ᠦᠨᠳᠦᠰᠦᠯᠡᠨ ᠳᠠᠩᠰᠠᠯᠠᠭᠤᠯᠤᠨ᠎ᠠ᠄ ᠬᠥᠨᠳᠡᠯᠡᠨ ᠠᠴᠠ ᠲᠠᠰᠤᠯᠤᠭᠰᠠᠨ ᠲᠠᠰᠤᠯᠤᠯᠲᠠ ᠶᠢᠨ ᠪᠢᠴᠢᠭ᠂ ᠲᠡᠷᠭᠡ ᠣᠩᠭᠤᠴᠠ ᠶᠢᠨ ᠭᠠᠶᠢᠯᠢ ᠶᠢᠨ ᠭᠠᠶᠢᠯᠢ ᠲᠤᠰᠢᠶᠠᠭᠰᠠᠨ ᠭᠡᠷᠡᠴᠢ᠂ ᠰᠢᠯᠵᠢᠭᠦᠯᠦᠨ ᠥᠭᠭᠦᠭᠰᠡᠨ ᠭᠡᠷᠡᠴᠢ᠂ ᠬᠠᠮᠵᠢᠨ ᠭᠦᠢᠴᠡᠳᠬᠡᠭᠦᠯᠬᠦ ᠮᠡᠳᠡᠭᠳᠡᠯ ᠤᠨ ᠪᠢᠴᠢᠭ᠂ ᠮᠠᠰᠢᠨ ᠲᠡᠷᠭᠡᠨ ᠤ ᠠᠷᠠᠯ ᠤᠨ ᠬᠢᠷᠢ ᠲᠡᠩᠴᠡᠭᠰᠡᠨ ᠦᠨᠡᠮᠯᠡᠯ᠂ ᠬᠡᠷᠡᠭᠯᠡᠯᠲᠡ ᠶᠢᠨ ᠰᠢᠨᠵᠢ ᠴᠢᠨᠠᠷ ᠤᠨ ᠭᠡᠷᠡᠴᠢᠯᠡᠯ᠂ ᠵᠡᠮᠳᠡᠭᠴᠦᠳ ᠤᠨ ᠵᠢᠯᠤᠭᠤᠳᠬᠤ ᠳᠤ ᠲᠤᠰᠠᠯᠠᠬᠤ ᠲᠥᠬᠦᠭᠡᠷᠦᠮᠵᠢ᠂ ᠠᠯᠪᠠᠨ ᠭᠡᠷᠡᠴᠢᠯᠡᠭᠡ ᠶᠢᠨ ᠪᠢᠴᠢᠭ᠂ ᠮᠠᠰᠢᠨ ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ᠂ ᠰᠢᠭᠦᠬᠦ ᠬᠤᠷᠢᠶ᠎ᠠ ᠠᠴᠠ ᠭᠦᠢᠴᠡᠳᠬᠡᠭᠰᠡᠨ ᠲᠠᠰᠤᠯᠤᠯᠲᠠ ᠶᠢᠨ ᠪᠢᠴᠢᠭ᠂ ᠰᠢᠭᠦᠨ ᠲᠠᠰᠤᠯᠤᠯᠲᠠ ᠶᠢᠨ ᠪᠢᠴᠢᠭ᠂ ᠡᠶᠡᠳᠡᠭᠦᠯᠭᠡ ᠶᠢᠨ ᠪᠢᠴᠢᠭ᠂ ᠥᠭᠡᠷᠡᠴᠢᠯᠡᠨ ᠲᠣᠨᠣᠭᠯᠠᠬᠤ ᠦᠢᠯᠡᠳᠪᠦᠷᠢ ᠠᠴᠠ ᠭᠠᠷᠭᠠᠵᠤ ᠥᠭᠭᠦᠭᠰᠡᠨ ᠮᠠᠰᠢᠨ ᠲᠡᠷᠭᠡᠨ ᠤ ᠪᠦᠲᠦᠨ ᠲᠡᠷᠭᠡ ᠪᠠᠷ ᠦᠢᠯᠡᠳᠪᠦᠷᠢ ᠠᠴᠠ ᠭᠠᠷᠬᠤ ᠬᠢᠷᠢ ᠲᠡᠩᠴᠡᠭᠰᠡᠨ ᠦᠨᠡᠮᠯᠡᠯ᠂ ᠡᠳ᠋ ᠬᠥᠷᠥᠩᠭᠡ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠂ ᠮᠠᠰᠢᠨ ᠲᠡᠷᠭᠡ ᠶᠢᠨ ᠥᠮᠴᠢᠯᠡᠭᠴᠢ ᠶᠢᠨ ᠪᠡᠶ᠎ᠡ ᠶᠢᠨ ᠦᠨᠡᠮᠯᠡᠯ᠂ ᠮᠠᠰᠢᠨ ᠲᠡᠷᠭᠡ ᠶᠢᠨ ᠢᠷᠡᠯᠲᠡ ᠶᠢᠨ ᠭᠡᠷᠡᠴᠢ᠂ ᠮᠠᠰᠢᠨ ᠲᠡᠷᠭᠡ ᠶᠢᠨ ᠪᠦᠲᠦᠨ ᠲᠡᠷᠭᠡ ᠪᠠᠷ ᠦᠢᠯᠡᠳᠪᠦᠷᠢ ᠠᠴᠠ ᠭᠠᠷᠬᠤ ᠬᠢᠷᠢ ᠲᠡᠩᠴᠡᠭᠰᠡᠨ ᠭᠡᠷᠡᠴᠢ᠂ ᠮᠠᠰᠢᠨ ᠲᠡᠷᠭᠡ ᠶᠢᠨ ᠵᠠᠮ ᠬᠠᠷᠢᠯᠴᠠᠭᠠᠨ ᠤ ᠡ᠊ᠨᠳᠡᠯ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠤᠨ ᠭᠡᠷᠡᠴᠢ ᠪᠠᠷᠢᠮᠲᠠ ︵ᠬᠠᠭᠤᠯᠪᠤᠷᠢ︶ ᠪᠤᠶᠤ ᠡᠯᠧᠺᠲᠷᠣᠨ ᠪᠠᠷ ᠤᠨ ᠳᠠᠭᠠᠳᠬᠠᠯ ᠤᠨ ᠬᠠᠭᠤᠳᠠᠰᠤ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠲᠥᠯᠥᠭᠡᠨ ᠨᠣᠮᠧᠷ ᠤᠨ ᠦᠨᠡᠮᠯᠡᠯ᠂ ᠪᠢᠴᠢᠭ ᠤᠨ ᠬᠡᠯᠪᠡᠷᠢ ᠶᠢᠨ ᠨᠠᠶᠢᠳᠠᠯᠭ᠎ᠠ ᠶᠢᠨ ᠭᠡᠷᠡᠴᠢ᠂ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠦᠨᠡᠮᠯᠡᠯ᠂ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢᠨ ᠭᠠᠶᠢᠯᠢ ᠲᠤᠰᠢᠶᠠᠭᠰᠠᠨ ᠭᠡᠷᠡᠴᠢ ᠪᠤᠶᠤ ᠭᠠᠶᠢᠯᠢ ᠠᠴᠠ ᠬᠡᠯᠲᠦᠷᠢᠭᠦᠯᠦᠭᠰᠡᠨ ᠭᠡᠷᠡᠴᠢᠲᠣᠭᠲᠠᠭᠠᠭᠰᠠᠨ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ︵2003 ᠣᠨ ᠤ 10 ᠰᠠᠷ᠎ᠠ ᠶᠢᠨ 28 ᠤ ᠡᠳᠦᠷ ᠤᠨ ᠲᠡᠷᠢᠭᠦᠯᠡᠭᠴᠢ ᠶᠢᠨ ᠵᠠᠷᠯᠢᠭ 8 ᠳ᠋ᠤᠭᠠᠷ ᠲᠣᠭᠠᠲᠤ᠂ 2011 ᠣᠨ ᠤ 4 ᠰᠠᠷ᠎ᠠ ᠶᠢᠨ 22 ᠤᠨ ᠡᠳᠦᠷ ᠵᠠᠰᠠᠪᠤᠷᠢ ᠣᠷᠣᠭᠤᠯᠤᠭᠰᠠᠨ︶ ᠶᠢᠨ ᠨᠠᠢᠮᠠᠳᠤᠭᠠᠷ ᠵᠤᠷᠪᠤᠰ᠄ ᠤᠯᠤᠰ ᠠᠴᠠ ᠮᠠᠰᠢᠨ ᠲᠡᠷᠭᠡ ᠳᠠᠩᠰᠠᠯᠠᠭᠤᠯᠬᠤ ᠳᠦᠷᠢᠮ ᠢ ᠬᠡᠷᠡᠭᠵᠢᠭᠦᠯᠦᠨ᠎ᠡ᠃ ᠮᠠᠰᠢᠨ ᠲᠡᠷᠭᠡ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠤ ᠳᠠᠷᠠᠭ᠎ᠠ ᠰᠠᠶ᠋ᠢ ᠵᠠᠮ ᠳᠤ ᠭᠠᠷᠴᠤ ᠪᠣᠯᠣᠨ᠎ᠠ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ᠄ 1. ᠮᠠᠰᠢᠨ ᠲᠡᠷᠭᠡᠨ ᠤ ᠨᠣᠮᠧᠷᠲᠤ ᠫᠠᠶᠢᠰᠠ ︵ᠲᠣᠮᠣ ᠬᠡᠯᠪᠡᠷᠢ ᠶᠢᠨ ᠮᠠᠰᠢᠨ ᠲᠡᠷᠭᠡᠨ ᠤ ᠨᠣᠮᠧᠷᠲᠤ ᠫᠠᠶᠢᠰᠠ᠂ ᠵᠢᠵᠢᠭ ᠬᠡᠯᠪᠡᠷᠢ ᠶᠢᠨ ᠮᠠᠰᠢᠨ ᠲᠡᠷᠭᠡᠨ ᠤ ᠨᠣᠮᠧᠷᠲᠤ ᠫᠠᠶᠢᠰᠠ᠂ ᠵᠢᠭᠠᠨ ᠰᠤᠷᠭᠠᠬᠤ ᠲᠡᠷᠭᠡᠨ ᠤ ᠨᠣᠮᠧᠷᠲᠤ ᠫᠠᠶᠢᠰᠠ᠂ ᠰᠢᠨ᠎ᠡ ᠡᠨᠧᠷᠭᠢ ᠶᠢᠨ ᠲᠣᠮᠣ ᠬᠡᠯᠪᠡᠷᠢ ᠶᠢᠨ ᠮᠠᠰᠢᠨ ᠲᠡᠷᠭᠡᠨ ᠤ ᠨᠣᠮᠧᠷᠲᠤ ᠫᠠᠶᠢᠰᠠ᠂ ᠰᠢᠨ᠎ᠡ ᠡᠨᠧᠷᠭᠢ ᠶᠢᠨ ᠵᠢᠵᠢᠭ ᠬᠡᠯᠪᠡᠷᠢ ᠶᠢᠨ ᠮᠠᠰᠢᠨ ᠲᠡᠷᠭᠡᠨ ᠤ ᠨᠣᠮᠧᠷᠲᠤ ᠫᠠᠶᠢᠰᠠ︶᠄ 100 ᠲᠥᠭᠦᠷᠢᠭ / ᠬᠤᠣᠰ᠃ 2. ᠮᠠᠰᠢᠨ ᠲᠡᠷᠭᠡᠨ ᠤ ᠳᠠᠩᠰᠠᠯᠠᠭᠤᠯᠤᠭᠰᠠᠨ ᠦᠨᠡᠮᠯᠡᠯ᠄ 10 ᠲᠥᠭᠦᠷᠢᠭ / ᠳᠡᠪᠲᠡᠷ᠃ 3. ᠮᠠᠰᠢᠨ ᠲᠡᠷᠭᠡᠨ ᠤ ᠠᠶᠠᠯᠠᠨ ᠶᠠᠪᠤᠬᠤ ᠦᠨᠡᠮᠯᠡᠯ᠄ 10 ᠲᠥᠭᠦᠷᠢᠭ / ᠳᠡᠪᠲᠡᠷ᠃        ᠰᠦᠢᠳᠬᠡᠯ ᠬᠤᠷᠢᠶᠠᠬᠤ ᠦᠨᠳᠦᠰᠦᠯᠡᠯ᠄ ᠦᠨᠳᠦᠰᠦ ᠪᠠᠷᠢᠮᠲᠠ ︽ᠮᠠᠰᠢᠨ ᠲᠡᠷᠭᠡᠨ ᠤ ᠫᠠᠶᠢᠰᠠ ᠦᠨᠡᠮᠯᠡᠯ ᠦᠢᠯᠡᠳᠬᠦ ᠵᠠᠷᠤᠳᠠᠯ ᠵᠡᠷᠭᠡ ᠰᠦᠢᠳᠬᠡᠯ ᠬᠤᠷᠢᠶᠠᠬᠤ ᠪᠠᠷᠢᠮᠵᠢᠶ᠎ᠠ ᠶᠢᠨ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ﹇2004﹈ 2831 ᠳ᠋ᠦ᠋ᠭᠡᠷ ᠲᠣᠭᠠᠲᠤ︶᠂ ︽ᠴᠠᠬᠢᠯᠭᠠᠨ ᠬᠤᠯᠪᠣᠭᠠᠨ ᠤ ᠰᠦᠯᠵᠢᠶ᠎ᠡ ᠶᠢᠨ ᠨᠣᠮᠧᠷ ᠤᠨ ᠡᠬᠢ ᠪᠠᠶᠠᠯᠢᠭ ᠢ ᠡᠵᠡᠯᠡᠨ ᠬᠡᠷᠡᠭᠯᠡᠬᠦ ᠵᠠᠷᠤᠳᠠᠯ ᠵᠡᠷᠭᠡ ᠬᠡᠰᠡᠭ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠬᠤ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ﹇2017﹈ 1186 ᠳ᠋ᠤᠭᠠᠷ ᠲᠣᠭᠠᠲᠤ︶᠂ ︽ᠬᠡᠰᠡᠭ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠬᠤ ᠲᠤᠬᠠᠢ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ᠲᠣᠭᠲᠠᠭᠠᠯ ﹇2019﹈ 1931 ᠳ᠋ᠦ᠋ᠭᠡᠷ ᠲᠣᠭᠠᠲᠤ︶ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤ ᠶᠢᠨ ᠰᠢᠨ᠎ᠡ ᠲᠣᠭᠤᠷᠢᠭ ᠤᠨ ᠲᠢᠶᠠᠨ ᠶᠤᠸᠠᠨ ᠶᠡᠭᠡ ᠵᠡᠭᠡᠯᠢ ᠶᠢᠨ 67 ︱ 2 ᠨᠣᠮᠧᠷ ᠤᠨ ᠪᠠᠷᠠᠭᠤᠨ ᠬᠡᠰᠡᠭ ᠤᠨ ᠵᠠᠮ ᠤᠨ ᠡᠮᠦᠨ᠎ᠡ᠂ ᠠᠷᠤ ᠬᠤᠷᠴᠢᠨ ᠬᠤᠰᠢᠭᠤᠨ ᠤ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ 1 ᠳ᠋ᠦ᠋ᠭᠡᠷ ᠳᠠᠪᠬᠤᠷᠯᠢᠭ ᠤᠨ 4 ᠳ᠋ᠦ᠋ᠭᠡᠷ ᠲᠤᠬᠠᠶᠢᠯᠠᠭᠰᠠᠨ ᠠᠵᠢᠯ ᠤᠨ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠠᠷᠤ ᠬᠤᠷᠴᠢᠨ ᠬᠤᠰᠢᠭᠤᠨ ᠤ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff80808175fe2bac01760370433a5279®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号