ᠮᠠᠰᠢᠨ ᠲᠡᠷᠭᠡᠨ ᠤ ᠳᠠᠩᠰᠠᠯᠠᠯᠲᠠ ᠶᠢ ᠬᠤᠪᠢᠷᠠᠭᠤᠯᠬᠤ
ᠨᠡᠶᠢᠲᠡᠯᠡᠭᠰᠡᠨ ᠴᠠᠭ᠄
2022/4/22
ᠬᠦᠯᠢᠶᠡᠨ ᠰᠢᠢᠳᠪᠦᠷᠢᠯᠡᠬᠦ ᠨᠥᠬᠦᠴᠡᠯ        ᠳᠣᠲᠣᠭᠠᠳᠤ ᠶᠢ ᠬᠠᠮᠠᠭᠠᠯᠠᠬᠤ ᠶᠠᠮᠤᠨ ᠤ 124 ᠳ᠋ᠦ᠋ᠭᠡᠷ ᠲᠣᠭᠠᠲᠤ ᠵᠠᠷᠯᠢᠭ ᠤᠨ ᠬᠤᠶᠠᠳᠤᠭᠠᠷ ᠪᠦᠯᠦᠭ ᠤᠨ ᠬᠤᠶᠠᠳᠤᠭᠠᠷ ᠬᠡᠰᠡᠭ ᠤᠨ ᠬᠤᠪᠢᠷᠠᠭᠤᠯᠬᠤ ᠳᠠᠩᠰᠠᠯᠠᠯ ᠢ ᠦᠨᠳᠦᠰᠦᠯᠡᠨ ᠳᠠᠩᠰᠠᠯᠠᠭᠤᠯᠤᠨ᠎ᠠ᠄ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠤᠨ ᠭᠡᠷᠡᠴᠢ᠂ ᠨᠠᠶᠢᠳᠠᠯᠭ᠎ᠠ ᠶᠢᠨ ᠪᠢᠴᠢᠭ᠂ ᠥᠮᠴᠢᠯᠡᠭᠴᠢ ᠶᠢᠨ ᠪᠡᠶ᠎ᠡ ᠶᠢᠨ ᠦᠨᠡᠮᠯᠡᠯ ᠤᠨ ᠭᠡᠷᠡᠴᠢ᠂ ᠮᠠᠰᠢᠨ ᠲᠡᠷᠭᠡ ᠳᠠᠩᠰᠠᠯᠠᠭᠤᠯᠤᠭᠰᠠᠨ ᠦᠨᠡᠮᠯᠡᠯ᠂ ᠮᠠᠰᠢᠨ ᠲᠡᠷᠭᠡ ᠠᠶᠠᠯᠠᠨ ᠶᠠᠪᠤᠬᠤ ᠦᠨᠡᠮᠯᠡᠯ᠂ ᠮᠠᠰᠢᠨᠲᠤ ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ᠂ ᠬᠤᠪᠢᠷᠠᠭᠤᠯᠬᠤ ᠪᠠᠷ ᠭᠤᠶᠤᠴᠢᠯᠠᠭᠰᠠᠨ ᠵᠦᠢᠯ ᠤᠨ ᠬᠤᠪᠢᠷᠠᠭᠤᠯᠬᠤ ᠭᠡᠷᠡᠴᠢ᠂ ᠡᠷᠦᠬᠡ ᠠᠮᠠ ᠶᠢᠨ ᠭᠡᠷᠡᠴᠢ᠂ ᠵᠢᠯᠤᠭᠤᠳᠬᠤ ᠳᠤ ᠲᠤᠰᠠᠯᠠᠬᠤ ᠲᠣᠨᠣᠭᠯᠠᠯ ᠤᠨ ᠨᠡᠮᠡᠵᠦ ᠤᠭᠰᠠᠷᠠᠭᠰᠠᠨ ᠬᠢᠷᠢ ᠲᠡᠩᠴᠡᠭᠰᠡᠨ ᠭᠡᠷᠡᠴᠢ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠲᠥᠯᠥᠭᠡᠨ ᠨᠣᠮᠧᠷ ᠤᠨ ᠦᠨᠡᠮᠯᠡᠯᠲᠣᠭᠲᠠᠭᠠᠭᠰᠠᠨ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ︵2003 ᠣᠨ ᠤ 10 ᠰᠠᠷ᠎ᠠ ᠶᠢᠨ 28 ᠤ ᠡᠳᠦᠷ ᠤᠨ ᠲᠡᠷᠢᠭᠦᠯᠡᠭᠴᠢ ᠶᠢᠨ ᠵᠠᠷᠯᠢᠭ 8 ᠳ᠋ᠤᠭᠠᠷ ᠲᠣᠭᠠᠲᠤ᠂ 2011 ᠣᠨ ᠤ 4 ᠰᠠᠷ᠎ᠠ ᠶᠢᠨ 