ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠬᠤ᠃ 2. ᠭᠤᠶᠤᠴᠢᠯᠠᠭᠴᠢ ᠶᠢᠨ ᠲᠤᠰᠢᠶᠠᠭᠰᠠᠨ | ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠨ᠎ᠡ᠃ 3.ᠭᠤᠶᠤᠴᠢᠯᠠᠭᠴᠢ | ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠱᠠᠭᠠᠷᠳᠠᠯᠭ᠎ᠠ | ᠶᠣᠰᠣᠭᠠᠷ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠢ ᠪᠦᠷᠢᠨ ᠭᠦᠢᠴᠡᠳ ᠬᠠᠩᠭᠠᠭᠰᠠᠨ ᠪᠤᠶᠤ ᠪᠦᠷᠢᠨ | ᠭᠦᠢᠴᠡᠳ ᠨᠥᠬᠦᠪᠦᠷᠢᠯᠡᠭᠰᠡᠨ᠃ | ︵ᠬᠤᠶᠠᠷ︶ ᠥᠯᠥ ᠵᠥᠪᠰᠢᠶᠡᠷᠡᠬᠦ ᠪᠠᠶᠢᠳᠠᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ᠃ | 2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠪᠣᠳᠠᠲᠠᠢ ᠲᠠᠢ ᠨᠡᠶᠢᠴᠡᠬᠦ ᠦᠭᠡᠢ᠃ | ︵ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ | ᠬᠡᠮᠵᠢᠶᠡᠨ ᠤ ᠬᠢᠵᠠᠭᠠᠷᠯᠠᠯ ᠦᠭᠡᠢ᠃ | | ᠲᠣᠭᠲᠠᠭᠠᠭᠰᠠᠨ ᠦᠨᠳᠦᠰᠦᠯᠡᠯ | ︽ᠡᠵᠡᠩᠨᠡᠯᠲᠡ ᠶᠢᠨ ᠴᠢᠨᠠᠷᠲᠠᠢ ᠲᠣᠭᠯᠠᠯᠲᠠ ᠶᠢᠨ ᠬᠠᠮᠢᠶᠠᠷᠤᠯᠲᠠ ᠶᠢᠨ ᠳᠦᠷᠢᠮ︾ ︵2008 ᠣᠨ ᠤ 7 | ᠰᠠᠷ᠎ᠠ ᠶᠢᠨ 22 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 528 ᠳ᠋ᠤᠭᠠᠷ ᠲᠣᠭᠠᠲᠤ᠂ 2016 | ᠣᠨ ᠤ 2 ᠰᠠᠷ᠎ᠠ ᠶᠢᠨ 6 ᠤ ᠡᠳᠦᠷ ᠵᠠᠰᠠᠪᠤᠷᠢ ᠣᠷᠣᠭᠤᠯᠤᠭᠰᠠᠨ︶ ᠤᠨ ᠠᠷᠪᠠᠨ ᠭᠤᠷᠪᠠᠳᠤᠭᠠᠷ ᠵᠤᠷᠪᠤᠰ᠄ | ᠡᠵᠡᠩᠨᠡᠯᠲᠡ ᠶᠢᠨ ᠴᠢᠨᠠᠷᠲᠠᠢ ᠲᠣᠭᠯᠠᠯᠲᠠ ᠡᠷᠭᠢᠯᠡᠬᠦ ᠳᠤ ᠲᠣᠭᠯᠠᠯᠲᠠ ᠭᠠᠷᠭᠠᠬᠤ ᠭᠠᠵᠠᠷ ᠤᠨ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ | ᠭᠠᠷᠭᠠᠬᠤ ᠬᠡᠷᠡᠭᠲᠡᠢ᠃ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠭᠤᠶᠤᠴᠢᠯᠠᠯ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠡᠳᠦᠷ ᠠᠴᠠ ᠡᠬᠢᠯᠡᠨ 3 | ᠡᠳᠦᠷ ᠤᠨ ᠳᠣᠲᠣᠷ᠎ᠠ ᠲᠣᠭᠲᠠᠭᠠᠯ ᠭᠠᠷᠭᠠᠬᠤ ᠬᠡᠷᠡᠭᠲᠡᠢ᠃ ᠲᠤᠰ ᠳᠦᠷᠢᠮ ᠤᠨ ᠬᠤᠷᠢᠨ ᠲᠠᠪᠤᠳᠤᠭᠠᠷ ᠵᠤᠷᠪᠤᠰ ᠤᠨ | ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠣᠯᠭᠤᠨ᠎ᠠ᠃ ᠲᠣᠰ ᠳᠦᠷᠢᠮ ᠤᠨ | ᠬᠤᠷᠢᠨ ᠲᠠᠪᠤᠳᠤᠭᠠᠷ ᠵᠤᠷᠪᠤᠰ ᠤᠨ ᠲᠣᠭᠲᠠᠭᠠᠯ ᠳᠤ ᠨᠡᠶᠢᠴᠡᠬᠦ ᠦᠭᠡᠢ ᠶᠢ ᠨᠢ ᠵᠥᠪᠰᠢᠶᠡᠷᠡᠬᠦ ᠦᠭᠡᠢ᠂ | ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢ ᠲᠣᠳᠣᠷᠬᠠᠶᠢᠯᠠᠨ᠎ᠠ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 46 — | 50 ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2 ᠪᠤᠶᠤ 3 ᠳ᠋ᠤᠭᠠᠷ | ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ | ᠪᠠᠭᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=bb4497086b113f41016b12d2f1841108®ionCode=150421000000&highlight=personal&record=istrue |