ᠬᠦᠯᠢᠶᠡᠨ ᠰᠢᠢᠳᠪᠦᠷᠢᠯᠡᠬᠦ ᠨᠥᠬᠦᠴᠡᠯ | ᠬᠠᠤᠯᠢ ᠴᠠᠭᠠᠵᠠ ᠶᠢᠨ ᠲᠤᠰᠠᠯᠠᠮᠵᠢ ᠬᠦᠷᠲᠡᠬᠦ ᠡᠲᠡᠭᠡᠳ | ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠪᠠᠲᠤᠯᠠᠬᠤ ᠶᠢᠨ ᠲᠥᠯᠥᠭᠡ ᠬᠠᠪᠰᠤᠷᠤᠯᠭ᠎ᠠ ᠬᠦᠷᠲᠡᠬᠦ | ᠴᠢᠬᠤᠯᠠᠲᠠᠢ ᠴᠦ ᠠᠵᠤ ᠠᠬᠤᠢ ᠶᠢᠨ ᠬᠦᠴᠢᠷᠳᠡᠯ ᠠᠴᠠ ᠪᠣᠯᠵᠤ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠦᠢᠳᠬᠡᠯ ᠢ ᠳᠥᠯᠥᠬᠦ ᠴᠢᠳᠠᠪᠤᠷᠢ ᠦᠭᠡᠢ ᠠᠷᠠᠳ ᠢᠷᠭᠡᠨ᠃ ᠵᠠᠭᠠᠯᠳᠤᠭᠳᠠᠭᠴᠢ ᠨᠢ ᠰᠣᠬᠤᠷ᠂ ᠳᠦᠯᠡᠢ᠂ ᠶᠠᠪᠠ᠂ | ᠵᠡᠮᠳᠡᠭ ᠬᠥᠮᠥᠨ ᠪᠤᠶᠤ ᠨᠠᠰᠤᠨ ᠳᠤ ᠦᠯᠦ ᠬᠦᠷᠦᠭᠰᠡᠦᠠ ᠮᠥᠷᠲᠡᠭᠡᠨ ᠥᠮᠥᠭᠯᠡᠭᠴᠢ ᠳᠤ ᠨᠠᠶᠢᠳᠠᠭᠰᠠᠨ ᠦᠭᠡᠢ᠃ | ᠵᠠᠭᠠᠯᠳᠤᠭᠳᠠᠭᠴᠢ ᠠᠯᠠᠬᠤ ᠡᠷᠡᠭᠦᠦ ᠪᠠᠷ ᠰᠢᠢᠳᠬᠡᠭᠳᠡᠬᠦ ᠪᠣᠯᠣᠯᠴᠠᠭ᠎ᠠ ᠲᠠᠢ ᠴᠦ ᠥᠮᠥᠭᠯᠡᠭᠴᠢ ᠳᠤ ᠨᠠᠶᠢᠳᠠᠭᠰᠠᠨ ᠦᠭᠡᠢ | ᠃ ᠠᠷᠠᠳ ᠤᠨ ᠰᠢᠭᠦᠬᠦ ᠬᠤᠷᠢᠶᠠᠨ ᠠᠴᠠ ᠥᠮᠥᠭᠯᠡᠬᠦ ᠪᠠᠷ ᠵᠢᠭᠠᠨ ᠲᠣᠭᠲᠠᠭᠠᠭᠰᠠᠨ ᠪᠤᠰᠤᠳ ᠡᠷᠡᠭᠦᠦ ᠶᠢᠨ ᠬᠡᠷᠡᠭ ᠤᠨ | ᠵᠠᠭᠠᠯᠳᠤᠭᠳᠠᠭᠴᠢ᠃ | ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ | 1. ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠰᠠᠨ ᠤᠴᠢᠷ ᠰᠢᠯᠲᠠᠭᠠᠨ ᠨᠢ ᠠᠷᠤ ᠬᠤᠷᠴᠢᠨ | ᠬᠤᠰᠢᠭᠤᠨ ᠤ ᠬᠠᠷᠢᠶ᠎ᠠ ᠣᠷᠣᠨ ᠳᠤ ᠡᠭᠦᠰᠦᠭᠰᠡᠨ ᠪᠥᠭᠡᠳ ᠠᠷᠤ ᠬᠤᠷᠴᠢᠨ ᠬᠤᠰᠢᠭᠤᠨ ᠤ ᠰᠢᠭᠦᠬᠦ ᠬᠤᠷᠢᠶ᠎ᠠ ᠵᠢᠴᠢ | ᠪᠤᠰᠤᠳ ᠪᠠᠶᠢᠭᠤᠯᠤᠮᠵᠢ ᠶᠢᠨ ᠬᠠᠷᠢᠶᠠᠯᠠᠯ ᠳᠤ ᠬᠠᠷᠢᠶᠠᠯᠠᠭᠳᠠᠨ᠎ᠠ᠃ | 2. ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠪᠠᠲᠤᠯᠠᠬᠤ ᠬᠠᠤᠯᠢ ᠴᠠᠭᠠᠵᠠ ᠶᠢᠨ ᠲᠤᠰᠠᠯᠠᠮᠵᠢ | ᠬᠦᠷᠲᠡᠬᠦ ᠱᠠᠭᠠᠷᠳᠠᠯᠭ᠎ᠠ ᠲᠠᠢ ᠪᠠᠶᠢᠬᠤ ᠶᠢ ᠭᠡᠷᠡᠴᠢᠯᠡᠬᠦ ᠭᠦᠢᠴᠡᠳ ᠰᠢᠯᠲᠠᠭᠠᠨ᠂ ᠭᠡᠷᠡᠴᠢ ᠪᠠᠷᠢᠮᠲᠠ ᠲᠠᠢ ᠮᠥᠷᠲᠡᠭᠡᠨ | ᠡᠷᠬᠡ ᠪᠠᠨ ᠪᠡᠶᠡᠯᠡᠭᠦᠯᠬᠦ ᠪᠣᠯᠣᠯᠴᠠᠭ᠎ᠠ ᠲᠠᠢ ᠪᠠᠶᠢᠬᠤ᠃ | 3. ᠠᠵᠤ ᠠᠬᠤᠢ ᠶᠢᠨ ᠬᠦᠴᠢᠷᠳᠡᠯ ᠠᠴᠠ ᠪᠣᠯᠵᠤ ᠬᠠᠤᠯᠢ ᠴᠠᠭᠠᠵᠠ ᠶᠢᠨ ᠦᠢᠯᠡᠴᠢᠯᠡᠭᠡᠨ ᠤ ᠵᠠᠷᠤᠳᠠᠯ ᠢ | ᠲᠦᠯᠦᠭᠦ ᠴᠢᠳᠠᠪᠤᠷᠢ ᠦᠭᠡᠢ ᠪᠤᠶᠤ ᠲᠥᠯᠥᠬᠦ ᠪᠦᠷᠢᠨ ᠴᠢᠳᠠᠪᠤᠷᠢ ᠦᠭᠡᠢ ᠪᠠᠶᠢᠬᠤ᠃ | ᠠᠷᠠᠳ ᠢᠷᠭᠡᠨ ᠤ ᠠᠵᠤ ᠠᠬᠤᠢ ᠶᠢᠨ ᠬᠦᠴᠢᠷᠳᠡᠯ ᠤᠨ ᠪᠠᠷᠢᠮᠵᠢᠶ᠎ᠠ | 1. ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠴᠠᠯᠢᠩ ᠪᠣᠯᠣᠨ | ᠮᠠᠯᠴᠢᠨ ᠲᠠᠷᠢᠶᠠᠴᠢᠨ ᠤ ᠵᠢᠯ ᠤᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠠᠴᠠ ᠳᠣᠣᠷ᠎ᠠ ᠪᠠᠶᠢᠬᠤ᠃ | 2. ᠪᠠᠶᠢᠭᠠᠯᠢ ᠶᠢᠨ ᠭᠠᠮᠰᠢᠭ ᠪᠤᠶᠤ ᠪᠤᠰᠤᠳ ᠬᠤᠷᠢᠭᠯᠠᠭᠳᠠᠰᠢ ᠦᠭᠡᠢ ᠬᠦᠴᠦᠨ ᠵᠡᠷᠭᠡ ᠰᠢᠯᠲᠠᠭᠠᠨ ᠠᠴᠠ | ᠠᠵᠤ ᠠᠬᠤᠢ ᠨᠢ ᠬᠦᠴᠢᠷᠳᠡᠯ ᠲᠠᠢ ᠪᠣᠯᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠰᠦᠢᠳᠬᠡᠯ ᠥᠭᠬᠦ ᠴᠢᠳᠠᠯ | ᠦᠭᠡᠢ ᠪᠣᠯᠣᠭᠰᠠᠨ ᠢ ᠠᠵᠤ ᠠᠬᠤᠢ ᠬᠦᠴᠢᠷᠳᠡᠯ ᠲᠠᠢ ᠪᠠᠷ ᠦᠵᠡᠨ᠎ᠡ᠃ | ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠪᠴᠢᠶ᠎ᠡ | ︽ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ︾ ᠤᠨ ᠲᠣᠭᠲᠠᠭᠠᠯ ᠢ ᠦᠨᠳᠦᠰᠦᠯᠡᠪᠡᠯ᠂ ᠠᠷᠠᠳ | ᠢᠷᠭᠡᠨ ᠳᠣᠣᠷ᠎ᠠ ᠵᠢᠭᠰᠠᠭᠠᠭᠰᠠᠨ ᠲᠥᠯᠥᠭᠡᠯᠡᠬᠦ ᠴᠢᠬᠤᠯᠠᠲᠠᠢ ᠵᠦᠢᠯᠡᠰ ᠲᠤ ᠠᠵᠤ ᠠᠬᠤᠢ ᠶᠢᠨ ᠬᠦᠴᠢᠷᠳᠡᠯ ᠠᠴᠠ | ᠪᠣᠯᠵᠤ ᠲᠥᠯᠥᠭᠡᠨ ᠤ ᠬᠥᠮᠥᠨ ᠳᠤ ᠨᠠᠶᠢᠳᠠᠭᠰᠠᠨ ᠦᠭᠡᠢ ᠪᠣᠯ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠠᠶᠢᠭᠤᠯᠤᠮᠵᠢ ᠠᠴᠠ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠵᠤ ᠪᠣᠯᠣᠨ᠎ᠠ᠄ | 1. ᠬᠠᠤᠯᠢ ᠶᠣᠰᠣᠭᠠᠷ ᠤᠯᠤᠰ ᠤᠨ ᠲᠥᠯᠥᠪᠦᠷᠢ ᠭᠤᠶᠤᠴᠢᠯᠠᠭᠰᠠᠨ᠃ | 2. ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠪᠤᠶᠤ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠬᠠᠷᠠᠭᠠᠯᠵᠠᠯ ᠣᠯᠭᠤᠬᠤ ᠶᠢ ᠭᠤᠶᠤᠴᠢᠯᠠᠭᠰᠠᠨ᠃ | 3. ᠠᠰᠠᠷᠠᠮᠵᠢ ᠶᠢᠨ ᠮᠥᠩᠭᠦ᠂ ᠲᠡᠳᠬᠦᠮᠵᠢ ᠶᠢᠨ ᠮᠥᠩᠭᠦ ᠭᠤᠶᠤᠴᠢᠯᠠᠭᠰᠠᠨ᠃ | 4. ᠠᠴᠢᠯᠠᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ᠂ ᠲᠡᠳᠬᠦᠨ ᠲᠡᠵᠢᠭᠡᠬᠦ ᠵᠠᠷᠤᠳᠠᠯ | ᠭᠤᠶᠤᠴᠢᠯᠠᠭᠰᠠᠨ᠃ | 5. ᠬᠥᠳᠡᠯᠮᠦᠷᠢ ᠶᠢᠨ ᠬᠥᠯᠥᠰᠦ ᠣᠯᠭᠤᠮᠵᠢ ᠭᠤᠶᠤᠴᠢᠯᠠᠭᠰᠠᠨ᠃ | 6. ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠦᠢᠯᠡ ᠠᠵᠢᠯᠯᠠᠭ᠎ᠠ ᠠᠴᠠ ᠪᠣᠯᠵᠤ | ᠡᠭᠦᠰᠦᠭᠰᠡᠨ ᠢᠷᠭᠡᠨ ᠤ ᠬᠡᠷᠡᠭ ᠤᠨ ᠡᠷᠬᠡ ᠠᠰᠢᠭ᠃ | 7. ᠬᠠᠤᠯᠢ ᠴᠠᠭᠠᠵᠠ ᠶᠢᠨ ᠲᠤᠰᠠᠯᠠᠮᠵᠢ ᠬᠦᠷᠲᠡᠬᠦ ᠴᠢᠬᠤᠯᠠᠲᠠᠢ ᠪᠤᠰᠤᠳ ᠬᠠᠤᠯᠢ ᠴᠠᠭᠠᠵᠠ ᠶᠢᠨ ᠬᠡᠷᠡᠭ | ᠶᠠᠪᠤᠳᠠᠯ᠃ | | ᠲᠣᠭᠲᠠᠭᠠᠭᠰᠠᠨ ᠦᠨᠳᠦᠰᠦᠯᠡᠯ | 【 ᠵᠠᠰᠠᠭ ᠵᠠᠬᠢᠷᠭᠠᠨ ᠤ ᠬᠠᠤᠯᠢ ᠲᠣᠭᠲᠠᠭᠠᠯ】︽ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ︾ ︵ | ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 385 ᠳ᠋ᠤᠭᠠᠷ ᠲᠣᠭᠠᠲᠤ︶ ᠤᠨ ᠠᠷᠪᠠᠨ ᠨᠠᠢᠮᠠᠳᠤᠭᠠᠷ ᠵᠤᠷᠪᠤᠰ᠂ | ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠶᠤᠴᠢᠯᠠᠯ ᠢ | ᠣᠯᠣᠭᠰᠠᠨ ᠤ ᠲᠠᠷᠠᠭ᠎ᠠ ᠬᠢᠨᠠᠨ ᠪᠠᠶᠢᠴᠠᠭᠠᠬᠤ ᠬᠡᠷᠡᠭᠲᠡᠢ᠃ ᠭᠤᠶᠤᠴᠢᠯᠠᠭᠴᠢ ᠶᠢᠨ ᠳᠡᠪᠰᠢᠭᠦᠯᠦᠭᠰᠡᠨ ᠦᠨᠡᠮᠯᠡᠯ᠂ | ᠭᠡᠷᠡᠴᠢᠯᠡᠬᠦ ᠮᠠᠲ᠋ᠧᠷᠢᠶᠠᠯ ᠨᠢ ᠪᠦᠷᠢᠨ ᠭᠦᠢᠴᠡᠳ ᠪᠤᠰᠤ ᠭᠡᠵᠦ ᠦᠵᠡᠪᠡᠯ᠂ ᠴᠢᠬᠤᠯᠠ ᠪᠦᠬᠦᠢ ᠨᠥᠬᠦᠪᠦᠷᠢ ᠪᠤᠶᠤ | ᠲᠣᠳᠣᠷᠬᠠᠶᠢᠯᠠᠯᠲᠠ ᠬᠢᠯᠭᠡᠬᠦ ᠪᠠᠷ ᠭᠤᠶᠤᠴᠢᠯᠠᠭᠴᠢ ᠳᠤ ᠱᠠᠭᠠᠷᠳᠠᠵᠤ᠂ ᠭᠤᠶᠤᠴᠢᠯᠠᠭᠴᠢ ᠱᠠᠭᠠᠷᠳᠠᠯᠭ᠎ᠠ ᠶᠣᠰᠣᠭᠠᠷ | ᠨᠥᠬᠦᠪᠦᠷᠢ ᠪᠤᠶᠤ ᠲᠣᠳᠣᠷᠬᠠᠶᠢᠯᠠᠯᠲᠠ ᠬᠢᠭᠰᠡᠨ ᠦᠭᠡᠢ ᠪᠣᠯ ᠭᠤᠶᠤᠴᠢᠯᠠᠯ ᠢᠶᠠᠨ ᠬᠦᠴᠦᠨ ᠦᠭᠡᠢ ᠪᠣᠯᠭᠠᠭᠰᠠᠨ ᠢᠶᠠᠷ | ᠪᠤᠳᠤᠨ᠎ᠠ᠃ ᠭᠤᠶᠤᠴᠢᠯᠠᠭᠴᠢ ᠶᠢᠨ ᠲᠤᠰᠢᠶᠠᠭᠰᠠᠨ ᠦᠨᠡᠮᠯᠡᠯ᠂ ᠭᠡᠷᠡᠴᠢᠯᠡᠬᠦ ᠮᠠᠲ᠋ᠧᠷᠢᠶᠠᠯ ᠢ ᠪᠠᠶᠢᠴᠠᠭᠠᠨ ᠲᠣᠳᠣᠯᠠᠬᠤ | ᠴᠢᠬᠤᠯᠠᠲᠠᠢ ᠭᠡᠵᠦ ᠦᠵᠡᠪᠡᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ ᠬᠤᠯᠪᠣᠭᠳᠠᠯ ᠪᠦᠬᠦᠢ | ᠪᠠᠶᠢᠭᠤᠯᠭ᠎ᠠ᠂ ᠨᠢᠭᠡᠴᠢ ᠳᠤ ᠪᠠᠶᠢᠴᠠᠭᠠᠨ ᠲᠣᠳᠣᠯᠠᠯᠲᠠ ᠬᠢᠨ᠎ᠡ᠃ | ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠨᠥᠬᠦᠴᠡᠯ ᠳᠤ ᠨᠡᠶᠢᠴᠡᠭᠰᠡᠨ ᠪᠣᠯ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ ᠠᠴᠠ ᠴᠠᠭ ᠲᠤᠬᠠᠢ ᠳᠤᠨᠢ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠪᠠᠷ | ᠲᠣᠭᠲᠠᠭᠠᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠦᠭᠡᠢ ᠪᠣᠯ | ᠭᠤᠶᠤᠴᠢᠯᠠᠭᠴᠢ ᠳᠤ ᠤᠴᠢᠷ ᠰᠢᠯᠲᠠᠭᠠᠨ ᠢ ᠪᠢᠴᠢᠭ ᠢᠶᠠᠷ ᠮᠡᠳᠡᠭᠳᠡᠬᠦ ᠬᠡᠷᠡᠭᠲᠡᠢ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠲᠢᠶᠠᠨ ᠶᠤᠸᠠᠨ ᠶᠡᠭᠡ | ᠵᠡᠭᠡᠯᠢ ᠶᠢᠨ ᠡᠮᠦᠨ᠎ᠡ᠂ ᠲᠡᠮᠦᠷ ᠵᠠᠮ ᠤᠨ ᠬᠥᠭᠦᠷᠭᠡ ᠶᠢᠨ ᠵᠡᠭᠦᠨ ︵ᠱᠧᠦ ᠺᠠᠩ ᠢ ᠰᠤᠪᠢᠯᠠᠯᠲᠠ ᠶᠢᠨ | ᠬᠦᠷᠢᠶᠡᠯᠡᠩ ᠤᠨ ᠡᠮᠦᠨ᠎ᠡ ᠡᠭᠦᠳᠡᠨ ᠤ ᠶᠡᠭᠡ ᠲᠢᠩᠬᠢᠮ︶ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠤ | ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠥᠷᠲᠡᠭᠡᠨ ᠳᠤ ᠪᠠᠭᠤᠭᠰᠠᠨ ᠤ ᠳᠠᠷᠠᠭ᠎ᠠ ᠡᠮᠦᠨᠡᠰᠢ 1000 | ᠮᠧᠲᠷ ᠤᠨ ᠭᠠᠵᠠᠷ ︵ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠰᠢᠯᠭᠠᠨ ᠪᠠᠶᠢᠴᠠᠭᠠᠬᠤ ᠲᠥᠪ ᠤᠨ | ᠪᠠᠷᠠᠭᠤᠨ ᠲᠠᠯ᠎ᠠ ᠶᠢᠨ ᠵᠠᠰᠠᠮᠠᠯ ᠵᠠᠮ ᠢᠶᠠᠷ ᠡᠮᠦᠨᠡᠰᠢ ᠠᠰ ᠶᠠᠪᠤᠨ᠎ᠠ︶᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=ff80808175aab3dd0175ab0aa6ef03b0®ionCode=150421000000&highlight=personal&record=istrue |