22 ᠤᠨ ᠡᠳᠦᠷ ᠵᠠᠰᠠᠪᠤᠷᠢ ᠣᠷᠣᠭᠤᠯᠤᠭᠰᠠᠨ︶ ᠶᠢᠨ ᠨᠠᠢᠮᠠᠳᠤᠭᠠᠷ ᠵᠤᠷᠪᠤᠰ᠄ ᠤᠯᠤᠰ ᠠᠴᠠ ᠮᠠᠰᠢᠨ ᠲᠡᠷᠭᠡ ᠳᠠᠩᠰᠠᠯᠠᠭᠤᠯᠬᠤ ᠳᠦᠷᠢᠮ ᠢ ᠬᠡᠷᠡᠭᠵᠢᠭᠦᠯᠦᠨ᠎ᠡ᠃ ᠮᠠᠰᠢᠨ ᠲᠡᠷᠭᠡ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠤ ᠳᠠᠷᠠᠭ᠎ᠠ ᠰᠠᠶ᠋ᠢ ᠵᠠᠮ ᠳᠤ ᠭᠠᠷᠴᠤ ᠪᠣᠯᠣᠨ᠎ᠠ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ᠄ 1. ᠮᠠᠰᠢᠨ ᠲᠡᠷᠭᠡᠨ ᠤ ᠨᠣᠮᠧᠷᠲᠤ ᠫᠠᠶᠢᠰᠠ ︵ᠲᠣᠮᠣ ᠬᠡᠯᠪᠡᠷᠢ ᠶᠢᠨ ᠮᠠᠰᠢᠨ ᠲᠡᠷᠭᠡᠨ ᠤ ᠨᠣᠮᠧᠷᠲᠤ ᠫᠠᠶᠢᠰᠠ᠂ ᠵᠢᠵᠢᠭ ᠬᠡᠯᠪᠡᠷᠢ ᠶᠢᠨ ᠮᠠᠰᠢᠨ ᠲᠡᠷᠭᠡᠨ ᠤ ᠨᠣᠮᠧᠷᠲᠤ ᠫᠠᠶᠢᠰᠠ᠂ ᠵᠢᠭᠠᠨ ᠰᠤᠷᠭᠠᠬᠤ ᠲᠡᠷᠭᠡᠨ ᠤ ᠨᠣᠮᠧᠷᠲᠤ ᠫᠠᠶᠢᠰᠠ᠂ ᠰᠢᠨ᠎ᠡ ᠡᠨᠧᠷᠭᠢ ᠶᠢᠨ ᠲᠣᠮᠣ ᠬᠡᠯᠪᠡᠷᠢ ᠶᠢᠨ ᠮᠠᠰᠢᠨ ᠲᠡᠷᠭᠡᠨ ᠤ ᠨᠣᠮᠧᠷᠲᠤ ᠫᠠᠶᠢᠰᠠ᠂ ᠰᠢᠨ᠎ᠡ ᠡᠨᠧᠷᠭᠢ ᠶᠢᠨ ᠵᠢᠵᠢᠭ ᠬᠡᠯᠪᠡᠷᠢ ᠶᠢᠨ ᠮᠠᠰᠢᠨ ᠲᠡᠷᠭᠡᠨ ᠤ ᠨᠣᠮᠧᠷᠲᠤ ᠫᠠᠶᠢᠰᠠ︶᠄ 100 ᠲᠥᠭᠦᠷᠢᠭ / ᠬᠤᠣᠰ᠃ 2. ᠮᠠᠰᠢᠨ ᠲᠡᠷᠭᠡᠨ ᠤ ᠳᠠᠩᠰᠠᠯᠠᠭᠤᠯᠤᠭᠰᠠᠨ ᠦᠨᠡᠮᠯᠡᠯ᠄ 10 ᠲᠥᠭᠦᠷᠢᠭ / ᠳᠡᠪᠲᠡᠷ᠃ 3. ᠮᠠᠰᠢᠨ ᠲᠡᠷᠭᠡᠨ ᠤ ᠠᠶᠠᠯᠠᠨ ᠶᠠᠪᠤᠬᠤ ᠦᠨᠡᠮᠯᠡᠯ᠄ 10 ᠲᠥᠭᠦᠷᠢᠭ / ᠳᠡᠪᠲᠡᠷ᠃        ᠰᠦᠢᠳᠬᠡᠯ ᠬᠤᠷᠢᠶᠠᠬᠤ ᠦᠨᠳᠦᠰᠦᠯᠡᠯ᠄ ᠦᠨᠳᠦᠰᠦ ᠪᠠᠷᠢᠮᠲᠠ ︽ᠮᠠᠰᠢᠨ ᠲᠡᠷᠭᠡᠨ ᠤ ᠫᠠᠶᠢᠰᠠ ᠦᠨᠡᠮᠯᠡᠯ ᠦᠢᠯᠡᠳᠬᠦ ᠵᠠᠷᠤᠳᠠᠯ ᠵᠡᠷᠭᠡ ᠰᠦᠢᠳᠬᠡᠯ ᠬᠤᠷᠢᠶᠠᠬᠤ ᠪᠠᠷᠢᠮᠵᠢᠶ᠎ᠠ ᠶᠢᠨ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ﹇2004﹈ 