ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ | 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ | ᠬᠡᠪᠴᠢᠶᠡᠨ ᠳᠤ ᠬᠠᠷᠢᠶᠠᠯᠠᠭᠳᠠᠬᠤ᠃ | 2. ᠭᠤᠶᠤᠴᠢᠯᠠᠭᠴᠢ ᠶᠢᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ | ᠱᠠᠭᠠᠷᠳᠠᠯᠭ᠎ᠠ ᠳᠤ ᠨᠡᠶᠢᠴᠡᠨ᠎ᠡ᠃ | 3. ᠭᠤᠶᠤᠴᠢᠯᠠᠭᠴᠢ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠤ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠢ ᠪᠦᠷᠢᠨ | ᠭᠦᠢᠴᠡᠳ ᠬᠠᠩᠭᠠᠭᠰᠠᠨ ᠪᠤᠶᠤ ᠪᠦᠷᠢᠨ ᠭᠦᠢᠴᠡᠳ ᠨᠥᠬᠦᠪᠦᠷᠢᠯᠡᠭᠰᠡᠨ᠃ | ︵ᠬᠤᠶᠠᠷ︶ ᠦᠯᠦ ᠵᠥᠪᠰᠢᠶᠡᠷᠡᠬᠦ ᠪᠠᠶᠢᠳᠠᠯ᠄ | 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ | ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ᠃ | 2 . ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠪᠣᠳᠠᠲᠠᠢ ᠲᠠᠢ ᠨᠡᠶᠢᠴᠡᠬᠦ | ᠦᠭᠡᠢ᠃ | ︵ᠭᠤᠷᠪᠠ︶ ᠲᠣᠳᠣᠷᠬᠠᠶᠢᠯᠠᠬᠤ ᠴᠢᠬᠤᠯᠠᠲᠠᠢ ᠪᠤᠰᠤᠳ ᠪᠠᠶᠢᠳᠠᠯ᠄ | ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠪᠠᠶᠢᠬᠤ ᠦᠭᠡᠢ᠃ | | ᠲᠣᠭᠲᠠᠭᠠᠭᠰᠠᠨ ᠦᠨᠳᠦᠰᠦᠯᠡᠯ | 【 ᠵᠠᠰᠠᠭ ᠵᠠᠬᠢᠷᠭᠠᠨ ᠤ ᠬᠠᠤᠯᠢ ᠲᠣᠭᠲᠠᠭᠠᠯ】 ︽ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ | ᠳᠦᠷᠢᠮ︾ ︵2009 ᠣᠨ ᠤ 1 ᠰᠠᠷ᠎ᠠ ᠶᠢᠨ 21 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ 47 | ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯᠳᠤᠭᠠᠨ ᠠᠴᠠ ᠪᠠᠲᠤᠯᠠᠵᠤ᠂ 2009 ᠣᠨ ᠤ 2 ᠰᠠᠷ᠎ᠠ ᠶᠢᠨ 20 ᠤ | ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ | 550 ᠳ᠋ᠤᠭᠠᠷ ᠲᠣᠭᠠᠲᠤ ᠪᠠᠷ ᠨᠡᠶᠢᠲᠡᠯᠡᠵᠦ᠂ 2017 ᠣᠨ ᠤ 3 ᠰᠠᠷ᠎ᠠ ᠶᠢᠨ 1 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠵᠠᠷᠯᠢᠭ 676 ᠳ᠋ᠤᠭᠠᠷ ᠲᠣᠭᠠᠲᠤ ᠪᠠᠷ ᠨᠡᠶᠢᠲᠡᠯᠡᠭᠰᠡᠨ ︽ᠬᠡᠰᠡᠭ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠲᠣᠭᠲᠠᠭᠠᠯ︾ ᠬᠤᠶᠠᠳᠠᠭᠢ ᠤᠳᠠᠭ᠎ᠠ ᠵᠠᠰᠠᠪᠤᠷᠢ ᠣᠷᠣᠭᠤᠯᠤᠭᠰᠠᠨ︶ ᠤᠨ ᠠᠷᠪᠠᠳᠤᠭᠠᠷ ᠵᠤᠷᠪᠤᠰ᠂ | ᠵᠢᠭᠤᠯᠴᠢᠯᠠᠯ ᠤᠨ ᠭᠠᠵᠠᠷ ᠬᠤᠪᠢᠶᠠᠷᠢ ᠦᠢᠯᠡᠴᠢᠯᠡᠭᠡᠨ ᠤ ᠭᠠᠵᠠᠷ ᠪᠠᠶᠢᠭᠤᠯᠬᠤ ᠳᠤ᠂ ᠵᠢᠭᠤᠯᠴᠢᠯᠠᠯ ᠤᠨ ᠭᠠᠵᠠᠷ ᠨᠢ | ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠨ ᠬᠠᠭᠤᠯᠪᠤᠷᠢ ᠳᠡᠪᠲᠡᠷ ᠢᠶᠠᠨ ᠠᠪᠴᠤ | ᠬᠤᠪᠢᠶᠠᠷᠢ ᠦᠢᠯᠡᠴᠢᠯᠡᠭᠡᠨ ᠤ ᠭᠠᠵᠠᠷ ᠤᠨ ᠪᠠᠶᠢᠭ᠎ᠠ ᠭᠠᠵᠠᠷ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠠᠶᠢᠭᠤᠯᠬᠤ ᠳᠠᠩᠰᠠᠯᠠᠯᠲᠠ ᠬᠢᠯᠭᠡᠬᠦ ᠬᠡᠷᠡᠭᠲᠡᠢ ᠪᠥᠭᠡᠳ ᠪᠠᠶᠢᠭᠤᠯᠬᠤ | ᠳᠠᠩᠰᠠᠯᠠᠯᠲᠠ ᠬᠢᠭᠰᠡᠨ ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ ᠬᠤᠪᠢᠶᠠᠷᠢ ᠦᠢᠯᠡᠴᠢᠯᠡᠭᠡᠨ ᠤ | ᠭᠠᠵᠠᠷ ᠤᠨ ᠪᠠᠶᠢᠭ᠎ᠠ ᠭᠠᠵᠠᠷ ᠤᠨ ᠵᠢᠭᠤᠯᠴᠢᠯᠠᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠳᠠᠩᠰᠠᠯᠠᠭᠤᠯᠬᠤ ᠬᠡᠷᠡᠭᠲᠡᠢ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 46 — | 49 ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2 ᠪᠤᠶᠤ 3 ᠳ᠋ᠤᠭᠠᠷ | ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ | ᠪᠠᠭᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=ff80808175fe29ad01760259c9b17b6e®ionCode=150421000000&highlight=personal&record=istrue |