2022 ᠣᠨ ᠤ ᠠᠷᠤ ᠬᠤᠷᠴᠢᠨ ᠬᠤᠰᠢᠭᠤᠨ ᠤ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠦᠯ ᠵᠦᠢᠯ ᠤᠨ ᠬᠡᠷᠡᠭᠵᠢᠭᠦᠯᠬᠦ ᠲᠥᠰᠦᠯ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/4/21
ᠠᠷᠤ ᠵᠠᠰᠠᠭ ᠠᠯᠪᠠᠨ ᠲᠠᠷᠬᠠᠭᠠᠭᠰᠠᠨ ﹇2022﹈ 29 ᠳ᠋ᠣᠭᠡᠷ ᠲᠣᠭᠠᠲᠤ             2022 ᠣᠨ ᠤ ᠠᠷᠤ ᠬᠤᠷᠴᠢᠨ ᠬᠤᠰᠢᠭᠤᠨ ᠤ ᠲᠠᠷᠢᠶᠠᠨ ᠭᠠᠵᠠᠷ ᠤᠨ ᠬᠦᠷᠦᠰᠦᠨ ᠤ         ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠦᠯ ᠵᠦᠢᠯ ᠤᠨ ᠬᠡᠷᠡᠭᠵᠢᠭᠦᠯᠬᠦ         ᠲᠥᠰᠦᠯ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ    ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠠ ᠳᠤ᠄      ︽2022 ᠣᠨ ᠤ ᠠᠷᠤ ᠬᠤᠷᠴᠢᠨ ᠬᠤᠰᠢᠭᠤᠨ ᠤ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠦᠪᠡᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                          ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                                         2022 ᠣᠨ ᠤ 3 ᠰᠠᠷ᠎ᠠ ᠶᠢᠨ 28 ᠤ ᠡᠳᠦᠷ          ︵ᠲᠣᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶          2022 ᠣᠨ ᠤ ᠠᠷᠤ ᠬᠤᠷᠴᠢᠨ ᠬᠤᠰᠢᠭᠤᠨ ᠤ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ        ᠬᠠᠮᠠᠭᠠᠯᠠᠯᠲᠠ ᠶᠢᠨ ᠨᠥᠬᠦᠪᠥᠷᠢ ᠶᠢᠨ ᠲᠥᠷᠥᠯ ᠵᠦᠢᠯ ᠤᠨ ᠬᠡᠷᠡᠭᠵᠢᠭᠦᠯᠬᠦ ᠲᠥᠰᠦᠯ          2022 ᠣᠨ ᠤ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ︽2022 ᠣᠨ ᠤ ᠤᠯᠠᠭᠠᠨᠬᠠᠳᠠ ᠬᠤᠲᠠ ᠶᠢᠨ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠴᠢᠬᠤᠯᠠ ᠠᠴᠢ ᠬᠤᠯᠪᠣᠭᠳᠠᠯ      ᠣᠶᠢᠷ᠎ᠠ ᠶᠢᠨ ᠵᠢᠯ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠬᠠᠳᠠ ᠬᠤᠲᠠ ᠲᠠᠷᠢᠶᠠᠯᠠᠩ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠴᠢᠬᠤᠯᠴᠢᠯᠠᠨ ᠦᠵᠡᠵᠦ᠂ ᠲᠠᠷᠢᠶᠠᠯᠠᠩ ᠤᠨ      ︽ᠭᠤᠷᠪᠠᠨ ᠵᠦᠢᠯ ᠤᠨ ᠨᠥᠬᠦᠪᠥᠷᠢ︾ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ  ᠪᠠᠬᠢᠵᠢᠭᠦᠯᠬᠦ ᠶᠢ ᠲᠣᠳᠣᠷᠬᠠᠢ ᠱᠠᠭᠠᠷᠳᠠᠨ᠂ ᠨᠥᠬᠦᠪᠥᠷᠢ ᠣᠯᠭᠤᠬᠤ ᠡᠷᠴᠢᠮ ᠢ ᠲᠣᠭᠲᠠᠭᠤᠨ ᠢᠶᠠᠷ ᠴᠢᠩᠭᠠᠷᠠᠭᠤᠯᠬᠤ ᠶᠢᠨ ᠬᠠᠮᠲᠤ᠂ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠶᠢ ᠲᠠᠷᠢᠶᠠᠴᠢᠳ ᠤᠨ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠲᠠᠢ ᠬᠤᠯᠪᠣᠭᠳᠠᠭᠤᠯᠬᠤ ᠶᠢ ᠠᠬᠢᠭᠤᠯᠵᠤ᠂ ᠨᠥᠬᠦᠪᠥᠷᠢ ᠣᠯᠭᠤᠬᠤ ᠲᠦᠷᠦ ᠶᠢᠨ ᠪᠤᠳᠤᠯᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠨᠥᠬᠦᠪᠥᠷᠢ ᠣᠯᠭᠤᠬᠤ ᠠᠷᠭ᠎ᠠ ᠶᠢ ᠰᠠᠶᠢᠵᠢᠷᠠᠭᠤᠯᠵᠤ᠂ ᠨᠥᠬᠦᠪᠥᠷᠢ ᠣᠯᠭᠤᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ ᠪᠠᠶᠢᠨ᠎ᠠ᠃      ᠬᠤᠶᠠᠷ᠂ ᠶᠡᠷᠦᠩᠬᠡᠶ ᠰᠡᠳᠬᠢᠮᠵᠢ      ᠰᠢ ᠶᠢᠨ ᠫᠢᠩ ᠶᠡᠷᠦᠩᠬᠡᠶ ᠱᠦᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠡᠷᠡᠭᠯᠡᠬᠦ ᠪᠠ ᠠᠷᠠᠴᠢᠯᠠᠬᠤ ᠶᠢ ᠤᠶᠠᠯᠳᠤᠭᠤᠯᠬᠤ᠂ ᠬᠠᠮᠠᠭᠠᠯᠠᠨ ᠠᠰᠢᠭᠯᠠᠬᠤ᠂ ᠭᠤᠣᠯᠳᠠᠯᠭ᠎ᠠ ᠶᠢ ᠲᠤᠪᠤᠶᠢᠯᠭᠠᠬᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠬᠦ᠂ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂ ᠨᠡᠶᠢᠭᠡᠮ ᠤᠨ ᠬᠢᠨ ᠣᠷᠣᠯᠴᠠᠬᠤ ᠵᠠᠷᠴᠢᠮ ᠶᠣᠰᠣᠭᠠᠷ᠂ ᠲᠠᠷᠢᠶᠠᠯᠠᠩ ᠤᠨ ︽ᠭᠤᠷᠪᠠᠨ ᠵᠦᠢᠯ ᠤᠨ ᠨᠥᠬᠦᠪᠥᠷᠢ︾ ᠶᠢ ᠤᠷᠮᠠᠰᠢᠭᠤᠯᠬᠤ ᠴᠢᠨᠠᠷᠲᠠᠶ ᠨᠥᠬᠦᠪᠥᠷᠢ ᠠᠴᠠ ᠴᠢᠳᠠᠮᠵᠢ ᠶᠢᠨ ᠴᠢᠨᠠᠷᠲᠠᠶ ᠨᠥᠬᠦᠪᠥᠷᠢ ᠪᠣᠯᠭᠠᠨ ᠬᠤᠪᠢᠷᠠᠭᠤᠯᠬᠤ᠂ ᠬᠠᠮᠤᠷᠬᠤ ᠴᠢᠨᠠᠷᠲᠠᠶ ᠨᠥᠬᠦᠪᠥᠷᠢ ᠠᠴᠠ ᠵᠠᠩᠭᠢᠯᠠᠭ᠎ᠠ ᠶᠢᠨ ᠴᠢᠨᠠᠷᠲᠠᠶ ᠨᠥᠬᠦᠪᠥᠷᠢ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢᠨ ᠬᠠᠨᠳᠤᠯᠭᠠᠲᠤ ᠴᠢᠨᠠᠷ᠂ ᠨᠠᠷᠢᠯᠢᠭ ᠣᠨᠣᠪᠴᠢᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ ᠲᠤᠬᠠᠶ ᠶᠢᠨ ᠭᠠᠵᠠᠷ ᠤᠨ ᠡᠬᠢ ᠪᠠᠶᠠᠯᠢᠭ ᠲᠤ ᠰᠠᠭᠤᠷᠢᠯᠠᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠮᠠᠯᠴᠢᠨ ᠲᠠᠷᠢᠶᠠᠴᠢᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ᠂ ᠭᠠᠵᠠᠷ ᠰᠢᠷᠣᠶ ᠶᠢ ᠭᠦᠨ ᠰᠤᠯᠠᠷᠠᠭᠤᠯᠤᠨ ᠲᠡᠭᠰᠢᠯᠡᠬᠦ᠂ ᠣᠷᠭᠠᠨᠢᠭ ᠪᠣᠷᠲᠣᠭᠤᠷ ᠨᠡᠮᠡᠵᠦ ᠣᠷᠣᠭᠤᠯᠬᠤ᠂ ᠬᠢᠮᠢ ᠶᠢᠨ ᠪᠣᠷᠲᠣᠭᠤᠷ ᠲᠠᠷᠢᠶᠠᠨ ᠡᠮ ᠣᠷᠣᠭᠤᠯᠬᠤ ᠶᠢ ᠪᠭᠠᠰᠬᠠᠬᠤ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠵᠢᠭᠦᠯᠵᠦ᠂ ᠲᠠᠷᠢᠶᠠᠯᠠᠩ ᠤᠨ ᠠᠮᠢ ᠠᠬᠤᠶ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠨ᠂ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢ ᠬᠠᠮᠠᠭᠠᠯᠠᠬᠤ ᠶᠢ ᠤᠬᠠᠮᠰᠠᠷ ᠠᠴᠠ ᠪᠠᠨ ᠳᠡᠭᠡᠭᠰᠢᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠵᠦ᠂ ᠮᠠᠨ ᠤ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃      ᠭᠤᠷᠪᠠ᠂ ᠨᠥᠬᠦᠪᠥᠷᠢ ᠣᠯᠭᠤᠬᠤ ᠡᠲᠡᠭᠡᠳ᠂ ᠠᠭᠤᠯᠭ᠎ᠠ ᠪᠠ ᠠᠷᠭ᠎ᠠ ᠮᠠᠶ᠋ᠢᠭ      ︵ᠨᠢᠭᠡ︶ ᠨᠥᠬᠦᠪᠥᠷᠢ ᠣᠯᠭᠤᠬᠤ ᠡᠲᠡᠭᠡᠳ ᠵᠠᠷᠴᠢᠮ ᠳᠡᠭᠡᠷ᠎ᠡ ᠪᠠᠨ ᠲᠠᠷᠢᠶᠠᠨ ᠭᠠᠵᠠᠷ ᠢ ᠳᠠᠭᠠᠭᠠᠴᠢᠯᠠᠬᠤ ᠡᠷᠬᠡ ᠲᠠᠢ ᠲᠠᠷᠢᠶᠠᠴᠢᠨ ︵ᠲᠠᠷᠢᠶᠠᠯᠠᠩ ᠤᠨ ᠲᠠᠯᠠᠪᠠᠶ ᠶᠢᠨ ᠠᠵᠢᠯᠲᠠᠨ ᠠᠵᠢᠯᠴᠢᠨ︶ ᠪᠣᠯᠤᠨ᠎ᠠ᠃ ᠣᠶᠢᠲᠤ ᠭᠠᠵᠠᠷ ᠪᠠ ᠨᠢᠭᠡᠨᠲᠡ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠲᠠᠯᠠᠪᠠᠶ ᠪᠣᠯᠭᠠᠨ ᠬᠡᠷᠡᠭᠯᠡᠭᠰᠡᠨ ᠲᠠᠷᠢᠶᠠᠨ ᠭᠠᠵᠠᠷ᠂ ᠬᠡᠰᠡᠭ ᠠᠮᠤ ᠪᠤᠳᠠᠭᠠᠨ ᠤ ᠲᠠᠷᠢᠶ᠎ᠠ ᠶᠢ ᠲᠥᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠣᠭᠰᠠᠨ ᠭᠠᠵᠠᠷ᠂ ᠲᠠᠷᠢᠶᠠᠯᠠᠩ ᠤᠨ ᠪᠤᠰᠤ ᠲᠠᠲᠠᠪᠦᠷᠢᠯᠠᠭᠰᠠᠨ ︵ᠡᠵᠡᠯᠡᠨ︶ ᠬᠡᠷᠡᠭᠯᠡᠭᠰᠡᠨ ᠲᠠᠷᠢᠶᠠᠨ ᠭᠠᠵᠠᠷ ᠵᠡᠷᠭᠡ ᠨᠢᠭᠡᠨᠲᠡ ᠬᠡᠷᠡᠭᠴᠡᠭᠡ ᠶᠢ ᠨᠢ ᠬᠤᠪᠢᠷᠠᠭᠤᠯᠤᠭᠰᠠᠨ ᠲᠠᠷᠢᠶᠠᠨ ᠭᠠᠵᠠᠷ᠂ ᠵᠢᠴᠢ ᠣᠷᠳᠣ ᠬᠤᠭᠤᠴᠠᠭ᠎ᠠ ᠪᠠᠷ ᠠᠲᠠᠷᠰᠢᠭᠤᠯᠤᠭᠰᠠᠨ ᠲᠠᠷᠢᠶᠠᠨ ᠭᠠᠵᠠᠷ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠳᠤᠮᠳᠠ ︽ᠨᠦᠬᠦᠪᠦᠷᠢᠯᠡᠭᠰᠡᠨ︾ ᠲᠠᠷᠢᠶᠠᠨ ᠤ ᠲᠠᠯᠠᠪᠠᠶ ᠪᠠ ᠶᠠᠰᠤ ᠴᠢᠨᠠᠷ ᠨᠢ ᠲᠠᠷᠢᠶᠠᠯᠠᠬᠤ ᠨᠥᠬᠦᠴᠡᠯ ᠳᠤ ᠬᠥᠷᠬᠦ ᠥᠬᠡᠶ ᠲᠠᠷᠢᠶᠠᠨ ᠭᠠᠵᠠᠷ ︵ᠳᠠᠷᠤᠶ ᠤᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠤᠯᠤᠰ ᠤᠨ ᠨᠤᠲᠤᠭ ᠳᠡᠪᠢᠰᠭᠡᠷ ᠡᠬᠢ ᠪᠠᠶᠠᠯᠢᠭ ᠤᠨ ᠲᠢᠩᠬᠢᠮ ᠤᠨ ︽ᠲᠠᠷᠢᠶᠠᠨ ᠭᠠᠵᠠᠷ ᠤᠨ ᠶᠠᠰᠤ ᠴᠢᠨᠠᠷ ᠢ ᠨᠥᠬᠦᠪᠥᠷᠢᠯᠡᠬᠦ ᠦᠨᠡᠯᠡᠯᠲᠡ ᠶᠢᠨ ᠠᠵᠢᠯ ᠪᠠ ᠮᠡᠷᠭᠡᠵᠢᠯ ᠤᠨ ᠵᠢᠷᠤᠮᠵᠢᠯ︾ ᠳᠤ ᠨᠡᠶᠢᠴᠡᠬᠦ ᠥᠬᠡᠶ ᠲᠠᠷᠢᠶᠠᠨ ᠭᠠᠵᠠᠷ︶ ᠵᠢᠴᠢ 2022 ᠣᠨ ᠤ ᠲᠠᠷᠢᠶᠠᠯᠠᠬᠤ ᠶᠢ ᠵᠣᠭᠰᠣᠭᠠᠬᠤ ᠬᠡᠪᠴᠢᠶᠡᠨ ᠳᠤ ᠨᠢᠭᠡᠨᠲᠡ ᠣᠷᠣᠭᠤᠯᠤᠭᠰᠠᠨ ᠲᠠᠷᠢᠶᠠᠨ ᠭᠠᠵᠠᠷ ᠵᠡᠷᠭᠡ ᠳᠤ ᠨᠥᠬᠦᠪᠥᠷᠢ ᠣᠯᠭᠤᠬᠤ ᠥᠬᠡᠶ᠃ ᠲᠠᠷᠢᠶᠠᠨ ᠭᠠᠵᠠᠷ ᠤᠨ ᠡᠷᠬᠡ ᠶᠢ ᠨᠤᠲᠠᠯᠠᠨ ᠲᠣᠭᠲᠠᠭᠠᠬᠤ ᠶᠢ ᠦᠨᠳᠦᠰᠦᠨ ᠳᠡᠭᠡᠨ ᠪᠡᠶᠡᠯᠡᠭᠦᠯᠦᠭᠰᠡᠨ ᠭᠠᠵᠠᠷ ᠣᠷᠣᠨ ᠳᠤ ᠲᠠᠷᠢᠶᠠᠨ ᠭᠠᠵᠠᠷ ᠤᠨ ᠡᠷᠬᠡ ᠶᠢ ᠨᠤᠲᠠᠯᠠᠨ ᠲᠣᠭᠲᠠᠭᠠᠭᠰᠠᠨ ᠲᠤᠭ᠎ᠠ ᠪᠠᠷᠢᠮᠲᠠ ᠶᠢ ᠦᠨᠳᠦᠰᠦᠯᠡᠨ ᠣᠯᠭᠤᠨ᠎ᠠ᠃      ︵ᠬᠤᠶᠠᠷ︶ ᠨᠥᠬᠦᠪᠥᠷᠢ  ᠣᠯᠭᠤᠬᠤ ᠠᠷᠭ᠎ᠠ ᠮᠠᠶ᠋ᠢᠭ      ︽ᠪᠦᠬᠦᠨ ᠳᠤ ᠳᠣᠭᠢᠷᠠᠬᠤ ᠺᠠᠷᠲ︾ ᠢᠶᠠᠷ ᠳᠠᠮᠵᠢᠭᠤᠯᠤᠨ ᠨᠥᠬᠦᠪᠦᠷᠢ ᠣᠯᠭᠤᠵᠤ᠂ ᠲᠠᠷᠢᠶᠠᠴᠢᠳ ᠤᠨ ᠰᠠᠨᠠᠭᠠᠴᠢᠯᠠᠭ᠎ᠠ ᠠᠴᠠ ᠪᠠᠨ ᠲᠠᠷᠢᠶᠠᠨ ᠭᠠᠵᠠᠷ ᠪᠠ ᠬᠦᠷᠦᠰᠦᠨ ᠤ ᠰᠢᠮ᠎ᠡ ᠶᠢ ᠬᠠᠮᠠᠭᠠᠯᠠᠬᠤ ᠮᠡᠷᠭᠡᠵᠢᠯ ᠤᠨ ᠠᠷᠭ᠎ᠠ ᠬᠡᠮᠵᠢᠶ᠎ᠡ ᠠᠪᠬᠤ ᠶᠢ ᠵᠣᠷᠢᠭᠵᠢᠭᠤᠯᠵᠤ᠂ ᠲᠠᠷᠢᠶᠠᠯᠠᠩ ᠤᠨ ᠠᠮᠢ ᠠᠬᠤᠶ ᠶᠢᠨ ᠡᠬᠢ ᠪᠠᠶᠠᠯᠢᠭ ᠢ ᠬᠠᠮᠠᠭᠠᠯᠠᠬᠤ ᠤᠬᠠᠮᠰᠠᠷ ᠢ ᠴᠢᠩᠭᠠᠳᠬᠠᠨ᠂ ︽ᠠᠮᠤ ᠪᠤᠳᠠᠭᠠᠨ ᠤ ᠦᠰᠦᠯᠲᠡ ᠭᠠᠵᠠᠷ ᠰᠢᠷᠤᠢ ᠳᠤ ᠲᠦᠰᠢᠭᠯᠡᠬᠦ︾ ᠶᠢ ᠪᠡᠶᠡᠯᠡᠭᠦᠯᠵᠦ ᠂ ᠲᠥᠷᠥ ᠶᠢᠨ ᠪᠣᠳᠣᠯᠭ᠎ᠠ ᠶᠢᠨ ᠬᠠᠷᠠᠯᠲᠠ ᠶᠢᠨ ᠴᠢᠭᠯᠡᠯ ᠢ ᠨᠠᠩ ᠣᠨᠣᠪᠴᠢᠲᠠᠶ ᠪᠣᠯᠭᠠᠵᠤ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠪᠠ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠨᠠᠩ ᠨᠢᠭᠡᠳᠦᠯᠲᠡᠶ ᠪᠣᠯᠭᠠᠨ᠎ᠠ᠃      ︵ᠭᠤᠷᠪᠠ︶ ᠨᠥᠬᠦᠪᠥᠷᠢ ᠣᠯᠭᠤᠬᠤ ᠠᠵᠢᠯ ᠤᠨ ᠮᠡᠳᠡᠭᠦᠯᠬᠦ ᠲᠡᠰ ᠳᠠᠷᠠᠭᠠᠯᠠᠯᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ ᠂ ᠳᠥᠭᠦᠮ ᠳᠥᠲᠡ ᠪᠥᠭᠡᠳ ᠬᠡᠷᠡᠭᠵᠢᠭᠦᠯᠬᠦ ᠳᠤ ᠬᠢᠯᠪᠠᠷ᠂ ᠦᠷ᠎ᠡ ᠪᠦᠲᠦᠮᠵᠢ ᠬᠢᠭᠡᠳ ᠲᠦᠪ ᠭᠤᠤᠯᠴᠢ ᠪᠠᠶᠢᠬᠤ ᠶᠢ ᠬᠠᠮᠲᠤ ᠳᠤᠨᠢ ᠬᠠᠷᠠᠭᠠᠯᠵᠠᠬᠤ ᠵᠠᠷᠴᠢᠮ ᠢ ᠪᠠᠷᠢᠮᠲᠠᠯᠠᠵᠤ᠂ ᠨᠥᠬᠦᠪᠥᠷᠢ ᠶᠢᠨ ᠦᠨᠳᠦᠰᠦᠯᠡᠯ ᠢ ᠵᠠᠷᠴᠢᠮ ᠳᠡᠭᠡᠷ᠎ᠡ ᠪᠠᠨ ᠥᠩᠭᠡᠷᠡᠭᠰᠡᠨ ᠤ ᠨᠥᠬᠦᠪᠥᠷᠢ ᠶᠢᠨ ᠲᠠᠯᠠᠪᠠᠶ ᠶᠢᠨ ᠲᠥᠷᠥᠯ ᠬᠡᠯᠪᠡᠷᠢ ᠪᠠᠷ ᠦᠨᠳᠦᠰᠦᠯᠡᠯ  ᠪᠣᠯᠭᠠᠨ᠎ᠠ  ᠃      ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠨᠥᠬᠦᠪᠥᠷᠢ ᠶᠢᠨ ᠪᠠᠯᠠ ᠮᠥᠩᠭᠦ ᠶᠢ ᠣᠯᠭᠤᠬᠤ ᠳᠤ ᠡᠷᠬᠡᠪᠰᠢ ᠭᠤᠶᠣᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠳᠡᠪᠲᠡᠷᠯᠡᠬᠦ᠂ ᠵᠠᠷᠯᠠᠨ ᠨᠡᠶᠢᠲᠡᠯᠡᠬᠦ᠂ ᠳᠡᠭᠡᠭᠰᠢ ᠮᠡᠳᠡᠭᠦᠯᠬᠦ ᠲᠠᠰ ᠳᠠᠷᠠᠭᠠᠯᠠᠯ ᠢᠶᠠᠷ ᠶᠠᠪᠣᠭᠳᠠᠭᠤᠯᠣᠨ᠎ᠠ᠃ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠭᠠᠴᠠᠭ᠎ᠠ ᠲᠣᠰᠬᠤᠨ ᠳᠤ ᠠᠵᠢᠯᠯᠠᠬᠤ ᠠᠩᠭᠢ ᠲᠣᠮᠢᠯᠠᠨ ᠰᠠᠭᠤᠯᠭᠠᠵᠤ᠂ ᠲᠣᠰᠬᠤᠨ ᠤ ᠺᠠᠳ᠋ᠷᠴᠤᠳ ᠢ ᠵᠣᠬᠢᠶᠠᠨ ᠪᠠᠶᠢᠭᠤᠯᠤᠨ ᠡᠷᠦᠬᠡ ᠳᠤ ᠭᠦᠨᠵᠡᠭᠡᠶᠢᠷᠡᠨ᠂ ︽2022 ᠣᠨ ᠤ ᠠᠷᠤ ᠬᠤᠷᠴᠢᠨ ᠬᠤᠰᠢᠭᠤᠨ ᠤ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠠᠯᠠᠪᠠᠶ ᠶᠢ ᠭᠤᠶᠤᠴᠢᠯᠠᠨ ᠮᠡᠳᠡᠭᠦᠯᠵᠦ ᠳᠠᠩᠰᠠᠯᠠᠬᠤ ᠬᠦᠰᠦᠨᠦᠭᠲᠦ︾ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠲᠠᠭᠯᠠᠵᠤ᠂ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ ᠭᠤᠶᠤᠴᠢᠯᠠᠨ ᠮᠡᠳᠡᠭᠦᠯᠵᠦ ᠢᠯᠡ ᠨᠡᠶᠢᠲᠡᠯᠡᠨ᠎ᠡ᠃ ᠡᠯ᠎ᠡ ᠭᠠᠴᠠᠭ᠎ᠠ ᠲᠣᠰᠬᠤᠨ ᠨᠢ ᠭᠤᠶᠤᠴᠢᠯᠠᠨ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠭᠠᠴᠠᠭ᠎ᠠ ᠲᠣᠰᠬᠤᠨ ᠤ ᠬᠠᠷᠢᠭᠤᠴᠠᠯᠭᠠᠲᠠᠨ ᠨᠢ ᠡᠯ᠎ᠡ ᠲᠠᠷᠢᠶᠠᠴᠢᠨ ᠡᠷᠦᠬᠡ ᠶᠢᠨ ᠭᠤᠶᠤᠴᠢᠯᠠᠨ ᠮᠡᠳᠡᠭᠦᠯᠦᠭᠰᠡᠨ ᠪᠠᠶᠢᠳᠠᠯ ᠢ ᠬᠢᠨᠠᠮᠠᠭᠠᠶ ᠬᠢᠨᠠᠨ ᠬᠠᠷᠭᠤᠭᠤᠯᠵᠤ᠂ ᠭᠤᠶᠤᠴᠢᠯᠠᠨ ᠮᠡᠳᠡᠭᠦᠯᠦᠭᠰᠡᠨ ᠲᠤᠭ᠎ᠠ ᠪᠠᠷᠢᠮᠲᠠ ᠨᠢ ᠦᠨᠡᠨ ᠪᠣᠳᠠᠲᠠᠶ ᠪᠠᠶᠢᠬᠤ ᠶᠢ ᠨᠤᠲᠠᠯᠠᠵᠤ᠂ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠤ ᠳᠠᠷᠠᠭ᠎ᠠ᠂ ᠮᠡᠳᠡᠭᠦᠯᠬᠦ ᠬᠦᠰᠦᠨᠦᠭᠲᠦ ᠶᠢᠨ ᠬᠠᠭᠤᠳᠠᠰᠤ ᠪᠦᠷᠢ ᠳᠤ ᠭᠠᠷ ᠤᠨ ᠥᠰᠥᠭ ᠵᠢᠷᠤᠵᠤ ᠨᠣᠲᠠᠯᠠᠨ᠎ᠠ᠃ ᠮᠡᠳᠡᠭᠦᠯᠬᠦ ᠨᠠᠷᠢᠨ ᠳᠠᠩᠰᠠ ᠶᠢ ᠨᠢᠭᠡ ᠬᠡᠯᠪᠡᠷᠢ ᠶᠢᠨ ᠭᠤᠷᠪᠠᠨ ᠬᠤᠪᠢ᠂ ᠨᠢᠭᠡ ᠬᠤᠪᠢ ᠶᠢ ᠭᠠᠴᠠᠭ᠎ᠠ ᠲᠣᠰᠬᠤᠨ ᠳᠤ ᠦᠯᠡᠳᠡᠭᠡᠨ ᠲᠠᠩᠰᠠ ᠡᠪᠬᠡᠮᠡᠯ ᠳᠤ ᠣᠷᠣᠭᠤᠯᠵᠤ᠂ ᠨᠢᠭᠡ ᠬᠤᠪᠢ ᠶᠢ ᠭᠠᠴᠠᠭ᠎ᠠ ᠲᠣᠰᠬᠤᠨ ᠳᠤ ᠦᠯᠡᠳᠡᠭᠡᠨ ᠢᠯᠡ ᠨᠡᠶᠢᠲᠡᠯᠡᠵᠦ᠂ ᠣᠭ ᠮᠠᠲ᠋ᠧᠷᠢᠶᠠᠯ ᠢ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠮᠡᠳᠡᠭᠦᠯᠦᠨ ᠲᠠᠩᠰᠠ ᠡᠪᠬᠡᠮᠡᠯ ᠳᠤ ᠣᠷᠣᠭᠤᠯᠤᠨ᠎ᠠ᠃      ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠠᠴᠠ ᠬᠠᠷᠢᠶ᠎ᠠ ᠭᠠᠴᠠᠭ᠎ᠠ ᠲᠣᠰᠬᠤᠨ ᠤ ᠬᠢᠨ ᠳᠡᠭᠡᠭᠰᠢ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠲᠤᠰᠬᠠᠶ ᠠᠵᠢᠯ ᠤᠨ ᠳᠤᠭᠤᠶᠢᠯᠠᠩ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠡᠯ᠎ᠡ ᠭᠠᠴᠠᠭ᠎ᠠ ᠲᠣᠰᠬᠤᠨ ᠤ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢ ᠨᠠᠷᠢᠨ ᠬᠢᠨᠠᠮᠠᠭᠠᠶ ᠬᠢᠨᠠᠨ ᠬᠠᠷᠭᠤᠭᠤᠯᠵᠤ᠂ ᠰᠤᠭᠤᠴᠢᠨ ᠪᠠᠶᠢᠴᠠᠭᠠᠵᠤ᠂  ᠬᠤᠷᠢᠶᠠᠩᠭᠤᠶᠢᠯᠠᠨ᠂ ᠲᠤᠭ᠎ᠠ ᠪᠠᠷᠢᠮᠲᠠ ᠶᠢᠨ ᠬᠠᠤᠯᠢ ᠶᠣᠰᠣᠨ ᠤ᠂ ᠦᠨᠡᠨ ᠪᠣᠳᠠᠲᠠᠶ ᠪᠠᠶᠢᠬᠤ ᠶᠢ ᠦᠨᠡᠨ ᠬᠦ ᠪᠠᠲᠤᠯᠠᠭᠰᠠᠨ ᠤ ᠳᠠᠷᠠᠭ᠎ᠠ᠂ ︽2022 ᠣᠨ ᠤ ᠠᠷᠤ ᠬᠤᠷᠴᠢᠨ ᠬᠤᠰᠢᠭᠤᠨ ᠤ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠠᠯᠠᠪᠠᠶ ᠶᠢᠨ ᠬᠤᠷᠢᠶᠠᠩᠭᠤᠶ ᠬᠦᠰᠦᠨᠦᠭᠲᠦ︾ ᠶᠢ ᠲᠠᠭᠯᠠᠵᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠠᠰᠤᠭ ᠲᠤ ᠮᠡᠳᠡᠭᠦᠯᠦᠨ ᠬᠤᠷᠢᠶᠠᠩᠭᠤᠶᠢᠯᠠᠵᠤ᠂ ᠲᠠᠩᠰᠠ ᠡᠪᠬᠡᠮᠡᠯ ᠳᠤ ᠣᠷᠣᠭᠤᠯᠤᠨ ᠳᠠᠩᠰᠠᠯᠠᠭᠤᠯᠤᠨ᠎ᠠ᠃      1. 2022 ᠣᠨ ᠤ 4 ᠳ᠋ᠣᠭᠡᠷ ᠰᠠᠷ᠎ᠠ ᠶᠢᠨ 10 ᠤ ᠡᠳᠦᠷ ᠠᠴᠠ 4 ᠳ᠋ᠣᠭᠡᠷ ᠰᠠᠷ᠎ᠠ ᠶᠢᠨ 30 ᠤ ᠡᠳᠦᠷ ᠪᠣᠯᠲᠠᠯ᠎ᠠ᠄ ᠭᠠᠴᠠᠭ᠎ᠠ ᠲᠣᠰᠬᠤᠨ ᠤ ᠱᠠᠲᠤᠨ ᠳᠤ ᠭᠤᠶᠤᠴᠢᠯᠠᠨ ᠮᠡᠳᠡᠭᠦᠯᠵᠦ᠂ ᠢᠯᠡ ᠨᠡᠶᠢᠲᠡᠯᠡᠨ᠎ᠡ᠃ ᠡᠯ᠎ᠡ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠲᠣᠰᠬᠤᠨ ᠤ ᠺᠠᠳ᠋ᠷᠴᠤᠳ ᠢ ᠵᠣᠬᠢᠶᠠᠨ ᠪᠠᠶᠢᠭᠤᠯᠤᠨ ᠨᠠᠷᠢᠨ ᠬᠢᠨᠠᠮᠠᠭᠠᠶ ᠬᠢᠨᠠᠨ ᠬᠠᠷᠭᠤᠭᠤᠯᠵᠤ᠂ ᠣᠨᠳᠣᠤ ᠰᠠᠨᠠᠯ ᠥᠬᠡᠶ ᠶᠢ ᠨᠤᠲᠠᠯᠠᠭᠰᠠᠨ ᠤ ᠳᠠᠷᠠᠭ᠎ᠠ᠂ ᠲᠣᠰᠬᠤᠨ ᠤ ᠢᠯᠡ ᠨᠡᠶᠢᠲᠡᠯᠡᠬᠦ ᠪᠤᠯᠤᠩ ᠳᠤ ᠢᠯᠡ ᠨᠡᠶᠢᠲᠡᠯᠡᠬᠦ ᠶᠢᠨ ᠬᠠᠮᠲᠤ ᠠᠷᠤ ᠬᠤᠷᠴᠢᠨ ᠬᠤᠰᠢᠭᠤᠨ ᠤ ᠭᠠᠴᠠᠭ᠎ᠠ ᠲᠣᠰᠬᠤᠨ ᠤ ᠶᠠᠪᠤᠳᠠᠯ ᠢ ᠢᠯᠡᠵᠢᠭᠦᠯᠦᠨ ᠬᠢᠨᠠᠯᠲᠠ ᠲᠠᠯᠪᠢᠬᠤ ᠲᠠᠪᠴᠠᠩ ᠳᠤ ᠣᠷᠳᠣ ᠬᠤᠭᠤᠴᠠᠭ᠎ᠠ ᠪᠠᠷ ᠢᠯᠡ ᠨᠡᠶᠢᠲᠡᠯᠡᠨ᠎ᠡ᠃      2. 2022 ᠣᠨ ᠤ 5 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 10 ᠤ ᠡᠳᠦᠷ ᠪᠣᠯᠲᠠᠯ᠎ᠠ᠄ ᠬᠢᠨᠠᠨ ᠬᠠᠷᠭᠤᠭᠤᠯᠵᠤ᠂ ᠳᠡᠭᠡᠭᠰᠢ ᠮᠡᠳᠡᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰᠬᠠᠶ ᠠᠵᠢᠯᠯᠠᠬᠤ ᠠᠩᠭᠢ ᠪᠠᠶᠢᠭᠤᠯᠵᠤ᠂ ᠡᠯ᠎ᠡ ᠭᠠᠴᠠᠭ᠎ᠠ ᠲᠣᠰᠬᠤᠨ ᠤ ᠳᠤᠭᠤᠶᠢᠯᠠᠩ ᠤᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢ ᠬᠢᠨᠠᠮᠠᠭᠠᠶ ᠬᠢᠨᠠᠨ ᠬᠠᠷᠭᠤᠭᠤᠯᠵᠤ᠂ ᠢᠯᠡ ᠨᠡᠶᠢᠲᠡᠯᠡᠬᠦ᠂ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠠᠷᠭ᠎ᠠ ᠮᠠᠶ᠋ᠢᠭ ᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠮᠡᠳᠡᠭᠦᠯᠦᠯᠲᠡ ᠦᠨᠡᠨ ᠪᠣᠳᠠᠲᠠᠶ ᠪᠠᠶᠢᠬᠤ ᠶᠢ ᠦᠨᠡᠨᠬᠦ ᠪᠠᠲᠣᠯᠠᠨ᠎ᠠ᠃ ᠣᠯᠠᠨ ᠲᠦᠮᠡᠨ ᠣᠨᠳᠣᠣ ᠰᠠᠨᠠᠯ ᠦᠭᠡᠢ ᠪᠣᠯᠤᠭᠰᠠᠨ ᠤ ᠲᠠᠷᠠᠭ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠠᠰᠤᠭ ᠲᠤ ᠬᠤᠷᠢᠶᠠᠩᠭᠤᠶ ᠬᠦᠰᠦᠨᠦᠭ ᠪᠣᠯᠤᠨ ᠨᠡᠶᠢᠲᠡ ᠳᠤ ᠵᠠᠷᠯᠠᠭᠰᠠᠨ ᠬᠡᠷᠡᠯ ᠵᠢᠷᠤᠭ ᠢ ᠳᠡᠭᠡᠭᠰᠢ ᠮᠡᠳᠡᠭᠦᠯᠦᠨ᠎ᠡ ︵ᠡᠯ᠎ᠡ ᠭᠠᠴᠠᠭ᠎ᠠ ᠲᠣᠰᠬᠤᠨ ᠤ ᠨᠡᠶᠢᠲᠡ ᠳᠤ ᠵᠠᠷᠯᠠᠭᠰᠠᠨ ᠬᠡᠷᠡᠯ ᠵᠢᠷᠤᠭ ᠢ 3 ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠬᠡᠷᠡᠯ ᠵᠢᠷᠤᠭ ᠢ ᠬᠤᠯᠠ ᠣᠢᠢᠷ᠎ᠠ ᠠᠴᠠ ᠴᠦᠮ ᠰᠡᠭᠦᠳᠡᠷᠯᠡᠬᠦ ᠬᠡᠷᠡᠭᠲᠠᠢ︶᠃      3. 2022 ᠣᠨ ᠤ 5 ᠰᠠᠷ᠎ᠠ ᠶᠢᠨ 20 ᠤ ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯ᠎ᠠ᠄ ᠬᠢᠨᠠᠨ ᠵᠥᠪᠰᠢᠶᠡᠷᠡᠬᠦ᠂ ᠺᠣᠮᠫᠢᠦ᠋ᠲ᠋ᠧᠷ ᠲᠤ ᠣᠷᠣᠭᠤᠯᠬᠤ ᠪᠠ ᠨᠥᠬᠦᠪᠦᠷᠢ ᠣᠯᠭᠤᠨ᠎ᠠ᠃ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠢᠨ ︽2022 ᠣᠨ ᠤ ᠠᠷᠤ ᠬᠤᠷᠴᠢᠨ ᠬᠤᠰᠢᠭᠤᠨ ᠤ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠠᠯᠠᠪᠠᠶ ᠶᠢᠨ ᠬᠤᠷᠢᠶᠠᠩᠭᠤᠶ ᠬᠦᠰᠦᠨᠦᠭᠲᠦ︾ ᠶᠢ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠠᠰᠤᠭ ᠲᠤ ᠮᠡᠳᠡᠭᠦᠯᠦᠨ ᠬᠤᠷᠢᠶᠠᠩᠭᠤᠶᠢᠯᠠᠵᠤ᠂ ᠲᠠᠩᠰᠠ ᠡᠪᠬᠡᠮᠡᠯ ᠳᠤ ᠣᠷᠣᠭᠤᠯᠤᠨ ᠳᠠᠩᠰᠠᠯᠠᠭᠤᠯᠣᠨ᠎ᠠ᠃ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠬᠤᠰᠢᠭᠤᠨ ᠤ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠵᠦ᠂ ᠬᠤᠷᠠᠯ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠡᠳ᠋ ᠤᠨ ᠵᠠᠰᠠᠭ ᠤᠨ ︽ᠪᠦᠬᠦᠨ ᠳᠤ ᠳᠣᠭᠢᠷᠠᠬᠤ ᠺᠠᠷᠲ︾ ᠤᠨ ᠰᠢᠰᠲ᠋ᠧᠮ ᠢ ᠠᠰᠢᠭᠯᠠᠨ ᠨᠥᠬᠦᠪᠥᠷᠢ ᠶᠢᠨ ᠪᠠᠯᠠ ᠮᠥᠩᠭᠦ ᠶᠢ ᠣᠷᠣᠭᠤᠯᠬᠤ ᠶᠢᠨ ᠬᠠᠮᠲᠤ ᠲᠠᠰ ᠳᠠᠷᠠᠭᠠᠯᠠᠯ ᠶᠣᠰᠣᠭᠠᠷ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ︽ᠡᠳ᠋ ᠤᠨ ᠵᠠᠰᠠᠭ ᠤᠨ ᠨᠥᠬᠦᠪᠥᠷᠢ ᠶᠢᠨ ᠪᠦᠬᠦᠨ ᠳᠤ ᠳᠣᠭᠢᠷᠠᠬᠤ ᠺᠠᠷᠲ ᠤᠨ ᠰᠢᠰᠲ᠋ᠧᠮ︾ ᠳᠤ ᠳᠡᠪᠰᠢᠭᠦᠯᠦᠨ ᠲᠤᠰᠢᠶᠠᠵᠤ ᠨᠥᠬᠦᠪᠦᠷᠢ ᠣᠯᠭᠤᠨ᠎ᠠ᠃      4. ︽ᠳᠤᠮᠳᠠᠳᠤ ᠤᠯᠤᠰ ᠤᠨ ᠲᠠᠷᠢᠶᠠᠴᠢᠳ ᠲᠤ ᠨᠥᠬᠦᠪᠥᠷᠢ ᠣᠯᠭᠤᠬᠤ ᠰᠦᠯᠵᠢᠶ᠎ᠡ︾ ᠪᠠᠷ ᠳᠠᠮᠵᠢᠭᠤᠯᠤᠨ ᠪᠡᠯᠡ ᠮᠥᠩᠭᠦ ᠲᠠᠷᠬᠠᠭᠠᠭᠰᠠᠨ ᠪᠠᠶᠢᠳᠠᠯ ᠢ ᠬᠤᠷᠢᠶᠠᠩᠭᠤᠶᠢᠯᠠᠨ ᠳᠡᠭᠡᠭᠰᠢ ᠮᠡᠳᠡᠭᠦᠯᠦᠨ᠎ᠡ᠃      ︵ᠲᠥᠷᠪᠡ︶ ᠨᠥᠬᠦᠪᠥᠷᠢ ᠶᠢᠨ ᠪᠡᠯᠡ ᠮᠥᠩᠭᠦ ᠶᠢᠨ ᠲᠤᠭ᠎ᠠ ᠬᠡᠮᠵᠢᠶ᠎ᠡ᠂ ᠦᠨᠳᠦᠰᠦᠯᠡᠯ᠂ ᠪᠠᠷᠢᠮᠵᠢᠶ᠎ᠠ      1. ᠨᠥᠬᠦᠪᠥᠷᠢ ᠪᠡᠯᠡ ᠮᠥᠩᠭᠦ ᠶᠢᠨ ᠵᠣᠭᠤᠰ ᠤᠨ ᠲᠤᠭ᠎ᠠ᠃ ︽2022 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠶᠢ ᠤᠷᠢᠳᠴᠢᠯᠠᠨ ᠪᠠᠭᠤᠯᠭᠠᠬᠤ ᠲᠤᠬᠠᠶ ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ︵ᠣᠯᠠᠭᠠᠨᠬᠠᠳᠠ ᠡᠳ᠋ ᠤᠨ ᠵᠠᠰᠠᠭ ᠵᠢᠯᠣᠭᠤᠳᠬᠤ ᠲᠠᠷᠢᠶᠠᠯᠠᠩ ﹇2021﹈  1012 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢ ᠦᠨᠳᠦᠰᠦᠯᠡᠪᠡᠯ᠂ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ 8859.5 ᠲᠦᠮᠡᠨ ᠲᠥᠭᠦᠷᠢᠭ ᠪᠣᠯᠤᠨ᠎ᠠ᠃      2. ᠨᠥᠬᠦᠪᠥᠷᠢ ᠶᠢᠨ ᠦᠨᠳᠦᠰᠦᠯᠡᠯ᠃ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠳᠡᠭᠡᠭᠰᠢ ᠮᠡᠳᠡᠭᠦᠯᠦᠭᠰᠡᠨ ᠨᠥᠬᠦᠪᠥᠷᠢ ᠶᠢᠨ ᠲᠠᠯᠠᠪᠠᠢ ᠶᠢᠨ ᠶᠣᠰᠣᠭᠠᠷ ᠣᠯᠭᠤᠵᠤ᠂ ᠨᠥᠬᠦᠪᠥᠷᠢ ᠶᠢᠨ ᠲᠠᠯᠠᠪᠠᠢ ᠶᠢ 1998 ᠣᠨ ᠤ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠳᠠᠭᠠᠭᠠᠴᠢᠯᠠᠭᠰᠠᠨ ᠲᠠᠷᠢᠶᠠᠯᠠᠬᠤ ᠮᠠᠯᠵᠢᠬᠤ ᠡᠷᠦᠬᠡ ᠶᠢᠨ ᠬᠥᠮᠦᠨ ᠠᠮᠠ ᠪᠣᠯᠤᠨ ᠲᠠᠷᠢᠶᠠᠨ ᠭᠠᠵᠠᠷ ᠤᠨ ᠳᠠᠭᠠᠭᠠᠴᠢᠯᠠᠯᠲᠠ ᠶᠢᠨ ᠲᠠᠯᠠᠪᠠᠢ ᠶᠢ ᠦᠨᠳᠦᠰᠦᠯᠡᠨ ᠲᠣᠭᠲᠠᠭᠠᠵᠤ᠂ ᠬᠥᠮᠦᠨ ᠪᠦᠷᠢ ᠳᠤ ᠳᠤᠮᠳᠠᠴᠢ ᠪᠠᠷ 20 ᠮᠦ ᠠᠴᠠ ᠳᠠᠪᠠᠭᠤᠯᠬᠤ ᠦᠭᠡᠢ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋  ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤᠨ ᠳᠡᠳ᠋ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠬᠤᠰᠢᠭᠤᠨ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ 2022 ᠣᠨ ᠤ ᠠᠷᠤ ᠬᠤᠷᠴᠢᠨ ᠬᠤᠰᠢᠭᠤᠨ ᠤ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠥᠷᠥᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ              ︵ᠳᠠᠭᠠᠯᠳᠤᠭᠤᠯᠤᠯ︶ ᠢ ᠪᠠᠶᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠨᠥᠬᠦᠪᠥᠷᠢ ᠶᠢᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠡᠯ᠎ᠡ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠴᠤ ᠠᠵᠢᠯ ᠤᠨ ᠲᠣᠭᠲᠠᠴᠠ ᠶᠢ ᠵᠣᠬᠢᠴᠠᠩᠭᠤᠶ ᠪᠠᠷ ᠪᠠᠶᠢᠭᠤᠯᠤᠨ ᠪᠦᠷᠢᠨᠰᠢᠬᠦᠯᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠢᠭᠲᠠ ᠬᠠᠮᠵᠢᠯᠴᠠᠵᠤ᠂ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠠᠷᠢᠶᠠᠨ ᠭᠠᠵᠠᠷ ᠤᠨ  ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠦᠯᠢᠶᠣᠣ ᠪᠦᠷᠬᠦᠪᠴᠢ ᠶᠢ ᠬᠡᠷᠡᠭᠯᠡᠭᠰᠡᠨ ᠪᠣᠯᠪᠠᠴᠤ ᠰᠦᠯᠢᠶᠣᠣ ᠪᠦᠷᠬᠦᠪᠴᠢ ᠶᠢ ᠲᠠᠷᠢᠶᠠᠨ ᠭᠠᠵᠠᠷ ᠠᠴᠠ ᠠᠷᠢᠯᠭᠠᠭᠰᠠᠨ ᠠᠷᠭ᠎ᠠ ᠬᠡᠮᠵᠢᠶ᠎ᠡ ᠠᠪᠤᠭᠰᠠᠨ ᠥᠬᠡᠶ ᠪᠤᠶᠤ ᠲᠠᠷᠢᠶᠠᠨ ᠭᠠᠵᠠᠷ ᠠᠴᠠ ᠠᠷᠢᠯᠭᠠᠭᠰᠠᠨ ᠬᠠᠷᠢᠴᠠᠯ ᠨᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠬᠦᠷᠦᠭᠰᠡᠨ ᠥᠬᠡᠶ ᠪᠠᠶᠢᠪᠠᠯ᠂ ᠨᠥᠬᠦᠪᠥᠷᠢ ᠶᠢᠨ ᠪᠠᠯᠠ ᠮᠥᠩᠭᠦ ᠣᠯᠭᠤᠬᠤ ᠶᠢ ᠬᠤᠶᠢᠰᠢᠯᠠᠭᠤᠯᠬᠤ ᠪᠤᠶᠤ ᠲᠦᠷ ᠵᠣᠭᠰᠣᠭᠠᠨ᠎ᠠ᠃      ︵ᠬᠤᠶᠠᠷ︶ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠣᠨ᠎ᠠᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠲᠣᠰ ᠭᠠᠵᠠᠷ ᠣᠷᠣᠨ ᠤ ᠪᠠᠨ ᠲᠤᠭ᠎ᠠ ᠪᠠᠷᠢᠮᠲᠠ ᠴᠤᠭᠯᠠᠭᠤᠯᠬᠤ ᠂ ᠬᠢᠨᠠᠨ ᠬᠠᠷᠭᠤᠭᠤᠯᠬᠤ᠂ ᠬᠤᠷᠢᠶᠠᠩᠭᠤᠶᠢᠯᠠᠬᠤ ᠪᠠ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠴᠤᠭᠯᠠᠭᠤᠯᠤᠭᠰᠠᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠃ ︽ᠨᠢᠭᠡᠳᠦᠭᠡᠷ ᠬᠠᠷᠢᠭᠤᠴᠠᠯᠭᠠᠲᠠᠨ︾ ᠬᠠᠷᠢᠭᠤᠴᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠨᠢ ᠬᠢᠨᠠᠨ ᠬᠠᠷᠭᠤᠭᠤᠯᠬᠤ ᠪᠣᠭᠤᠮᠲᠠ ᠶᠢ ᠰᠠᠶᠢᠲᠤᠷ ᠠᠳᠬᠤᠵᠤ᠂ ᠲᠥᠷᠥ ᠶᠢᠨ ᠪᠣᠳᠣᠯᠭ᠎ᠠ ᠶᠢ ᠴᠢᠩᠭ᠎ᠠ ᠵᠢᠷᠤᠮᠯᠠᠨ ᠬᠢᠨᠠᠨ ᠬᠠᠷᠭᠤᠭᠤᠯᠬᠤ ᠬᠡᠷᠡᠭᠲᠡᠶ᠃ ᠨᠥᠬᠦᠪᠥᠷᠢ ᠶᠢᠨ ᠪᠡᠯᠡ ᠮᠥᠩᠭᠦ ᠶᠢ ᠮᠡᠬᠡᠯᠡᠨ ᠠᠷᠭᠠᠯᠠᠵᠦ ᠠᠪᠤᠭᠰᠠᠨ᠂ ᠱᠠᠮᠰᠢᠭᠰᠠᠨ ᠪᠤᠶᠤ ᠲᠣᠭᠲᠠᠭᠠᠯ ᠠᠴᠠ ᠵᠥᠷᠢᠴᠡᠨ  ᠨᠥᠬᠦᠪᠦᠷᠢ ᠣᠯᠭᠤᠭᠰᠠᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃      ︵ᠭᠤᠷᠪᠠ︶ ᠲᠥᠷᠥ ᠶᠢᠨ ᠪᠤᠳᠤᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠨ᠎ᠡᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠡᠯ᠎ᠡ ᠭᠠᠵᠠᠷ ᠤᠨ ᠬᠢᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠢᠨᠲ᠋ᠧᠷ ᠰᠦᠯᠵᠢᠶ᠎ᠡ᠂ ᠭᠠᠷ ᠤᠲᠠᠰᠤ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠴᠢᠬᠤᠯᠠ ᠠᠴᠢ ᠬᠤᠯᠪᠣᠭᠳᠠᠯ ᠪᠠ ᠨᠡᠶᠢᠲᠡᠯᠢᠭ ᠰᠠᠶᠢᠨ ᠵᠢᠱᠢᠶ᠎ᠡ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠥᠷᠭᠡᠨ ᠢᠶᠠᠷ ᠤᠬᠠᠭᠤᠯᠵᠤ᠂ ᠪᠥᠬᠦ ᠨᠡᠶᠢᠭᠡᠮ ᠢᠶᠠᠷ ᠢᠶᠠᠨ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃          ᠳᠠᠭᠠᠯᠳᠤᠭᠤᠯᠤᠯ᠄ 2022 ᠠᠷᠤ ᠬᠤᠷᠴᠢᠨ ᠬᠤᠰᠢᠭᠤᠨ ᠤ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ  ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠥᠷᠥᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ                                              ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                              2022 ᠣᠨ ᠤ 3 ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ ᠳᠠᠭᠠᠯᠳᠤᠭᠤᠯᠤᠯ              2022 ᠣᠨ ᠤ ᠠᠷᠤ ᠬᠤᠷᠴᠢᠨ ᠬᠤᠰᠢᠭᠤᠨ ᠤ ᠲᠠᠷᠢᠶᠠᠨ ᠭᠠᠵᠠᠷ ᠤᠨ          ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠥᠷᠥᠯ          ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠡᠰᠢᠭᠦᠨ ᠤ ᠨᠡᠷᠡᠰ          ᠳᠤᠭᠤᠶᠢᠯᠠᠩ ᠤᠨ ᠳᠠᠷᠤᠭ᠎ᠠ᠄   ᠫᠸᠢ ᠬᠤᠸᠠᠨ ᠪᠢᠨ        ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄  ᠰᠡᠷᠭᠦᠯᠡᠩ                ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ      ᠪᠦᠷᠢᠯᠳᠦᠬᠦᠨ᠄                            ᠸᠠᠩ ᠰᠢᠤᠸᠠᠢ ᠡᠤ         ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ                                        ᠯᠠᠶ ᠵᠠᠨ                  ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ      ᠯᠢᠦᠶ ᠸᠧᠶ                ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ      ᠣᠶᠠᠩᠭ᠎ᠠ                ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ      ᠯᠦ ᠴᠦᠨ ᠢᠦᠢ           ᠴᠢᠪᠠᠭ᠎ᠠ ᠪᠠᠯᠭᠠᠰᠤᠨ ᠤ ᠳᠠᠷᠤᠭ᠎ᠠ      ᠯᠢᠦ ᠬᠤᠩ ᠹᠸᠢ           ᠲᠢᠶᠠᠨ ᠱᠠᠨ ᠺᠸᠦ ᠪᠠᠯᠭᠠᠰᠤᠨ ᠤ ᠳᠠᠷᠤᠭ᠎ᠠ      ᠵᠠᠩ ᠰᠢᠶᠤᠤ ᠰᠢᠤᠢ         ᠱᠤᠸᠠᠩ ᠱᠧᠩ ᠪᠠᠯᠭᠠᠰᠤᠨ ᠤ ᠳᠠᠷᠤᠭ᠎ᠠ      ᠵᠠᠩ ᠰᠢᠶᠤᠤ ᠡᠾᠦ᠋ᠢ       ᠰᠢᠨ ᠮᠢᠨ ᠰᠢᠶᠠᠩ ᠤᠨ ᠳᠠᠷᠤᠭ᠎ᠠ      ᠵᠠᠩ ᠰᠢᠶᠤᠤ ᠵᠢᠤᠸᠠᠨ      ᠰᠢᠶᠠᠨ ᠹᠧᠩ ᠰᠢᠶᠠᠩ ᠤᠨ ᠳᠠᠷᠤᠭ᠎ᠠ      ᠵᠠᠩ ᡁᠢ ᠬᠤᠩ         ᠤᠯᠠᠭᠠᠨᠬᠠᠳᠠ ᠰᠢᠶᠠᠩ ᠤᠨ ᠳᠠᠷᠤᠭ᠎ᠠ      ᠰᠢ ᠽᠧ               ᠪᠠᠶᠠᠨᠬᠤᠸᠠ ᠪᠠᠯᠭᠠᠰᠤᠨ ᠤ ᠳᠠᠷᠤᠭ᠎ᠠ      ᠤᠯᠠᠭᠠᠨ              ᠪᠠᠯᠴᠢᠷᠣᠳ ᠰᠤᠮᠤ ᠶᠢᠨ ᠳᠠᠷᠤᠭ᠎ᠠ      ᠦᠵᠡᠰᠭᠦᠯᠡᠩ         ᠬᠠᠨᠰᠦ᠋ᠮ᠎ᠡ ᠰᠣᠮᠣ ᠶᠢᠨ ᠳᠠᠷᠤᠭ᠎ᠠ      ᠮᠠᠨᠳᠣᠯ᠎ᠠ             ᠰᠠᠶᠢᠬᠠᠨᠲᠠᠯ᠎ᠠ ᠰᠣᠮᠣ ᠶᠢᠨ ᠳᠠᠷᠤᠭ᠎ᠠ      ᠸᠧᠶ ᠸᠧᠶ             ᠵᠢᠭᠠᠰᠣᠲᠠᠢ ᠪᠠᠯᠭᠠᠰᠤᠨ ᠤ ᠳᠠᠷᠤᠭ᠎ᠠ      ᠲᠦᠭᠡᠮᠡᠯ             ᠱᠣᠣ ᠪᠠᠯᠭᠠᠰᠤᠨ ᠤ ᠳᠠᠷᠤᠭ᠎ᠠ      ᠲᠠᠯᠠᠳᠦ᠋ᠭᠦᠷᠡᠩ        ᠬᠤᠨᠲᠣ ᠪᠠᠯᠭᠠᠰᠤᠨ ᠤ ᠳᠠᠷᠤᠭ᠎ᠠ      ᠣᠷᠭᠢᠯ               ᠪᠠᠶ᠋ᠬᠠᠦ᠋ᠨᠳᠦᠷ ᠰᠣᠮᠣ ᠶᠢᠨ ᠳᠠᠷᠤᠭ᠎ᠠ      ᠵᠧᠦ ᠶᠢᠨ ᠱᠠᠨ        ᠬᠠᠨ ᠠᠭᠤᠯᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠸᠠᠩ ᠢᠦᠢ ᠮᠢᠨ       ᠣᠣ ᠮᠦᠷᠡᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠪᠠᠶᠢᠭᠤᠯᠵᠤ᠂ ᠠᠯᠪᠠᠨ ᠬᠡᠷ ᠢ ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠳᠣᠭᠢᠷᠠᠭᠤᠯᠤᠨ᠂ ᠡᠷᠬᠢᠯᠡᠭᠴᠢ ᠶᠢ ᠯᠠᠶ ᠵᠠᠨ ᠨᠥᠬᠦᠷ ᠬᠠᠪᠰᠤᠷᠭᠠᠨ ᠬᠠᠷᠢᠭᠤᠴᠠᠵᠤ᠂ ᠠᠯᠪᠠᠨ ᠬᠡᠷ ᠠᠴᠠ 2022 ᠣᠨ ᠤ ᠠᠷᠤ ᠬᠤᠷᠴᠢᠨ ᠬᠤᠰᠢᠭᠤᠨ ᠤ ᠲᠠᠷᠢᠶᠠᠨ ᠭᠠᠵᠠᠷ ᠤᠨ ᠬᠦᠷᠦᠰᠦᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠥᠷᠥᠯ ᠵᠦᠢᠯ ᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠡᠳᠦᠷ ᠲᠤᠲᠤᠮ ᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号