ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠳᠠᠩᠰᠠᠯᠠᠯᠲᠠ ᠶᠢ ᠬᠤᠪᠢᠷᠠᠭᠠᠬᠤ
ᠨᠡᠶᠢᠲᠡᠯᠡᠭᠰᠡᠨ ᠴᠠᠭ᠄
2022/4/7
ᠬᠦᠯᠢᠶᠡᠨ ᠰᠢᠢᠳᠪᠦᠷᠢᠯᠡᠬᠦ ᠨᠥᠬᠦᠴᠡᠯ        ︵ ᠨᠢᠭᠡ︶ ᠵᠥᠪᠰᠢᠶᠡᠷᠡᠬᠦ ᠨᠥᠬᠦᠴᠡᠯ᠄        1. ᠡᠵᠡᠩᠨᠡᠵᠦ ᠪᠠᠶᠢᠭ᠎ᠠ ᠮᠠᠯ ᠤᠨ ᠡᠮ ᠲᠠᠢ ᠪᠠᠨ ᠲᠣᠬᠢᠷᠠᠯᠴᠠᠭᠰᠠᠨ ᠮᠠᠯ ᠤᠨ ᠡᠮ ᠤᠨ ᠮᠡᠷᠭᠡᠵᠢᠯᠲᠡᠨ ᠲᠠᠢ ᠪᠠᠶᠢᠬᠤ᠃        2. ᠡᠵᠡᠩᠨᠡᠵᠦ ᠪᠠᠶᠢᠭ᠎ᠠ ᠮᠠᠯ ᠤᠨ ᠡᠮ ᠲᠠᠢ ᠪᠠᠨ ᠲᠣᠬᠢᠷᠠᠯᠴᠠᠭᠰᠠᠨ ᠡᠵᠡᠩᠨᠡᠯᠲᠡ ᠶᠢᠨ ᠭᠠᠵᠠᠷ᠂ ᠲᠥᠬᠦᠭᠡᠷᠦᠮᠵᠢ᠂ ᠰᠠᠩ ᠬᠥᠮᠥᠷᠭᠡ ᠶᠢᠨ ᠪᠡᠯᠡᠳᠬᠡᠯ ᠲᠥᠬᠦᠭᠡᠷᠦᠮᠵᠢ ᠲᠠᠢ ᠪᠠᠶᠢᠬᠤ᠃        3. ᠡᠵᠡᠩᠨᠡᠵᠦ ᠪᠠᠶᠢᠭ᠎ᠠ ᠮᠠᠯ ᠤᠨ ᠡᠮ ᠲᠠᠢ ᠪᠠᠨ ᠲᠣᠬᠢᠷᠠᠯᠴᠠᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠠᠵᠢᠯᠲᠠᠨ ᠲᠠᠢ ᠪᠠᠶᠢᠬᠤ᠃        4. ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠳᠤ ᠲᠣᠭᠲᠠᠭᠠᠭᠰᠠᠨ ᠪᠤᠰᠤᠳ ᠡᠵᠡᠩᠨᠡᠯᠲᠡ ᠶᠢᠨ ᠨᠥᠬᠦᠴᠡᠯ᠃        ᠮᠠᠯ ᠤᠨ ᠡᠮ ᠡᠵᠡᠩᠨᠡᠬᠦ ᠠᠵᠤ ᠠᠬᠤᠶᠢᠯᠠᠯ ᠨᠢ ᠲᠦᠷᠦ ᠶᠢᠨ ᠶᠠᠪᠤᠳᠠᠯ ᠤᠨ ᠬᠤᠷᠢᠶ᠎ᠠ᠂ ᠲᠠᠷᠢᠶᠠᠯᠠᠩ ᠤᠨ ᠶᠠᠮᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠪᠠ ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠤᠨ ᠬᠡᠷᠡᠭᠵᠢᠭᠦᠯᠬᠦ ᠨᠠᠷᠢᠨ ᠳᠦᠷᠢᠮ ᠳᠠᠬᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠢ᠃        ︵ᠬᠤᠶᠠᠷ︶ ᠵᠥᠪᠰᠢᠶᠡᠷᠡᠬᠦ ᠦᠭᠡᠢ ᠪᠠᠶᠢᠳᠠᠯ᠄        ᠲᠦᠷᠦ ᠶᠢᠨ ᠶᠠᠪᠤᠳᠠᠯ ᠤᠨ ᠬᠤᠷᠢᠶᠠᠨ ᠤ ︽ᠮᠠᠯ ᠤᠨ ᠡᠮ ᠤᠨ ᠬᠠᠮᠢᠶᠠᠷᠤᠯᠲᠠ ᠶᠢᠨ ᠳᠦᠷᠢᠮ︾᠂ ᠲᠠᠷᠢᠶᠠᠯᠠᠩ ᠤᠨ ᠶᠠᠮᠤᠨ ᠤ ︽ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠤᠨ ᠬᠡᠷᠡᠭᠵᠢᠭᠦᠯᠬᠦ ᠨᠠᠷᠢᠨ ᠳᠦᠷᠢᠮ︾ ᠳᠤ ᠲᠣᠭᠲᠠᠭᠠᠭᠰᠠᠨ ᠵᠥᠪᠰᠢᠶᠡᠷᠡᠬᠦ ᠦᠭᠡᠢ ᠨᠥᠬᠦᠴᠡᠯ᠃        ︵ᠭᠤᠷᠪᠠ︶ ᠲᠣᠳᠣᠷᠬᠠᠶᠢᠯᠠᠬᠤ ᠴᠢᠬᠤᠯᠠᠲᠠᠢ ᠪᠤᠰᠤᠳ ᠪᠠᠶᠢᠳᠠᠯ᠄        ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠪᠠᠶᠢᠬᠤ ᠦᠭᠡᠢ᠃ᠲᠣᠭᠲᠠᠭᠠᠭᠰᠠᠨ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠤᠨ ᠡᠮ ᠤᠨ ᠬᠠᠮᠢᠶᠠᠷᠤᠯᠲᠠ ᠶᠢᠨ ᠳᠦᠷᠢᠮ︾ ︵2004 ᠣᠨ ᠤ 4 ᠰᠠᠷ᠎ᠠ ᠶᠢᠨ 9 ᠤ ᠡᠳᠦᠷ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 404 ᠳ᠋ᠦ᠋ᠭᠡᠷ ᠲᠣᠭᠠᠲᠤ᠂ 2016 ᠣᠨ ᠤ 2 ᠰᠠᠷ᠎ᠠ ᠶᠢᠨ 6 ᠤ ᠡᠳᠦᠷ ᠵᠠᠰᠠᠪᠤᠷᠢ ᠣᠷᠣᠭᠤᠯᠤᠭᠰᠠᠨ︶ ᠤᠨ ᠬᠤᠷᠢᠨ ᠬᠤᠶᠠᠳᠤᠭᠠᠷ ᠵᠤᠷᠪᠤᠰ ᠲᠤ᠂ ᠮᠠᠯ ᠤᠨ ᠡᠮ ᠡᠵᠡᠩᠨᠡᠬᠦ ᠠᠵᠤ ᠠᠬᠤᠶᠢᠯᠠᠯ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ ︵ᠨᠢᠭᠡ︶ ᠡᠵᠡᠩᠨᠡᠵᠦ ᠪᠠᠶᠢᠭ᠎ᠠ ᠮᠠᠯ ᠤᠨ ᠡᠮ ᠲᠠᠢ ᠪᠠᠨ ᠲᠣᠬᠢᠷᠠᠯᠴᠠᠭᠰᠠᠨ ᠮᠠᠯ ᠤᠨ ᠡᠮ ᠤᠨ ᠮᠡᠷᠭᠡᠵᠢᠯᠲᠡᠨ ᠲᠠᠢ ᠪᠠᠶᠢᠬᠤ᠃ ︵ᠬᠤᠶᠠᠷ︶ ᠡᠵᠡᠩᠨᠡᠵᠦ ᠪᠠᠶᠢᠭ᠎ᠠ ᠮᠠᠯ ᠤᠨ ᠡᠮ ᠲᠠᠢ ᠪᠠᠨ ᠲᠣᠬᠢᠷᠠᠯᠴᠠᠭᠰᠠᠨ ᠡᠵᠡᠩᠨᠡᠯᠲᠡ ᠶᠢᠨ ᠭᠠᠵᠠᠷ᠂ ᠲᠥᠬᠦᠭᠡᠷᠦᠮᠵᠢ᠂ ᠰᠠᠩ ᠬᠥᠮᠥᠷᠭᠡ ᠶᠢᠨ ᠪᠡᠯᠡᠳᠬᠡᠯ ᠲᠥᠬᠦᠭᠡᠷᠦᠮᠵᠢ  ᠲᠠᠢ ᠪᠠᠶᠢᠬᠤ᠃ ︵ᠭᠤᠷᠪᠠ︶ ᠡᠵᠡᠩᠨᠡᠵᠦ ᠪᠠᠶᠢᠭ᠎ᠠ ᠮᠠᠯ ᠤᠨ ᠡᠮ ᠲᠠᠢ ᠪᠠᠨ ᠲᠣᠬᠢᠷᠠᠯᠴᠠᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠠᠵᠢᠯᠲᠠᠨ ᠲᠠᠢ ᠪᠠᠶᠢᠬᠤ᠃ ︵ᠳᠥᠷᠪᠡ︶ ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠳᠤ ᠲᠣᠭᠲᠠᠭᠠᠭᠰᠠᠨ ᠪᠤᠰᠤᠳ ᠡᠵᠡᠩᠨᠡᠯᠲᠡ ᠶᠢᠨ ᠨᠥᠬᠦᠴᠡᠯ᠃ ᠳᠡᠭᠡᠷᠡᠬᠢ ᠵᠦᠢᠯ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠭᠤᠶᠤᠴᠢᠯᠠᠭᠴᠢ ᠨᠢ ᠬᠤᠲᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠶᠢᠨ ᠬᠠᠮᠲᠤ ᠳᠡᠭᠡᠷᠡᠬᠢ ᠵᠦᠢᠯ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠭᠡᠷᠡᠴᠢᠯᠡᠬᠦ ᠮᠠᠲ᠋ᠧᠷᠢᠶᠠᠯ ᠢ ᠳᠠᠭᠠᠯᠳᠤᠭᠤᠯᠵᠤ ᠪᠣᠯᠣᠨ᠎ᠠ᠃ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠢ ᠡᠵᠡᠩᠨᠡᠬᠦ ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠶᠢᠨ ᠬᠠᠮᠲᠤ ᠳᠡᠭᠡᠷᠡᠬᠢ ᠵᠦᠢᠯ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠭᠡᠷᠡᠴᠢᠯᠡᠬᠦ ᠮᠠᠲ᠋ᠧᠷᠢᠶᠠᠯ ᠢ ᠳᠠᠭᠠᠯᠳᠤᠭᠤᠯᠬᠤ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ 30 ᠠᠵᠢᠯ ᠤᠨ ᠡᠳᠦᠷ ᠤᠨ ᠳᠣᠲᠣᠷ᠎ᠠ ᠬᠢᠨᠠᠨ ᠪᠠᠶᠢᠴᠠᠭᠠᠵᠤ ᠳᠠᠭᠤᠰᠬᠠᠬᠤ ᠬᠡᠷᠡᠭᠲᠡᠢ᠃ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠶᠢᠪᠠᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠣᠯᠭᠤᠨ᠎ᠠ᠃ ᠬᠢᠷᠢ ᠲᠡᠩᠴᠡᠭᠰᠡᠨ ᠦᠭᠡᠢ ᠪᠠᠶᠢᠪᠠᠯ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 38 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff8080817e3a3840017e41f0bece5871®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号