2831 ᠳ᠋ᠦ᠋ᠭᠡᠷ ᠲᠣᠭᠠᠲᠤ︶᠂ ︽ᠴᠠᠬᠢᠯᠭᠠᠨ ᠬᠤᠯᠪᠣᠭᠠᠨ ᠤ ᠰᠦᠯᠵᠢᠶ᠎ᠡ ᠶᠢᠨ ᠨᠣᠮᠧᠷ ᠤᠨ ᠡᠬᠢ ᠪᠠᠶᠠᠯᠢᠭ ᠢ ᠡᠵᠡᠯᠡᠨ ᠬᠡᠷᠡᠭᠯᠡᠬᠦ ᠵᠠᠷᠤᠳᠠᠯ ᠵᠡᠷᠭᠡ ᠬᠡᠰᠡᠭ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠬᠤ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ﹇2017﹈ 1186 ᠳ᠋ᠤᠭᠠᠷ ᠲᠣᠭᠠᠲᠤ︶᠂ ︽ᠬᠡᠰᠡᠭ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠬᠤ ᠲᠤᠬᠠᠢ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ᠲᠣᠭᠲᠠᠭᠠᠯ ﹇2019﹈ 1931 ᠳ᠋ᠦ᠋ᠭᠡᠷ ᠲᠣᠭᠠᠲᠤ︶ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤ ᠶᠢᠨ ᠰᠢᠨ᠎ᠡ ᠲᠣᠭᠤᠷᠢᠭ ᠤᠨ ᠲᠢᠶᠠᠨ ᠶᠤᠸᠠᠨ ᠶᠡᠭᠡ ᠵᠡᠭᠡᠯᠢ ᠶᠢᠨ 67 ︱ 2 ᠨᠣᠮᠧᠷ ᠤᠨ ᠪᠠᠷᠠᠭᠤᠨ ᠬᠡᠰᠡᠭ ᠤᠨ ᠵᠠᠮ ᠤᠨ ᠡᠮᠦᠨ᠎ᠡ᠂ ᠠᠷᠤ ᠬᠤᠷᠴᠢᠨ ᠬᠤᠰᠢᠭᠤᠨ ᠤ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ 1 ᠳ᠋ᠦ᠋ᠭᠡᠷ ᠳᠠᠪᠬᠤᠷᠯᠢᠭ ᠤᠨ 4 ᠳ᠋ᠦ᠋ᠭᠡᠷ ᠲᠤᠬᠠᠶᠢᠯᠠᠭᠰᠠᠨ ᠠᠵᠢᠯ ᠤᠨ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠠᠷᠤ ᠬᠤᠷᠴᠢᠨ ᠬᠤᠰᠢᠭᠤᠨ ᠤ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff80808175fe2bac017603944a307c6f®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号